ᠥᠪᠥᠷ ᠮᠣᠩᠭᠤᠯ ᠤᠨ ᠵᠦᠸᠧᠽᠢ ᠰᠢᠶᠠᠨ᠄ ᠬᠡᠷᠡᠯ ᠴᠡᠨᠡᠭ ᠤᠨ ᠲᠣᠤᠷ ᠨᠣᠭᠤᠭᠠᠨ ᠬᠠᠯᠬᠠᠪᠴᠢ ᠳᠤ ᠥᠩᠭᠡ ᠬᠡᠷᠡᠯ ᠨᠡᠮᠡᠷᠢᠯᠡᠨ᠎ᠡ
ᠨᠡᠶᠢᠲᠡᠯᠡᠭᠰᠡᠨ ᠴᠠᠭ᠄
2024/5/22
    ᠵᠢᠯᠣᠭᠤᠴᠢ ᠦᠭᠡᠢ ᠨᠢᠰᠬᠡᠯ ᠤᠨ ᠦᠵᠡᠬᠦ ᠪᠠᠷ᠂ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠵᠦᠸᠧᠽᠢ ᠰᠢᠶᠠᠨ ᠤ ᠬᠤᠶᠢᠲᠤ ᠬᠡᠰᠡᠭ ᠤᠨ ᠾᠧ ᠫᠢᠩ ᠲᠣᠰᠬᠤᠨ ᠤ ᠪᠠᠷᠠᠭᠤᠨᠲᠠᠢ᠂ ᠬᠤᠸᠠᠷ ᠫᠤᠤᠵᠢᠩ ᠳᠠᠯᠠᠢ ᠶᠢᠨ ᠬᠡᠷᠡᠯ ᠴᠡᠨᠡᠭ ᠤᠨ ᠲᠣᠤᠷ ᠨᠢᠭᠡ ᠬᠡᠰᠡᠭ ᠭᠦᠨ ᠬᠥᠬᠡ ᠥᠩᠭᠡᠲᠦ ᠡᠷᠳᠡᠨᠢ ᠰᠢᠭ ᠢᠶᠠᠷ ᠬᠥᠬᠡᠮᠳᠦᠭ ᠨᠣᠭᠤᠭᠠᠨ ᠠᠭᠤᠯᠠ ᠤᠰᠤᠨ ᠤ ᠳᠤᠮᠳᠠ ᠰᠢᠭᠢᠳᠬᠡᠭᠰᠡᠨ ᠪᠠᠶᠢᠨ᠎ᠠ᠃ ᠥᠩᠭᠡ ᠭᠢᠯᠪᠠᠭᠠᠨ ᠳᠣᠣᠷ᠎ᠠ᠂ ᠨᠣᠭᠤᠭᠠᠷᠠᠭᠤᠯᠵᠤ ᠥᠩᠭᠡᠷᠡᠭᠰᠡᠨ ︽ᠠᠯᠲᠠ ᠮᠥᠩᠭᠦᠨ ᠠᠭᠤᠯᠠ︾ ᠪᠣᠯᠤᠨ ᠭᠡᠷᠡᠯ ᠸᠣᠯᠲ ᠤᠨ ᠲᠣᠣᠷ ᠨᠢ ᠥᠩᠭᠡ  ᠢᠯᠭᠠᠷᠠᠮ᠎ᠠ ᠪᠠᠢᠵᠤ᠂ ︽ ᠵᠦᠸᠧᠽᠢ ᠶᠢᠨ ᠨᠣᠭᠤᠭᠠᠨ ᠬᠠᠯᠬᠠᠪᠴᠢ︾ ᠨᠢ ᠨᠡᠩ ᠭᠤᠶᠣ ᠰᠠᠢᠬᠠᠨ ᠪᠣᠯᠵᠠᠢ᠃    ᠡᠷᠭᠢᠯᠳᠦᠭᠡ ᠨᠢᠰᠬᠡᠯ ᠤᠨ ᠳᠠᠯᠠᠪᠴᠢ ᠶᠢ ᠳᠠᠭᠠᠵᠤ᠂ ᠵᠦᠸᠧᠽᠢ ᠰᠢᠶᠠᠨ ᠤ 3119 ᠲᠡᠭᠰᠢ ᠳᠥᠷᠪᠡᠯᠵᠢᠨ ᠺᠢᠯᠣᠮᠧᠳ᠋ᠷ ᠤᠨ ᠨᠤᠲᠤᠭ ᠳᠡᠪᠢᠰᠬᠡᠷ ᠳᠡᠭᠡᠷ᠎ᠡ᠂ ︽ᠬᠥᠬᠡ ᠡᠷᠳᠡᠨᠢ ᠴᠢᠯᠠᠭᠤ︾ ᠶᠢᠨ ᠪᠦᠷᠬᠦᠭᠰᠡᠨ ᠠᠭᠤᠯᠠ ᠳᠣᠣᠭᠤᠷ ᠂ ᠭᠠᠵᠠᠷ ᠪᠣᠯᠭᠠᠨ ᠳᠤ ᠡᠪᠡᠰᠦ ᠮᠣᠳᠣ ᠳᠡᠯᠭᠡᠷᠡᠵᠦ᠂ ᠥᠩᠭᠡ ᠢᠯᠭᠠᠷᠠᠨ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠡᠨᠡ ᠪᠣᠯ ᠵᠦᠸᠧᠽᠢ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ︽ᠲᠠᠪᠤᠨ ᠶᠡᠭᠡ ᠡᠭᠦᠷᠭᠡ︾᠂ ︽ᠵᠢᠷᠭᠤᠭᠠᠨ ᠶᠡᠭᠡ ᠢᠨᠵᠧᠨᠧᠷᠢᠩ︾ ᠢ ᠭᠦᠨᠵᠡᠭᠡᠢ ᠦᠢᠯᠡᠳᠦᠯᠭᠡᠵᠢᠭᠦᠯᠵᠦ᠂ ᠭᠡᠷᠡᠯ ᠴᠡᠨᠡᠭ ᠢᠶᠠᠷ ᠡᠯᠡᠰᠦ ᠶᠢ ᠵᠠᠰᠠᠬᠤ ᠠᠷᠭ᠎ᠠ ᠬᠡᠮᠵᠢᠶ᠎ᠡ ᠠᠪᠴᠤ᠂ ᠤᠮᠠᠷᠠᠲᠤ ᠬᠢᠯᠢ ᠶᠢᠨ ᠪᠣᠬᠢᠷᠲᠤᠯ ᠦᠭᠡᠢ ᠠᠮᠢ ᠠᠬᠤᠢ ᠶᠢᠨ ᠬᠠᠯᠬᠠᠪᠴᠢ ᠳᠤ ᠨᠡᠮᠡᠵᠦ ᠥᠭᠭᠦᠭᠰᠡᠨ ︽ᠬᠢᠯᠪᠠᠭ᠎ᠠ︾ ᠪᠣᠯᠤᠨ᠎ᠠ᠃    ᠵᠦᠸᠧᠽᠢ ᠰᠢᠶᠠᠨ ᠪᠣᠯ ᠭᠠᠩ ᠬᠠᠭᠤᠷᠠᠶ ᠪᠣᠷᠣᠭᠠᠨ ᠪᠠᠭ᠎ᠠ ᠠᠭᠤᠯᠠᠷᠬᠠᠭ ᠣᠷᠣᠨ ᠮᠥᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠪᠦᠬᠦ ᠰᠢᠶᠠᠨ ᠢᠶᠠᠷ ᠢᠶᠠᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠶᠡᠬᠡᠪᠡᠷ ᠡᠪᠡᠰᠦ ᠮᠣᠳᠣ ᠲᠠᠷᠢᠵᠤ᠂ ᠵᠣᠩᠬᠢᠯᠠᠬᠤ ᠤᠯᠠᠨ ᠲᠣᠭᠠᠨ ᠤ ᠬᠤᠪᠠᠭ᠋ᠠᠢ ᠠᠭᠤᠯᠠ ᠬᠤᠵᠢᠭᠢᠷ ᠬᠥᠲᠥᠯ ᠢ ᠨᠣᠭᠤᠭᠠᠷᠠᠭᠤᠯᠪᠠ᠃ ᠭᠡᠲᠡᠯ᠎ᠡ ᠨᠡᠯᠢᠶᠡᠳ ᠣᠯᠠᠨ ᠡᠯᠡᠰᠦᠷᠬᠡᠭ ᠭᠠᠵᠠᠷ ᠤᠨ ᠣᠢ ᠮᠣᠳᠣ ᠨᠢ ᠡᠳᠡᠭᠡᠷᠡᠬᠦ ᠳᠤ ᠪᠡᠷᠬᠡ ᠪᠣᠯᠬᠤᠷ ᠨᠣᠭᠤᠭᠠᠷᠠᠭᠤᠯᠤᠭᠰᠠᠨ ᠭᠠᠵᠠᠷ ᠨᠢ ᠪᠣᠯᠵᠠᠢ᠃ ᠡᠶᠢᠮᠦᠷᠬᠦᠦ ︽ᠳᠤᠲᠠᠭᠤᠳᠠᠯ︾ ᠢ ᠭᠦᠢᠴᠡᠳ ᠨᠥᠬᠦᠪᠥᠷᠢᠯᠡᠬᠦ ᠶᠢᠨ ᠲᠥᠯᠥᠭᠡ᠂ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠵᠤ᠂ ᠵᠦᠸᠧᠽᠢ ᠭᠠᠵᠠᠷ ᠣᠷᠣᠨ ᠤ ᠨᠡᠷᠡᠨ ᠭᠡᠷᠡᠯ ᠭᠦᠢᠴᠡᠳ ᠪᠠᠶᠢᠭᠠᠯᠢ ᠶᠢᠨ ᠳᠠᠪᠠᠭᠤᠯᠢᠭ ᠢ ᠭᠦᠢᠴᠡᠳ ᠠᠰᠢᠭᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠭᠡᠷᠡᠯ ᠴᠡᠨᠡᠭ ᠢᠶᠠᠷ ᠡᠯᠡᠰᠦ ᠶᠢ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠨᠠᠷᠠᠨ ᠤ ᠭᠡᠷᠡᠯ ᠢ ᠠᠰᠢᠭᠯᠠᠵᠤ᠂ ᠡᠬᠡ ᠭᠠᠵᠠᠷ ᠤᠨ ᠨᠣᠭᠤᠭᠠᠷᠠᠭᠤᠯᠤᠯᠲᠠ ᠶᠢ ᠪᠠᠲᠤᠯᠠᠵᠤ᠂ ᠰᠠᠯᠬᠢ ᠡᠯᠡᠰᠦ ᠶᠢ ᠣᠨᠢᠰᠤᠯᠠᠬᠤ ᠶᠢᠨ ᠬᠠᠮᠲᠤ ᠡᠨᠧᠷᠭᠢ ᠶᠢ ᠨᠡᠭᠡᠭᠡᠨ ᠬᠥᠭᠵᠢᠭᠦᠯᠦᠨ᠎ᠡ᠃ ᠡᠭᠦᠨ ᠳᠤ ᠰᠠᠯᠬᠢᠨ ᠤ ᠢᠳᠡᠭᠳᠡᠯ ᠢᠶᠠᠷ ᠡᠯᠡᠰᠦᠷᠬᠡᠭᠵᠢᠭᠰᠡᠨ ᠭᠠᠵᠠᠷ ᠲᠤ ᠭᠡᠷᠡᠯ ᠴᠡᠨᠡᠭ ᠤᠨ ᠲᠣᠣᠷ᠂ ᠬᠡᠰᠡᠭ ᠢ ᠪᠠᠶᠢᠭᠤᠯᠵᠤ᠂ ᠰᠠᠯᠬᠢ ᠪᠠᠷ ᠡᠯᠡᠰᠦ ᠶᠢ ᠲᠣᠭᠲᠠᠪᠤᠷᠢᠵᠢᠭᠤᠯᠬᠤ᠂ ᠤᠰᠤᠨ ᠤ ᠠᠭᠤᠷᠰᠢᠯᠲᠠ ᠶᠢ ᠪᠠᠭᠠᠰᠬᠠᠬᠤ᠂ ᠡᠪᠡᠰᠦ ᠮᠣᠳᠣᠨ ᠤ ᠥᠰᠥᠯᠲᠡ ᠶᠢ ᠲᠤᠰᠠᠯᠠᠬᠤ ᠵᠡᠷᠭᠡ ᠢᠨᠵᠧᠨᠧᠷᠢᠩ ᠤᠨ ᠳᠠᠪᠠᠭᠤᠯᠢᠭ ᠢᠶᠠᠷ ᠳᠠᠮᠵᠢᠭᠤᠯᠤᠨ᠂ ᠡᠯᠡᠰᠦᠷᠬᠡᠭ ᠭᠠᠵᠠᠷ ᠤᠨ ᠴᠦᠯᠯᠡᠷᠭᠡᠭᠵᠢᠯ ᠢ ᠨᠣᠭᠤᠭᠠᠷᠠᠭᠤᠯᠬᠤ ᠶᠢᠨ ᠠᠷᠭ᠎ᠠ ᠦᠭᠡᠢ ᠪᠠᠶᠢᠬᠤ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠨ᠎ᠡ᠃ ᠬᠡᠳᠦᠨ ᠵᠢᠯ ᠤᠨ ᠲᠤᠷᠰᠢ᠂ ᠪᠦᠬᠦ ᠰᠢᠶᠠᠨ ᠢᠶᠠᠷ ᠢᠶᠠᠨ ᠹᠦ᠋ ᠰᠢᠩ ᠰᠢᠶᠠᠩ ᠤᠨ ᠯᠦᠩ ᠱᠧᠩ ᠳ᠋ᠧ ᠲᠣᠰᠬᠤᠨ᠂ ᠪᠠᠶᠠᠨᠰᠢᠯᠢ ᠪᠠᠯᠭᠠᠰᠤᠨ ᠤ ᠯᠠᠮᠠ ᠶᠢᠨ ᠺᠦᠩᠳᠠᠢ᠂ ᠵᠦᠸᠧᠽᠢ ᠱᠠᠨ ᠪᠠᠯᠭᠠᠰᠤᠨ ᠤ ᠾᠧ ᠫᠢᠩ ᠲᠣᠰᠬᠤᠨ ᠤ ᠪᠠᠷᠠᠭᠤᠨ᠂ ᠱᠢ ᠪᠠ ᠲᠠᠢ ᠪᠠᠯᠭᠠᠰᠤᠨ ᠤ ᠰᠢᠶᠣᠤ ᠱᠦᠢ ᠭᠸᠦ ᠵᠡᠷᠭᠡ ᠡᠯᠡᠰᠦᠨ ᠴᠦᠯ ᠤᠨ ᠡᠯᠡᠰᠦᠨ ᠴᠦᠯ ᠤᠨ ᠭᠠᠵᠠᠷ ᠲᠤ ᠭᠡᠷᠡᠯ ᠴᠡᠨᠡᠭ ᠤᠨ ᠲᠣᠣᠷ᠂ ᠥᠷᠲᠡᠭᠡ ᠶᠢ ᠪᠠᠶᠢᠭᠤᠯᠵᠤ᠂ ᠶᠡᠷᠦᠩᠬᠡᠢ ᠲᠠᠯᠠᠪᠠᠢ ᠨᠢ 1.2 ᠲᠦᠮᠡ ᠭᠠᠷᠤᠢ ᠮᠦ ᠪᠠᠶᠢᠨ᠎ᠠ᠃    ᠵᠦᠸᠧᠽᠢ ᠱᠠᠨ ᠪᠠᠯᠭᠠᠰᠤᠨ ᠤ ᠾᠧ ᠫᠢᠩ ᠰᠢ ᠲᠣᠰᠬᠤᠨ ᠤ ᠶᠡᠭᠡ ᠬᠡᠪᠴᠢᠶ᠎ᠡ ᠪᠠᠷ ᠠᠭᠤᠯᠠᠨ ᠨᠢᠷᠤᠭᠤ ᠨᠢ ᠬᠤᠯᠠ᠂ ᠭᠠᠵᠠᠷ ᠤᠨ ᠭᠠᠳᠠᠷᠭᠤ ᠨᠢ ᠭᠦᠢᠬᠡᠨ᠂ ᠴᠢᠯᠠᠭᠤᠯᠢᠭ ᠨᠢ ᠢᠯᠡ ᠪᠣᠯᠵᠤ᠂ ᠣᠶᠢᠵᠢᠭᠤᠯᠤᠯᠲᠠ ᠶᠢᠨ ᠠᠩᠭᠢ ᠣᠯᠠᠨ ᠤᠳᠠᠭ᠎ᠠ ᠠᠵᠢᠯᠯᠠᠵᠤ ᠥᠩᠭᠡᠷᠡᠭᠰᠡᠨ ᠪᠣᠯᠪᠠᠴᠤ ᠪᠦᠷ ᠬᠠᠶᠢᠷ ᠴᠢᠯᠠᠭᠤᠨ ᠤ ᠳᠠᠪᠬᠤᠷᠭ᠎ᠠ ᠳᠤ ᠠᠰᠢᠭ ᠦᠭᠡᠢ ᠠᠵᠢᠯ ᠠᠴᠠ ᠪᠣᠯᠵᠤ᠂ ᠵᠠᠶᠢᠯᠠᠭᠰᠠᠨ ᠮᠣᠳᠣ᠂ ᠨᠠᠯᠠᠤ ᠭᠠᠵᠠᠷ ᠤᠨ ᠡᠳᠡᠭᠡᠷᠡᠯᠲᠡ ᠶᠢᠨ ᠨᠤᠷᠮ᠎ᠠ ᠨᠢ ᠥᠨᠳᠥᠷ ᠪᠢᠰᠢ ᠪᠠᠶᠢᠪᠠ᠃ ᠲᠣᠰ ᠤᠳᠠᠭ᠎ᠠ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠬᠠᠮᠢᠶ᠎ᠠ ᠪᠥᠬᠦᠶ ᠠᠵᠤ ᠠᠬᠤᠶᠢᠯᠠᠯ ᠨᠢ ᠬᠠᠶᠢᠷ ᠴᠢᠯᠠᠭᠤᠨ ᠣᠷᠣᠨ ᠪᠦᠰᠡ ᠳᠤ ᠬᠡᠷᠡᠯ ᠴᠡᠨᠡᠭ ᠢ ᠲᠥᠯᠥᠪᠵᠢᠭᠦᠯᠵᠦ᠂ ᠵᠢᠷᠤᠵᠤ ᠲᠥᠯᠥᠪᠯᠡᠨ᠂ 10 ᠲᠦᠮᠡ ᠭᠠᠷᠤᠶ ᠬᠡᠰᠡᠭ ᠬᠡᠷᠡᠯ ᠴᠡᠨᠡᠭ ᠤᠨ ᠲᠣᠤᠷ ᠤᠨ ᠬᠠᠪᠲᠠᠰᠤ ᠤᠭᠰᠠᠷᠠᠵᠠᠶ᠃ ᠲᠣᠣᠷᠯᠢᠭ ᠬᠠᠪᠲᠠᠰᠤ ᠨᠡᠷᠡᠨ ᠤ ᠭᠡᠷᠡᠯ ᠢ ᠬᠠᠯᠬᠠᠯᠠᠵᠤ᠂ ᠬᠠᠪᠲᠠᠰᠤᠯᠢᠭ ᠳᠣᠣᠷ᠎ᠠ ᠪᠦᠷᠬᠦᠵᠦ᠂ ᠰᠡᠭᠦᠳᠡᠷ ᠲᠤ ᠳᠣᠣᠷᠠᠬᠢ ᠡᠯᠡᠰᠦᠷᠬᠡᠭ ᠭᠠᠵᠠᠷ ᠤᠨ ᠤᠰᠤ ᠶᠢ ᠬᠠᠳᠠᠭᠠᠯᠠᠵᠤ᠂ ᠡᠪᠡᠰᠦ ᠮᠣᠳᠣᠨ ᠤ ᠥᠰᠦᠯᠲᠡ ᠳᠤ ᠠᠰᠢᠭᠲᠠᠢ ᠨᠥᠬᠦᠴᠡᠯ ᠢ ᠪᠦᠷᠢᠯᠳᠦᠭᠦᠯᠵᠦ ᠥᠭᠴᠡᠢ᠃ ᠨᠣᠭᠤᠭᠠᠷᠠᠭᠤᠯᠤᠯᠲᠠ ᠶᠢᠨ ᠠᠵᠢᠯ ᠤᠨ ᠶᠠᠪᠤᠴᠠ ᠳᠤ᠂ ᠠᠵᠤ ᠠᠬᠤᠶᠢᠯᠠᠯ ᠨᠢ ᠭᠠᠩ ᠳᠤ ᠲᠡᠰᠪᠦᠷᠢᠲᠡᠢ ᠰᠢᠷ᠎ᠠ ᠬᠠᠷᠭᠠᠨ᠎ᠠ᠂ ᠴᠠᠷᠭᠠᠰᠤ᠂ ᠡᠪᠡᠰᠦ ᠮᠣᠳᠣᠨ ᠬᠡᠷ ᠵᠡᠷᠭᠡ ᠪᠤᠲᠠᠯᠢᠭ ᠮᠣᠳᠣ᠂ ᠲᠡᠵᠢᠭᠡᠯ ᠡᠪᠡᠰᠦᠨ ᠤ ᠦᠷ᠎ᠡ ᠶᠢ ᠮᠣᠳᠣᠨ ᠬᠠᠪᠲᠠᠰᠤ ᠪᠠᠷ ᠰᠠᠴᠤᠪᠠ᠃ ᠡᠨᠡ ᠵᠢᠯ ᠤᠨ ᠵᠤᠨ ᠪᠣᠯᠲᠠᠯ᠎ᠠ᠂ ᠰᠠᠯᠬᠢᠨ ᠳᠤ ᠢᠳᠡᠭᠳᠡᠨ ᠡᠯᠡᠰᠦᠵᠢᠭᠰᠡᠨ ᠣᠷᠣᠨ ᠨᠢ ᠭᠡᠷᠡᠯ ᠸᠣᠯᠲ ᠤᠨ ᠬᠡᠰᠡᠭ ᠤᠨ ᠬᠠᠪᠢ ᠶᠢᠨ ᠬᠠᠮᠠᠭᠠᠯᠠᠯᠲᠠ ᠪᠠᠷ ᠪᠦᠷ ᠡᠪᠡᠰᠦ ᠮᠣᠳᠣ ᠠᠯᠵᠢᠬᠤ ᠨᠣᠭᠤᠭᠠᠷᠠᠭᠤᠯᠤᠯᠲᠠ ᠶᠢᠨ ᠪᠦᠰᠡ ᠪᠣᠯᠵᠤ᠂ ᠠᠲᠠᠷᠰᠢᠭᠰᠠᠨ ᠠᠭᠤᠯᠠᠷᠬᠠᠭ ᠣᠷᠣᠨ᠂ ᠡᠯᠡᠰᠦᠷᠬᠡᠭ ᠭᠠᠵᠠᠷ ᠨᠢ ︽ᠲᠣᠯᠪᠣᠲᠤ︾ ᠨᠣᠮᠢᠨ ᠨᠣᠭᠤᠭᠠᠨ ᠪᠣᠯᠵᠠᠢ᠃    ᠭᠡᠷᠡᠯ ᠴᠡᠨᠡᠭ ᠢᠶᠠᠷ ᠡᠯᠡᠰᠦ ᠶᠢ ᠵᠠᠰᠠᠬᠤ ᠢᠨᠵᠧᠨᠧᠷᠢᠩ ᠢ ᠪᠡᠶᠡᠯᠡᠭᠦᠯᠬᠦ ᠶᠢᠨ ᠬᠠᠮᠲᠤ᠂ ᠪᠦᠬᠦ ᠰᠢᠶᠠᠨ ᠢᠶᠠᠷ ᠢᠶᠠᠨ ᠴᠡᠭ᠂ ᠨᠡᠶᠢᠳᠡᠮ ᠢ ᠤᠶᠠᠯᠳᠤᠭᠤᠯᠵᠤ᠂ ᠥᠨᠴᠥᠭ ᠪᠤᠯᠤᠩ ᠦᠯᠡᠳᠡᠭᠡᠬᠦ ᠦᠭᠡᠢ ᠵᠠᠰᠠᠬᠤ ᠠᠷᠭ᠎ᠠ ᠬᠡᠮᠵᠢᠶ᠎ᠡ ᠠᠪᠴᠤ᠂ ᠬᠥᠳᠡᠭᠡ ᠲᠣᠰᠬᠤᠨ ᠤ ᠦᠯᠡᠳᠡᠭᠳᠡᠯ ᠬᠦᠷᠢᠶ᠎ᠡ᠂ ᠭᠡᠷ ᠤᠨ ᠡᠮᠦᠨ᠎ᠡ ᠬᠤᠶᠢᠨᠠᠬᠢ ᠠᠲᠠᠷᠰᠢᠭᠰᠠᠨ ᠭᠠᠵᠠᠷ ᠲᠤ ᠨᠡᠷᠡᠨ ᠤ ᠡᠨᠧᠷᠭᠢ ᠶᠢᠨ ᠭᠡᠷᠡᠯ ᠴᠡᠨᠡᠭ ᠤᠨ ᠬᠡᠰᠡᠭ ᠤᠭᠰᠠᠷᠠᠵᠤ᠂ ᠬᠠᠪᠲᠠᠰᠤᠨ ᠳᠣᠣᠷ᠎ᠠ ᠴᠢᠴᠠᠷᠭᠠᠨ᠎ᠠ᠂ ᠬᠡᠭᠡᠷ᠎ᠡ ᠶᠢᠨ ᠰᠠᠷᠭᠠᠢ ᠴᠡᠴᠡᠭ ᠲᠠᠷᠢᠪᠠ᠃ ᠲᠣᠰ ᠠᠷᠭ᠎ᠠ ᠬᠡᠮᠵᠢᠶ᠎ᠡ ᠨᠢ ᠬᠡᠷᠡᠯ ᠴᠡᠨᠡᠭ ᠲᠤ ᠬᠡᠷᠡᠭᠯᠡᠬᠦ ᠭᠠᠵᠠᠷ ᠢ ᠮᠢᠩᠭᠠᠨ ᠮᠥ ᠠᠴᠠ ᠳᠡᠭᠡᠭᠰᠢ ᠠᠷᠪᠢᠯᠠᠭᠰᠠᠨ ᠪᠥᠭᠡᠳ ᠪᠠᠰᠠ ᠬᠥᠳᠡᠭᠡ ᠲᠣᠰᠬᠤᠨ ᠤ ᠨᠣᠭᠤᠭᠠᠨ ᠥᠩᠭᠡ ᠶᠢᠨ ᠬᠠᠯᠬᠠᠪᠴᠢ ᠶᠢ ᠭᠦᠢᠴᠡᠳ ᠨᠥᠬᠦᠪᠥᠷᠢᠯᠡᠵᠦ᠂ ᠤᠮᠠᠷᠠᠲᠤ ᠬᠢᠯᠢ ᠶᠢᠨ ᠨᠣᠭᠤᠭᠠᠨ ᠬᠠᠯᠬᠠᠪᠴᠢ ᠶᠢ ᠪᠦᠬᠦᠨ ᠢ ᠨᠣᠭᠤᠭᠠᠷᠠᠭᠤᠯᠬᠤ ᠶᠢ ᠪᠡᠶᠡᠯᠡᠭᠦᠯᠪᠡ᠃    ᠭᠡᠷᠡᠯ ᠴᠡᠨᠡᠭ ᠢᠶᠠᠷ ᠡᠯᠡᠰᠦ ᠶᠢ ᠵᠠᠰᠠᠬᠤ ᠢᠨᠵᠧᠨᠧᠷᠢᠩ ᠤᠨ ᠠᠮᠵᠢᠯᠲᠠ ᠲᠠᠢ ᠦᠢᠯᠡᠳᠦᠯᠭᠡ ᠨᠢ ᠤᠮᠠᠷᠠᠲᠤ ᠶᠢᠨ ᠪᠣᠬᠢᠷᠲᠤᠯ ᠦᠭᠡᠢ ᠠᠮᠢ ᠠᠬᠤᠢ ᠶᠢᠨ ᠬᠠᠯᠬᠠᠪᠴᠢ ᠳᠤ ᠭᠡᠷᠡᠯ ᠭᠢᠯᠪᠠᠭ᠎ᠠ ᠨᠡᠮᠡᠷᠢᠯᠡᠭᠰᠡᠨ ᠢᠶᠠᠷ ᠪᠠᠷᠠᠬᠤ ᠦᠭᠡᠢ ᠪᠠᠰᠠ ᠲᠡᠭᠦᠨ ᠤ ᠪᠣᠬᠢᠷᠲᠤᠯ ᠦᠭᠡᠢ ᠴᠡᠪᠡᠷ ᠡᠨᠧᠷᠭᠢ ᠶᠢᠨ ᠬᠦᠴᠦᠷᠬᠡᠭ ᠶᠡᠭᠡ ᠬᠥᠳᠡᠯᠭᠡᠬᠦ ᠡᠨᠧᠷᠭᠢ ᠪᠠᠷ ᠵᠦᠸᠧᠽᠢ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠯᠤᠲᠤ ᠶᠡᠭᠡ ᠠᠵᠤ ᠠᠬᠤᠢ ᠶᠢᠨ ᠦᠢᠯᠡᠳᠦᠯ ᠦᠵᠡᠭᠦᠯᠵᠦ᠂ ᠠᠮᠢ ᠠᠬᠤᠢ ᠶᠢᠨ ᠪᠣᠯᠪᠠᠰᠤᠨ᠂ ᠪᠣᠬᠢᠷᠲᠤᠯ ᠦᠭᠡᠢ ᠬᠥᠭᠵᠢᠯᠲᠡ ᠪᠣᠯᠤᠨ ᠠᠵᠤ ᠠᠬᠤᠢ ᠶᠢᠨ ᠣᠷᠣᠯᠭ᠎ᠠ ᠶᠢᠨ ᠪᠣᠬᠢᠷᠲᠤᠯ ᠦᠭᠡᠢ ᠬᠤᠣᠰ ᠠᠮᠵᠢᠯᠲᠠ ᠶᠢ ᠪᠡᠶᠡᠯᠡᠭᠦᠯᠵᠡᠢ᠃ ᠬᠡᠳᠦᠨ ᠵᠢᠯ ᠤᠨ ᠲᠤᠷᠰᠢ᠂ ᠪᠥᠬᠦ ᠰᠢᠶᠠᠨ ᠤ 8 ᠰᠢᠶᠠᠩ ᠪᠠᠯᠭᠠᠰᠤ᠂ 64 ᠲᠣᠰᠬᠤᠨ ᠳᠤ ᠪᠠᠶᠢᠭᠤᠯᠤᠭᠰᠠᠨ 30940 ᠺᠢᠯᠣᠸᠠᠲ ᠤᠨ ᠨᠡᠷᠡᠨ ᠤ ᠡᠨᠧᠷᠭᠢ ᠶᠢᠨ ᠬᠡᠷᠡᠯ ᠴᠡᠨᠡᠭ ᠤᠨ ᠴᠠᠬᠢᠯᠭᠠᠨ ᠥᠷᠲᠡᠭᠡ ᠶᠢᠨ ᠲᠥᠷᠥᠯ ᠵᠦᠶ᠋ᠯ ᠨᠢ ᠲᠡᠭᠦᠨ ᠤ ᠪᠠᠭ᠎ᠠ ᠣᠷᠣᠭᠤᠯᠤᠯᠲᠠ᠂ ᠶᠡᠭᠡ ᠳᠥᠭᠦᠮ ᠳᠥᠲᠡ᠂ ᠠᠦ᠋ᠲ᠋ᠣ᠋ ᠬᠤᠷᠢᠶᠠᠨ ᠲᠠᠯᠪᠢᠬᠤ ᠴᠢᠳᠠᠮᠵᠢ ᠪᠠᠷ ᠪᠤᠶᠢᠳᠠ ᠪᠥᠭᠯᠡᠭᠦᠤ ᠠᠭᠤᠯᠠᠷᠬᠠᠭ ᠣᠷᠣᠨ ᠤ ᠳᠠᠷᠢᠵᠤ ᠲᠡᠵᠢᠭᠡᠬᠦ ᠦᠶ᠋ᠯᠡᠰ᠂ ᠡᠳ᠋ᠰᠢᠭᠦᠯᠬᠦ ᠦᠶ᠋ᠯᠡᠰ ᠲᠤ ᠲᠠᠰᠤᠷᠠᠯᠲᠠ ᠥᠬᠡᠶ ᠴᠡᠪᠡᠷ ᠴᠠᠬᠢᠯᠭᠠᠨ ᠡᠨᠧᠷᠭᠢ ᠬᠠᠩᠭᠠᠵᠤ᠂ 5285 ᠲᠠᠷᠢᠶᠠᠴᠢᠨ ᠬᠡᠲᠦ ᠳᠣᠤᠷ᠎ᠠ ᠦᠨ᠎ᠡ ᠲᠠᠢ ᠴᠠᠬᠢᠯᠭᠠᠨ ᠡᠨᠧᠷᠭᠢ ᠭᠥᠷᠳᠡᠵᠦ᠂ ᠬᠡᠷᠡᠯ ᠴᠡᠨᠡᠭ ᠤᠨ ᠲᠣᠤᠷ ᠳᠣᠲᠣᠷᠠᠬᠢ ᠬᠡᠷᠡᠯ ᠴᠡᠨᠡᠭ ᠨᠢ ᠠᠮᠢ ᠠᠬᠤᠶ ᠶᠢ ᠨᠢᠭᠡᠨᠲᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠪᠣᠬᠢᠷᠲᠤᠯ ᠥᠬᠡᠶ ᠦᠷᠭᠦᠯᠵᠢᠯᠡᠭᠰᠡᠨ ᠮᠥᠩᠬᠡ ᠶᠢᠨ ᠦᠷᠭᠦᠯᠵᠢᠯᠡᠯ ᠪᠣᠯᠤᠭᠰᠠᠨ ᠪᠠᠶᠢᠨ᠎ᠠ᠃                                               ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2