ᠵᠦᠸᠧᠽᠢ ᠰᠢᠶᠠᠨ ᠤ ᠴᠢ ᠰᠢᠶᠠ ᠶᠢᠩ ᠪᠠᠯᠭᠠᠰᠤ 2024 ᠣᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/29
    ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 5 ᠰᠠᠷ᠎ᠠ ᠶᠢᠨ 27 ᠤ ᠡᠳᠦᠷ᠂ ᠴᠢ ᠰᠢᠶᠠ ᠶᠢᠩ ᠪᠠᠯᠭᠠᠰᠤ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠨ ᠠᠴᠢ ᠬᠠᠷᠢᠭᠤᠯᠠᠵᠤ ᠡᠷᠡᠯᠬᠡᠭᠯᠡᠨ ᠤᠷᠤᠭᠰᠢᠯᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ︾ ᠭᠤᠣᠯ ᠰᠡᠳᠦᠪ ᠤᠨ ᠲᠣᠭᠤᠷᠢᠨ ᠳᠤ᠂ 2024 ᠣᠨ ᠤ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠶᠢ ᠭᠦᠨᠵᠡᠭᠡᠢ ᠤᠬᠠᠭᠤᠯᠤᠨ ᠲᠤᠤᠱᠯᠠᠭᠤᠯᠪᠠ᠃      ᠰᠢᠷᠢᠰ ᠠᠵᠢᠯᠯᠠᠭ᠎ᠠ ᠳᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠰᠬᠠᠶ ᠰᠡᠳᠦᠪᠲᠦ ᠮᠡᠳᠡᠯᠭᠡ ᠶᠢᠨ ᠤᠷᠤᠯᠳᠤᠭᠠᠨ ᠥᠷᠨᠢᠭᠦᠯᠬᠦ ᠪᠠ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠮᠡᠳᠡᠯᠭᠡ ᠶᠢᠨ ᠤᠬᠠᠭᠤᠯᠭ᠎ᠠ ᠶᠢᠨ ᠳᠡᠪᠲᠡᠷ ᠲᠠᠷᠬᠠᠭᠠᠬᠤ ᠶᠢ ᠪᠠᠭᠲᠠᠭᠠᠵᠠᠢ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠪᠠᠯᠭᠠᠰᠤᠨ ᠤ ᠺᠠᠳ᠋ᠷ ᠮᠡᠳᠡᠯᠭᠡ ᠶᠢᠨ ᠠᠰᠠᠭᠤᠯᠲᠠ ᠳᠤ ᠢᠳᠡᠪᠬᠢᠲᠡᠢ ᠣᠷᠣᠯᠴᠠᠵᠤ᠂ ᠤᠷᠤᠯᠳᠤᠭᠠᠨ ᠤ ᠶᠠᠪᠤᠴᠠ ᠳᠤ᠂ ᠺᠠᠳ᠋ᠷᠴᠤᠳ ᠨᠢᠭᠡ ᠨᠢᠭᠡ ᠪᠠᠷ ᠢᠶᠠᠨ ᠴᠤᠭ ᠵᠢᠪᠬᠤᠭ᠎ᠠ ᠲᠡᠭᠦᠯᠳᠡᠷ᠂ ᠰᠡᠳᠬᠢᠬᠦᠢ ᠪᠤᠰᠢᠭᠤ ᠱᠠᠯᠠᠮᠠᠭᠠᠢ᠂ ᠤᠯᠠᠨ ᠢᠶᠠᠷ ᠢᠶᠠᠨ ᠬᠠᠷᠢᠯᠴᠠᠨ ᠨᠠᠶᠢᠷ ᠲᠠᠯᠪᠢᠬᠤ ᠦᠭᠡᠢ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠪᠠᠴᠢᠮ ᠪᠥᠭᠡᠳ ᠬᠦᠷ ᠬᠥᠭᠵᠢᠶᠡᠨ ᠲᠠᠢ ᠪᠠᠶᠢᠯ᠎ᠠ᠃ ᠲᠤᠬᠠᠢ ᠶᠢᠨ ᠲᠠᠯᠠᠪᠠᠢ ᠳᠤ ᠪᠠᠰᠠ ᠤᠬᠠᠭᠤᠯᠭ᠎ᠠ ᠶᠢᠨ ᠮᠠᠲ᠋ᠧᠷᠢᠶᠠᠯ ᠢ 100 ᠭᠠᠷᠤᠢ ᠬᠤᠪᠢ ᠲᠠᠷᠬᠠᠭᠠᠵᠤ᠂ ᠪᠦᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠴᠢ ᠦᠨᠳᠦᠰᠦᠲᠡᠨ ᠤ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠢ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠨᠡᠩ ᠢᠯᠡ ᠲᠣᠳᠣ᠂ ᠲᠦᠷᠦᠭᠳᠡᠯ ᠲᠠᠢ ᠪᠣᠯᠭᠠᠵᠤ᠂ ᠪᠦᠲᠦᠮᠵᠢᠲᠡᠢ ᠪᠣᠯᠭᠠᠪᠠ᠃    ᠳᠠᠷᠠᠭᠠᠴᠢ ᠶᠢᠨ ᠠᠯᠬᠤᠮ ᠳᠤ᠂ ᠴᠢ ᠰᠢᠶᠠ ᠶᠢᠩ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠶᠢᠩᠭᠤᠵᠢᠭᠰᠠᠨ ᠤᠬᠠᠭᠤᠯᠭ᠎ᠠ ᠬᠥᠮᠦᠵᠢᠯ ᠤᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠢᠯᠯᠠᠭ᠎ᠠ ᠶᠢᠨ ᠠᠴᠢᠶᠠᠯᠠᠪᠤᠷᠢ ᠪᠣᠯᠤᠨ ᠬᠡᠯᠪᠡᠷᠢ ᠶᠢ ᠲᠠᠰᠤᠷᠠᠯᠲᠠ ᠦᠭᠡᠢ ᠰᠢᠨᠡᠴᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡᠬᠦ ᠭᠤᠣᠯ ᠰᠢᠵᠢᠮ ᠤᠨ ᠲᠣᠭᠤᠷᠢᠨ ᠳᠤ᠂ ᠪᠦᠬᠦ ᠪᠠᠯᠭᠠᠰᠤᠨ ᠤ ᠤᠳᠤᠷᠢᠳᠬᠤ ᠺᠠᠳ᠋ᠷ ᠪᠣᠯᠤᠨ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠥᠮᠦᠵᠢᠭᠦᠯᠦᠨ ᠬᠦᠳᠦᠯᠦᠨ ᠵᠢᠯᠣᠭᠤᠳᠴᠤ᠂ ᠤᠬ ᠰᠠᠨᠠᠭ᠎ᠠ ᠪᠠᠨ ᠦᠯᠦ ᠮᠠᠷᠲᠠᠵᠤ ᠨᠠᠮ ᠤᠨ ᠠᠴᠢ ᠳᠤ ᠲᠠᠯᠠᠷᠬᠠᠵᠤ᠂ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠡᠷᠡᠰ ᠭᠤᠶᠢᠪᠢᠰᠢ ᠦᠭᠡᠢ ᠪᠠᠷ ᠨᠠᠮ ᠢᠶᠠᠨ ᠲᠠᠭᠠᠨ᠎ᠠ ᠭᠡᠵᠦ ᠢᠯᠡᠳᠬᠡᠪᠡ᠃                                 ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2