︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠤᠨ ᠬᠠᠮᠢᠶ᠎ᠠ | ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠯᠠᠮ ᠨᠢᠭᠡ ᠠᠯᠬᠤᠮ ᠤᠬᠠᠭᠤᠯᠤᠨ ᠲᠦᠭᠡᠮᠡᠯᠵᠢᠭᠦᠯᠵᠦ᠂ ᠣᠯᠠᠨ | ᠲᠦᠮᠡᠨ ᠤ ᠬᠠᠤᠯᠢ ᠪᠠᠷ ᠵᠠᠰᠠᠬᠤ ᠦᠵᠡᠯᠲᠡ ᠶᠢ ᠴᠢᠩᠭᠠᠳᠬᠠᠬᠤ ᠶᠢᠨ ᠲᠥᠯᠥᠭᠡ᠂ 5 ᠰᠠᠷ᠎ᠠ ᠶᠢᠨ 21 ᠤ ᠡᠳᠦᠷ᠂ | ᠵᠦᠸᠧᠽᠢ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠳ᠋ᠡ ᠢᠦᠶ ᠱᠤ᠋ ᠰᠢᠶᠠᠩ ᠳᠤ ᠭᠦᠨᠵᠡᠭᠡᠶᠢᠷᠡᠵᠦ᠂ ᠬᠥᠳᠡᠭᠡ | ᠲᠣᠰᠬᠤᠨ ᠤ ᠨᠠᠮ ᠤᠨ ᠭᠡᠰᠢᠭᠦᠨ ᠺᠠᠳ᠋ᠷᠴᠤᠳ ᠲᠤ ᠬᠠᠤᠯᠢ ᠲᠦᠭᠡᠮᠡᠯᠵᠢᠭᠦᠯᠬᠦ ᠠᠮᠢᠳᠤᠯᠢᠭ ᠬᠢᠴᠢᠶᠡᠯ ᠣᠷᠣᠪᠠ᠃ | ᠬᠢᠴᠢᠶᠡᠯᠯᠡᠬᠦ ᠠᠭᠤᠯᠭ᠎ᠠ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ | ᠪᠢᠴᠢᠭ︾ ᠢᠶᠠᠷ ᠭᠤᠣᠯ ᠪᠣᠯᠭᠠᠵᠤ᠂ ᠲᠣᠰ ᠲᠣᠰ ᠪᠣᠳᠠᠰ ᠤᠨ ᠡᠷᠬᠡ᠂ ᠭᠡᠷ᠎ᠡ᠂ ᠤᠷᠤᠭ ᠭᠡᠷ ᠪᠦᠯᠢ᠂ ᠬᠥᠮᠦᠨ ᠤ | ᠡᠷᠬᠡ ᠶᠢᠨ ᠡᠷᠬᠡ ᠵᠡᠷᠭᠡ ᠬᠡᠳᠦᠨ ᠲᠠᠯ᠎ᠠ ᠪᠠᠷ ᠥᠷᠨᠢᠭᠦᠯᠵᠦ᠂ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ | ᠭᠠᠵᠠᠷ ᠰᠢᠷᠣᠶ ᠶᠢᠨ ᠳᠠᠭᠠᠭᠠᠴᠢᠯᠠᠯᠲᠠ᠂ ᠬᠥᠳᠡᠯᠮᠦᠷᠢ ᠦᠢᠯᠡᠴᠢᠯᠡᠭᠡᠨ ᠤ ᠵᠢᠭᠤᠷᠠᠯᠳᠤᠭᠠᠨ᠂ ᠵᠢᠭᠡᠯᠡᠯᠭᠡ ᠶᠢᠨ | ᠵᠢᠭᠤᠷᠠᠯᠳᠤᠭᠠᠨ ᠵᠡᠷᠭᠡ ᠳᠤ ᠨᠠᠷᠢᠨ ᠨᠢᠮᠪᠠᠶ ᠲᠠᠶᠢᠯᠤᠮᠵᠢ ᠬᠢᠪᠡ᠃ | ᠲᠣᠰ ᠤᠳᠠᠭᠠᠨ ᠤ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠨᠢ ᠺᠠᠳ᠋ᠷ ᠤᠨ ᠬᠠᠤᠯᠢ ᠴᠠᠭᠠᠵᠠ ᠶᠢᠨ ᠮᠡᠳᠡᠯᠭᠡ ᠶᠢᠨ | ᠨᠥᠭᠡᠴᠡ ᠶᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ᠂ ᠺᠠᠳ᠋ᠷ ᠤᠨ ᠬᠠᠤᠯᠢ ᠴᠠᠭᠠᠵᠠ ᠶᠢᠨ ᠤᠬᠠᠮᠰᠠᠷ᠂ | ᠬᠠᠤᠯᠢᠵᠢᠯ ᠤᠨ ᠦᠵᠡᠯᠲᠡ ᠪᠠ ᠬᠠᠤᠯᠢ ᠴᠠᠭᠠᠵᠠ ᠶᠢᠨ ᠬᠡᠪ ᠪᠣᠯᠪᠠᠰᠤᠷᠠᠯ ᠢ ᠨᠠᠩ ᠳᠡᠭᠡᠭᠰᠢᠯᠡᠭᠦᠯᠵᠦ᠂ ᠦᠨᠳᠦᠰᠦᠨ | ᠱᠠᠲᠤᠨ ᠤ ᠬᠠᠤᠯᠢᠵᠢᠯ ᠤᠨ ᠪᠠᠶᠢᠭᠤᠯᠤᠯᠲᠠ ᠶᠢ ᠨᠠᠩ ᠰᠠᠶᠢᠲᠤᠷ ᠠᠬᠢᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ | ᠵᠠᠰᠠᠯᠲᠠ ᠶᠢᠨ ᠬᠠᠤᠯᠢᠵᠢᠯ ᠤᠨ ᠲᠦᠪᠰᠢᠨ ᠢ ᠳᠡᠭᠡᠭᠰᠢᠯᠡᠭᠦᠯᠬᠦ ᠳᠤ ᠠᠰᠢᠭᠲᠠᠶ ᠶᠤᠮ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |