ᠵᠦᠸᠧᠽᠢ ᠰᠢᠶᠠᠨ ᠤ ᠪᠦᠬᠦ ᠤᠯᠤᠰ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠬᠡᠭᠡᠷ᠎ᠡ ᠶᠢᠨ ᠦᠯᠢᠭᠡᠷ ᠠᠪᠬᠤ ᠠᠵᠢᠯ ᠤᠳᠠᠯ ᠦᠭᠡᠢ ᠳᠠᠭᠤᠰᠬᠤ ᠭᠡᠵᠦ ᠪᠠᠶᠢᠨ᠎ᠠ
ᠨᠡᠶᠢᠲᠡᠯᠡᠭᠰᠡᠨ ᠴᠠᠭ᠄
2024/5/29
    ᠠᠷᠠᠳ ᠢᠷᠭᠡᠳ ᠠᠮᠤ ᠪᠤᠳᠠᠭ᠎ᠠ ᠪᠠᠷ ᠠᠮᠢ ᠭᠤᠣᠯ ᠢᠶᠠᠨ ᠪᠣᠯᠭᠠᠮᠤᠢ᠃ ᠣᠶᠢᠷ᠎ᠠ ᠶᠢᠨ ᠡᠳᠦᠷ ᠤᠳ ᠲᠤ᠂ ᠵᠦᠸᠧᠽᠢ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠡᠭᠡᠳᠦ ᠱᠠᠲᠤᠨ ᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠯᠠᠪᠳᠠᠭᠤᠨ ᠢᠶᠠᠷ ᠠᠬᠢᠭᠤᠯᠵᠤ᠂ ᠬᠥᠷᠥᠰᠥ ᠰᠢᠷᠣᠶ ᠶᠢᠨ ᠡᠬᠢ ᠪᠠᠶᠠᠯᠢᠭ ᠤᠨ ︽ᠰᠠᠭᠤᠷᠢ︾ ᠶᠢ ᠲᠣᠳᠣᠷᠬᠠᠶ ᠣᠶᠢᠯᠠᠭᠠᠵᠤ᠂ ᠬᠥᠷᠥᠰᠥ ᠰᠢᠷᠣᠶ ᠶᠢᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠮᠠᠨ ᠤ ᠰᠢᠶᠠᠨ ᠤ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃    ᠱᠢ ᠪᠠ ᠲᠠᠢ ᠪᠠᠯᠭᠠᠰᠤᠨ ᠤ ᠬᠦᠷᠢᠶᠡᠲᠦ ᠲᠣᠰᠬᠤᠨ ᠤ ᠡᠪᠡᠰᠦᠲᠦ ᠭᠠᠵᠠᠷ ᠲᠤ᠂ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠮᠡᠷᠭᠡᠵᠢᠯ ᠤᠨ ᠠᠵᠢᠯᠲᠠᠳ ᠰᠢᠰᠲ᠋ᠧᠮ ᠲᠠᠢ ᠬᠠᠩᠭᠠᠭᠰᠠᠨ ᠴᠡᠭ ᠶᠣᠰᠣᠭᠠᠷ᠂ ᠬᠦᠷᠵᠡ ᠬᠤᠷᠦ᠋ᠢᠯᠠᠵᠤ ᠰᠢᠷᠣᠶ ᠮᠠᠯᠲᠠᠵᠤ᠂ ᠥᠩᠭᠡᠨ ᠲᠠᠯ᠎ᠠ ᠶᠢᠨ ᠥᠯᠢᠭᠡᠷ ᠡᠳ᠋ ᠠᠪᠴᠤ᠂ ᠭᠠᠳᠠᠷ ᠠᠵᠢᠯ ᠤᠨ ᠪᠠᠶᠢᠴᠠᠭᠠᠯᠲᠠ᠂ ᠥᠯᠢᠭᠡᠷ ᠡᠳ᠋ ᠦᠶ᠋ᠯᠡᠳᠬᠦ᠂ ᠥᠯᠢᠭᠡᠷ ᠡᠳ᠋ ᠦᠶ᠋ᠯᠡᠳᠬᠦ᠂ ᠪᠠᠶᠢᠴᠠᠭᠠᠨ ᠬᠡᠮᠵᠢᠬᠦ ᠵᠡᠷᠭᠡ ᠬᠥᠷᠥᠰᠥ ᠰᠢᠷᠣᠶ ᠶᠢᠨ ᠥᠩᠭᠡᠨ ᠳᠠᠪᠬᠤᠷᠭ᠎ᠠ ᠶᠢᠨ ᠥᠯᠢᠭᠡᠷ ᠡᠳ᠋ ᠢ ᠴᠤᠭᠯᠠᠭᠤᠯᠬᠤ ᠡᠯ᠎ᠡ ᠵᠠᠩᠭᠢᠯᠠᠭ᠎ᠠ ᠶᠢᠨ ᠠᠵᠢᠯ ᠢ ᠡᠮᠬᠢ ᠵᠢᠷᠤᠮ ᠲᠠᠢ ᠠᠬᠢᠭᠤᠯᠵᠤ᠂ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠬᠥᠷᠥᠰᠥ ᠰᠢᠷᠣᠶ ᠶᠢᠨ ᠰᠢᠨᠵᠢᠯᠡᠬᠦ ᠤᠬᠠᠭᠠᠨᠴᠢ ᠪᠠᠷ ᠲᠥᠷᠥᠯ ᠬᠤᠪᠢᠶᠠᠬᠤ᠂ ᠲᠥᠯᠥᠪᠵᠢᠭᠦᠯᠦᠨ ᠠᠰᠢᠭᠯᠠᠬᠤ᠂ ᠰᠠᠶᠢᠵᠢᠷᠠᠭᠤᠯᠤᠨ ᠪᠤᠶᠢᠵᠢᠭᠤᠯᠬᠤ᠂ ᠬᠠᠮᠠᠭᠠᠯᠠᠨ ᠬᠠᠮᠢᠶᠠᠷᠬᠤ ᠵᠡᠷᠭᠡ ᠳᠤ ᠰᠢᠨᠵᠢᠯᠡᠬᠦ ᠤᠬᠠᠭᠠᠨᠴᠢ ᠲᠤᠯᠭᠠᠭᠤᠷᠢᠯᠠᠯ ᠬᠠᠩᠭᠠᠨ᠎ᠠ᠃    ᠵᠦᠸᠧᠽᠢ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠥᠷᠲᠡᠭᠡ ᠶᠢᠨ ᠳᠠᠷᠤᠭ᠎ᠠ ᠯᠢ ᠬᠤᠢ    ᠪᠢᠳᠡ ᠡᠨᠡ ᠤᠳᠠᠭᠠᠨ ᠤ ᠰᠢᠷᠣᠶ ᠮᠠᠯᠲᠠᠵᠤ ᠠᠪᠤᠭᠰᠠᠨ ᠭᠦᠨᠴᠡ ᠨᠢ 20 ᠰᠡᠨᠲ᠋ᠢᠮᠧᠳ᠋ᠷ ᠣᠷᠴᠢᠮ ᠪᠠᠶᠢᠵᠤ᠂ ᠬᠥᠷᠥᠰᠥ ᠰᠢᠷᠣᠶ ᠳᠤ ᠨᠢᠭᠡ ᠤᠳᠠᠭᠠᠨ ᠤ ᠪᠥᠬᠦ ᠲᠠᠯ᠎ᠠ ᠶᠢᠨ ᠪᠡᠶ᠎ᠡ ᠶᠢᠨ ᠪᠠᠶᠢᠴᠠᠭᠠᠯᠲᠠ ᠬᠢᠵᠡᠶ᠂ ᠲᠠᠷᠢᠶᠠᠴᠢᠳ ᠢ ᠬᠠᠪᠰᠤᠷᠤᠨ ᠰᠢᠨᠵᠢᠯᠡᠬᠦ ᠤᠬᠠᠭᠠᠨᠴᠢ ᠪᠠᠷ ᠲᠠᠷᠢᠶ᠎ᠠ ᠲᠠᠷᠢᠭᠤᠯᠤᠭᠰᠠᠨ ᠲᠠᠢ ᠲᠡᠩᠴᠡᠨ᠎ᠡ᠃ 4 ᠰᠠᠷ᠎ᠠ ᠶᠢᠨ 7 ᠤ ᠡᠳᠦᠷ ᠠᠴᠠ ᠡᠬᠢᠯᠡᠨ ᠦᠯᠢᠭᠡᠷ ᠡᠳ᠋ ᠠᠪᠴᠤ᠂ 5 ᠰᠠᠷ᠎ᠠ ᠶᠢᠨ ᠰᠡᠭᠦᠯᠴᠢ ᠪᠠᠷ ᠦᠯᠢᠭᠡᠷ ᠡᠳ᠋ ᠠᠪᠬᠤ ᠡᠭᠦᠷᠭᠡ ᠪᠠᠨ ᠪᠡᠶᠡᠯᠡᠭᠦᠯᠪᠡ᠃    ᠲᠣᠰ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠨᠢ ᠪᠥᠬᠦ ᠰᠢᠶᠠᠨ ᠤ 8 ᠰᠢᠶᠠᠩ ᠪᠠᠯᠭᠠᠰᠤ ᠶᠢ ᠬᠠᠮᠤᠷᠴᠤ᠂ ᠲᠠᠷᠢᠶᠠᠨ ᠭᠠᠵᠠᠷ᠂ ᠴᠡᠴᠡᠷᠯᠢᠭ ᠤᠨ ᠭᠠᠵᠠᠷ᠂ ᠣᠶᠢᠲᠤ ᠭᠠᠵᠠᠷ᠂ ᠡᠪᠡᠰᠦ ᠪᠡᠯᠴᠢᠭᠡᠷ ᠵᠡᠷᠭᠡ 75 ᠲᠦᠮᠡᠨ ᠮᠥ ᠲᠠᠷᠢᠶᠠᠨ ᠭᠠᠵᠠᠷ ᠪᠠ ᠬᠡᠰᠡᠭ ᠠᠰᠢᠭᠯᠠᠭᠠᠳᠤᠶ ᠭᠠᠵᠠᠷ ᠤᠨ ᠬᠥᠷᠥᠰᠥ ᠰᠢᠷᠣᠶ ᠶᠢ ᠭᠤᠤᠯᠳᠠᠯᠭ᠎ᠠ ᠲᠠᠢ ᠪᠥᠬᠦ ᠲᠠᠯ᠎ᠠ ᠪᠠᠷ ᠪᠠᠶᠢᠴᠠᠭᠠᠪᠠ᠃ ᠨᠡᠶᠢᠳᠡᠮ ᠪᠠᠶᠢᠴᠠᠭᠠᠯᠲᠠ ᠶᠢᠨ ᠴᠡᠭ 1138᠂ ᠥᠩᠭᠡᠨ ᠳᠠᠪᠬᠤᠷᠭ᠎ᠠ ᠶᠢᠨ ᠥᠯᠢᠭᠡᠷ ᠠᠪᠬᠤ ᠴᠡᠭ 118᠂ ᠣᠭᠲᠣᠯᠤᠭᠠᠰᠤ ᠶᠢᠨ ᠥᠯᠢᠭᠡᠷ ᠠᠪᠬᠤ ᠴᠡᠭ 20᠂ ᠣᠶ ᠰᠢᠭᠤᠶ ᠡᠪᠡᠰᠦᠲᠦ ᠭᠠᠵᠠᠷ ᠤᠨ ᠥᠯᠢᠭᠡᠷ ᠠᠪᠬᠤ ᠴᠡᠭ 160᠂ ᠲᠠᠷᠢᠶᠠᠨ ᠭᠠᠵᠠᠷ ᠤᠨ ᠥᠯᠢᠭᠡᠷ ᠠᠪᠬᠤ ᠴᠡᠭ 958 ᠪᠣᠶ᠃ ᠣᠲᠣ ᠪᠣᠯᠲᠠᠯ᠎ᠠ᠂ ᠵᠦᠸᠧᠽᠢ ᠰᠢᠶᠠᠨ ᠨᠢᠭᠡᠨᠲᠡ 7 ᠰᠢᠶᠠᠩ ᠪᠠᠯᠭᠠᠰᠤᠨ ᠤ ᠬᠡᠭᠡᠷ᠎ᠡ ᠶᠢᠨ ᠥᠯᠢᠭᠡᠷ ᠠᠪᠬᠤ ᠠᠵᠢᠯ ᠢ ᠪᠡᠶᠡᠯᠡᠭᠦᠯᠦᠭᠰᠡᠨ ᠪᠠᠶᠢᠨ᠎ᠠ᠃                                 ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2