ᠯᠢᠦ ᠪᠦᠦ ᠴᠧᠩ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠥᠩᠭᠡᠷᠡᠭᠰᠡᠨ ᠵᠢᠯ ᠤᠳ ᠤᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠵᠡᠷᠭᠡ ᠶᠠᠪᠤᠳᠠᠯ ᠢ ᠰᠤᠳᠤᠯᠪᠠ
ᠨᠡᠶᠢᠲᠡᠯᠡᠭᠰᠡᠨ ᠴᠠᠭ᠄
2024/5/29
    5 ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢᠦ ᠪᠦᠦ ᠴᠧᠩ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠮᠠᠨ ᠤ ᠰᠢᠶᠠᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠥᠩᠭᠡᠷᠡᠭᠰᠡᠨ ᠵᠢᠯ ᠤᠳ ᠤᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠪᠣᠳᠠᠲᠠᠶ ᠡᠭᠦᠷᠭᠡ ᠶᠢ ᠠᠬᠢᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ᠂ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠂ ᠣᠷᠳᠣ ᠬᠤᠭᠤᠴᠠᠭᠠᠨ ᠤ ᠤᠯᠤᠰ ᠤᠨ ᠵᠢᠭᠡᠯᠡᠯᠭᠡ ᠶᠢᠨ ᠲᠥᠷᠥᠯ ᠵᠦᠢᠯ ᠪᠠ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠲᠥᠷᠥᠯ ᠵᠦᠢᠯ ᠢ ᠨᠥᠭᠡᠴᠡᠯᠡᠵᠦ ᠭᠤᠶᠤᠴᠢᠯᠠᠨ ᠮᠡᠳᠡᠭᠦᠯᠬᠦ ᠠᠵᠢᠯ ᠢ ᠠᠬᠢᠭᠤᠯᠤᠭᠰᠠᠨ ᠪᠠᠶᠢᠳᠠᠯ ᠢ ᠰᠣᠨᠣᠰᠪᠠ᠃    ᠯᠢᠦ ᠪᠦᠦ ᠴᠧᠩ ᠵᠢᠭᠠᠵᠤ ᠭᠠᠷᠭᠠᠭᠰᠠᠨ ᠨᠢ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠣᠯ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠤᠨ ᠶᠡᠭᠡ ᠶᠠᠪᠤᠳᠠᠯ ᠮᠥᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ 2016 ᠣᠨ ᠠᠴᠠ ᠨᠠᠰᠢᠬᠢ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠵᠢᠴᠢ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠠᠮᠢ ᠠᠬᠤᠶ ᠶᠢᠨ ᠣᠷᠴᠢᠨ ᠠᠬᠤᠶ ᠶᠢᠨ ᠬᠠᠮᠠᠭᠠᠯᠠᠯᠲᠠ ᠶᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠤᠨ ᠴᠡᠭᠴᠡᠯᠡᠨ ᠰᠠᠶᠢᠵᠢᠷᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠬᠢᠨᠠᠮᠠᠭᠠᠶ ᠡᠮᠬᠢᠯᠡᠵᠦ᠂ ᠴᠡᠭᠴᠡᠯᠡᠨ ᠰᠠᠶᠢᠵᠢᠷᠠᠭᠤᠯᠤᠯᠲᠠ ᠶᠢ ᠪᠣᠳᠠᠲᠠᠶᠢᠵᠢᠭᠤᠯᠤᠭᠰᠠᠨ ᠡᠰᠡᠬᠦ᠂ ᠪᠣᠳᠠᠲᠤ ᠦᠷ᠎ᠡ ᠪᠦᠲᠦᠮᠵᠢ ᠣᠯᠤᠭᠰᠠᠨ ᠡᠰᠡᠬᠦ ᠶᠢ ᠦᠵᠡᠵᠦ᠂ ᠴᠡᠭᠴᠡᠯᠡᠨ ᠰᠠᠶᠢᠵᠢᠷᠠᠭᠤᠯᠤᠯᠲᠠ ᠶᠢ ᠲᠦᠢᠯᠪᠤᠷᠢᠲᠠᠶ ᠬᠢᠭᠰᠡᠨ ᠡᠰᠡᠬᠦ ᠶᠢ ᠦᠵᠡᠵᠦ᠂ ᠴᠠᠭ ᠬᠢᠵᠠᠭᠠᠷᠯᠠᠨ ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠤᠯᠲᠠ ᠶᠢ ᠪᠡᠶᠡᠯᠡᠭᠦᠯᠦᠭᠰᠡᠨ ᠢ ᠨᠢ ᠣᠷᠳᠣ ᠬᠤᠭᠤᠴᠠᠭ᠎ᠠ ᠪᠠᠷ ᠪᠠᠷᠢᠮᠲᠠᠯᠠᠨ ᠲᠡᠭᠦᠯᠳᠡᠷᠵᠢᠭᠦᠯᠬᠦ ᠬᠡᠷᠡᠭᠲᠡᠶ᠃ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠮᠠᠨ ᠤ ᠰᠢᠶᠠᠨ ᠤ ᠪᠣᠳᠠᠲᠠᠢ ᠡᠭᠦᠷᠭᠡ ᠶᠢ ᠠᠬᠢᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠲᠦᠷᠭᠡᠳᠬᠡᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ ᠠᠶᠤᠯ ᠲᠦᠭᠰᠢᠭᠦᠷᠢ ᠶᠢᠨ ᠴᠡᠭ ᠪᠣᠯᠤᠨ ᠪᠠᠭᠤᠷᠠᠢ ᠣᠷᠣᠨ ᠢ ᠦᠨᠡᠨᠬᠦ ᠰᠠᠨᠠᠭᠠᠴᠢᠯᠠᠭ᠎ᠠ ᠠᠴᠠ ᠪᠠᠨ ᠡᠷᠢᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠵᠡᠷᠭᠡ ᠬᠠᠷᠢᠭᠤ ᠲᠤᠰᠬᠠᠭᠰᠠᠨ ᠠᠰᠠᠭᠤᠳᠠᠯ ᠤᠨ ᠲᠠᠬᠢᠨ ᠡᠭᠦᠰᠬᠦ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃    ᠯᠢᠦ ᠪᠦᠦ ᠴᠧᠩ ᠴᠢᠬᠤᠯᠠᠴᠢᠯᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠤᠷᠳᠤ ᠬᠤᠭᠤᠴᠠᠭᠠᠨ ᠤ ᠤᠯᠤᠰ ᠤᠨ ᠵᠢᠭᠡᠯᠡᠯᠭᠡ ᠶᠢᠨ ᠲᠦᠷᠦᠯ ᠵᠦᠢᠯ ᠪᠣᠯᠤᠨ ᠤᠮᠠᠷᠠᠲᠤ ᠬᠢᠯᠢ ᠶᠢᠨ ᠰᠣᠶᠣᠯ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠭᠤᠶᠤᠴᠢᠯᠠᠨ ᠮᠡᠳᠡᠭᠦᠯᠬᠦ ᠨᠥᠬᠦᠴᠡᠯ ᠤᠨ ᠡᠯᠧᠮᠧᠨ᠋ᠲ ᠢ ᠨᠠᠷᠢᠨ ᠬᠢᠨᠠᠮᠠᠭᠠᠢ ᠰᠤᠳᠤᠯᠵᠤ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠨᠥᠬᠦᠴᠡᠯ ᠳᠤ ᠨᠡᠶᠢᠴᠡᠬᠦ‍ ᠨᠢᠭᠡ ᠪᠦᠯᠦᠭ ᠲᠦᠷᠦᠯ ᠵᠦᠢᠯ ᠢ ᠢᠳᠡᠪᠬᠢᠲᠡᠢ ᠡᠮᠬᠢᠯᠡᠨ ᠰᠦᠪᠡᠭᠴᠢᠯᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠷ ᠮᠠᠨ ᠤ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠮᠠᠨ ᠤ ᠰᠢᠶᠠᠨ ᠤ ᠰᠣᠶᠣᠯ ᠤᠨ ᠡᠬᠢ ᠪᠠᠶᠠᠯᠢᠭ᠂ ᠰᠣᠶᠣᠯ ᠤᠨ ᠣᠨᠴᠠᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠲᠦᠷᠦᠯ ᠵᠦᠢᠯ ᠢ ᠲᠦᠷᠭᠡᠨ ᠮᠡᠳᠡᠭᠦᠯᠵᠦ᠂ ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭ ᠢ ᠦᠷᠭᠦᠯᠵᠢᠯᠡᠨ ᠡᠭᠦᠳᠬᠦ ᠬᠡᠷᠡᠭᠲᠡᠢ᠃    ᠰᠢᠶᠠᠨ ᠤ ᠤᠳᠤᠷᠢᠳᠤᠯᠭ᠎ᠠ ᠭᠦᠸᠧ ᠬᠤᠩ ᠭᠤᠸᠠᠩ᠂ ᠶᠦᠨ ᠱᠧᠩ᠂ ᠵᠠᠩ ᠸᠧᠨ ᠺᠦᠢ ᠵᠢᠴᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                                  ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2