ᠪᠥᠬᠦ ᠺᠠᠳ᠋ᠷ ᠠᠵᠢᠯᠲᠠᠨ ᠠᠵᠢᠯᠴᠢᠨ ᠤ ᠨᠢᠭᠤᠴᠠ ᠶᠢ ᠬᠠᠮᠠᠭᠠᠯᠠᠬᠤ ᠤᠬᠠᠮᠰᠠᠷ ᠢ ᠴᠢᠩᠭᠠᠳᠬᠠᠵᠤ᠂ ᠨᠢᠭᠤᠴᠠ ᠶᠢ | ᠬᠠᠮᠠᠭᠠᠯᠠᠬᠤ ᠠᠵᠢᠯ ᠤᠨ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠶᠢ ᠵᠣᠬᠢᠶᠠᠨ ᠪᠠᠶᠢᠭᠤᠯᠤᠨ ᠰᠤᠷᠤᠯᠴᠠᠵᠤ᠂ ᠪᠥᠬᠦ ᠺᠠᠳ᠋ᠷ | ᠠᠵᠢᠯᠲᠠᠨ ᠠᠵᠢᠯᠴᠢᠨ ᠬᠤᠷᠠᠯ ᠳᠤ ᠣᠷᠣᠯᠴᠠᠪᠠ᠃ | ᠬᠤᠷᠠᠯ ᠠᠴᠠ᠂ ᠣᠳᠣᠬᠠᠨ ᠤ ᠪᠠᠶᠢᠳᠠᠯ ᠳᠣᠣᠷ᠎ᠠ᠂ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠨᠢ | ᠤᠯᠤᠰ ᠤᠨ ᠠᠮᠤᠷ ᠲᠦᠪᠰᠢᠨ᠂ ᠨᠡᠶᠢᠭᠡᠮ ᠤᠨ ᠲᠣᠭᠲᠠᠭᠤᠨ ᠪᠠᠶᠢᠳᠠᠯ ᠪᠣᠯᠤᠨ ᠠᠵᠤ ᠠᠬᠤᠢ ᠶᠢᠨ ᠬᠥᠭᠵᠢᠯᠲᠡ ᠶᠢ | ᠬᠠᠮᠠᠭᠠᠯᠠᠬᠤ ᠳᠤ ᠴᠢᠬᠤᠯᠠ ᠠᠴᠢ ᠬᠤᠯᠪᠣᠭᠳᠠᠯ ᠲᠠᠢ ᠪᠥᠭᠡᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠳᠤ ᠨᠠᠷᠢᠨ ᠲᠠᠶᠢᠯᠤᠮᠵᠢ ᠬᠢᠵᠦ᠂ ᠨᠢᠭᠤᠴᠠ ᠶᠢ | ᠬᠠᠮᠠᠭᠠᠯᠠᠬᠤ ᠠᠵᠢᠯ ᠤᠨ ᠦᠨᠳᠦᠰᠦᠨ ᠵᠠᠷᠴᠢᠮ᠂ ᠲᠦᠷᠢᠮ ᠤᠨ ᠱᠠᠭᠠᠷᠳᠠᠯᠭ᠎ᠠ ᠪᠣᠯᠤᠨ ᠬᠠᠷᠢᠭᠤᠴᠠᠯᠭ᠎ᠠ ᠨᠡᠬᠡᠮᠵᠢᠯᠡᠬᠦ | ᠵᠡᠷᠭᠡ ᠲᠠᠯ᠎ᠠ ᠶᠢᠨ ᠠᠭᠤᠯᠭ᠎ᠠ ᠶᠢ ᠭᠤᠤᠯᠳᠠᠯᠭ᠎ᠠ ᠲᠠᠢ ᠲᠠᠶᠢᠯᠪᠤᠷᠢᠯᠠᠪᠠ᠃ | ᠰᠤᠷᠤᠯᠴᠠᠬᠤ ᠶᠠᠪᠤᠴᠠ ᠳᠤ᠂ ᠪᠥᠬᠦ ᠺᠠᠳ᠋ᠷ ᠠᠵᠢᠯᠲᠠᠨ ᠨᠠᠷᠢᠨ ᠬᠢᠨᠠᠮᠠᠭᠠᠶ ᠰᠣᠨᠣᠰᠴᠤ᠂ ᠢᠳᠡᠪᠬᠢᠲᠡᠶ ᠪᠠᠷ | ᠬᠠᠷᠢᠯᠴᠠᠨ ᠬᠥᠳᠡᠯᠦᠯᠴᠡᠵᠦ᠂ ᠨᠢᠭᠤᠴᠠ ᠶᠢ ᠬᠠᠮᠠᠭᠠᠯᠠᠬᠤ ᠠᠵᠢᠯ ᠤᠨ ᠲᠤᠬᠠᠶ ᠲᠠᠨᠢᠯᠲᠠ ᠤᠯᠠᠮ ᠨᠢᠭᠡ ᠠᠯᠬᠤᠮ | ᠳᠡᠭᠡᠭᠰᠢᠯᠡᠪᠡ᠃ ᠣᠯᠠᠨ ᠢᠶᠠᠷ ᠢᠶᠠᠨ᠂ ᠰᠤᠷᠤᠯᠴᠠᠯᠭ᠎ᠠ ᠪᠠᠷ ᠳᠡᠮᠵᠢᠨ᠂ ᠨᠢᠭᠤᠴᠠ ᠶᠢ ᠬᠠᠮᠠᠭᠠᠯᠠᠬᠤ ᠬᠠᠤᠯᠢ ᠶᠢ ᠨᠠᠩ | ᠪᠥᠬᠦ ᠲᠠᠯ᠎ᠠ ᠪᠠᠷ᠂ ᠭᠦᠨᠵᠡᠭᠡᠶ ᠣᠶᠢᠯᠠᠭᠠᠵᠠᠶ᠂ ᠡᠭᠦᠨ ᠢᠶᠠᠷ ᠠᠵᠠ ᠲᠣᠬᠢᠶᠠᠯ ᠪᠣᠯᠭᠠᠵᠤ᠂ ᠨᠢᠭᠤᠴᠠ ᠶᠢ ᠬᠠᠮᠠᠭᠠᠯᠠᠬᠤ | ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠵᠦ᠂ ᠤᠯᠤᠰ ᠤᠨ ᠨᠢᠭᠤᠴᠠ ᠶᠢᠨ ᠠᠮᠤᠷ | ᠲᠦᠪᠰᠢᠨ ᠢ ᠦᠨᠡᠨ ᠬᠦ ᠪᠠᠲᠤᠯᠠᠨ᠎ᠠ ᠭᠡᠵᠦ ᠢᠯᠡᠳᠬᠡᠵᠡᠭᠡᠪᠡ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ | |