ᠵᠢᠭᠤᠯᠴᠢᠯᠠᠯ ᠤᠨ ᠦᠵᠡᠮᠵᠢ ᠶᠢᠨ ᠣᠷᠣᠨ ᠤ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢᠨ ᠲᠥᠯᠥᠭᠡ᠂ | 4 ᠰᠠᠷ᠎ᠠ ᠶᠢᠨ 30 ᠤ ᠡᠳᠦᠷ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠳ᠋ᠤᠸᠠᠨ ᠯᠢ ᠸᠧᠨ ᠪᠦᠯᠬᠦᠮ | ᠳᠠᠭᠠᠭᠤᠯᠤᠨ᠂ ᠰᠢᠶᠠᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠵᠡᠷᠭᠡ ᠠᠵᠢᠯᠲᠠᠳ ᠢ | ᠵᠣᠬᠢᠶᠠᠨ ᠪᠠᠶᠢᠭᠤᠯᠵᠤ᠂ ︽5.1︾ ᠤ ᠪᠠᠶᠠᠷ ᠤᠨ ᠡᠳᠦᠷ ᠠᠴᠠ ᠡᠮᠦᠨᠡᠬᠢ ᠦᠵᠡᠮᠵᠢ ᠶᠢᠨ ᠣᠷᠣᠨ ᠤ ᠠᠮᠤᠷ | ᠲᠦᠪᠰᠢᠨ ᠤ ᠳᠠᠯᠳᠠ ᠬᠡᠮ ᠤᠨ ᠪᠠᠶᠢᠴᠠᠭᠠᠯᠲᠠ ᠶᠢ ᠥᠷᠨᠢᠭᠦᠯᠵᠦ᠂ ᠠᠮᠠᠷᠠᠯᠲᠠ ᠶᠢᠨ ᠬᠤᠭᠤᠴᠠᠭᠠᠨ ᠤ ᠡᠯ᠎ᠡ | ᠵᠦᠢᠯ ᠤᠨ ᠵᠢᠭᠤᠯᠴᠢᠯᠠᠯ ᠤᠨ ᠭᠥᠯᠢᠶᠡᠨ ᠠᠪᠬᠤ ᠠᠮᠤᠷ ᠲᠦᠪᠰᠢᠨ ᠤ ᠠᠵᠢᠯ ᠢ ᠦᠨᠡᠨᠬᠦ ᠰᠠᠶᠢᠲᠤᠷ ᠬᠢᠪᠡ᠃ | ᠪᠠᠶᠢᠴᠠᠭᠠᠬᠤ ᠳᠤᠭᠤᠶᠢᠯᠠᠩ ᠤᠷᠢᠳ ᠬᠤᠵᠢᠳ ᠯᠢᠨ ᠬᠧ ᠭᠦ᠋ ᠰᠠᠢ ᠦᠵᠡᠮᠵᠢ ᠶᠢᠨ ᠣᠷᠣᠨ᠂ ᠱᠧᠩ ᠱᠦᠢ | ᠯᠢᠶᠠᠩ ᠵᠢᠦ ᠯᠦᠩ ᠸᠠᠨ ᠦᠵᠡᠮᠵᠢ ᠶᠢᠨ ᠣᠷᠣᠨ ᠳᠤ ᠭᠦᠨᠵᠡᠭᠡᠶᠢᠷᠡᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ | ᠦᠵᠡᠬᠦ᠂ ᠮᠠᠲ᠋ᠧᠷᠢᠶᠠᠯ ᠢ ᠤᠷᠪᠠᠭᠤᠯᠤᠨ ᠦᠵᠡᠬᠦ᠂ ᠶᠠᠷᠢᠯᠴᠠᠨ ᠯᠠᠪᠯᠠᠬᠤ ᠵᠡᠷᠭᠡ ᠠᠷᠭ᠎ᠠ ᠬᠡᠯᠪᠡᠷᠢ ᠪᠠᠷ ᠦᠵᠡᠮᠵᠢ ᠶᠢᠨ | ᠣᠷᠣᠨ ᠤ ᠳᠣᠲᠣᠷᠠᠬᠢ ᠵᠤᠭ᠎ᠠ ᠴᠡᠩᠭᠡᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠢᠵᠢ ᠪᠦᠷᠢᠳᠦᠭᠰᠡᠨ | ᠦᠢᠯᠡᠴᠢᠯᠡᠭᠡ᠂ ᠵᠣᠴᠢᠳ ᠤᠨ ᠪᠠᠭᠤᠳᠠᠯ ᠤᠨ ᠬᠤᠨᠤᠭ ᠤᠨ ᠦᠨᠡᠨ ᠨᠡᠷ᠎ᠡ ᠪᠠᠷ ᠳᠠᠩᠰᠠᠯᠠᠭᠰᠠᠨ ᠪᠠᠶᠢᠳᠠᠯ᠂ ᠬᠢᠨᠠᠨ | ᠡᠵᠡᠮᠳᠡᠬᠦ ᠲᠠᠰᠤᠭ ᠤᠨ ᠲᠡᠮᠳᠡᠭᠯᠡᠯ ᠤᠨ ᠬᠦᠴᠦᠨ ᠲᠠᠢ ᠬᠤᠭᠤᠴᠠᠭ᠎ᠠ᠂ ᠬᠤᠭᠤᠯᠠᠨ ᠭᠡᠷ ᠤᠨ ᠡᠷᠡᠭᠦᠯ ᠬᠠᠮᠠᠭᠠᠯᠠᠯ | ᠵᠡᠷᠭᠡ ᠡᠯ᠎ᠡ ᠶᠡᠭᠡ ᠡᠵᠡᠩᠨᠡᠯᠲᠡ ᠶᠢᠨ ᠲᠠᠯᠠᠪᠤᠷ ᠲᠤ ᠪᠦᠬᠦ ᠲᠠᠯ᠎ᠠ ᠶᠢᠨ ᠪᠠᠶᠢᠴᠠᠭᠠᠯᠲᠠ ᠬᠢᠵᠡᠢ᠃ ᠭᠤᠤᠯᠳᠠᠭᠤ | ᠦᠵᠡᠮᠵᠢ ᠶᠢᠨ ᠣᠷᠣᠨ ᠤ ᠤᠷᠤᠰᠬᠠᠯ ᠤᠨ ᠬᠡᠮᠵᠢᠶ᠎ᠡ ᠶᠢ ᠡᠵᠡᠮᠳᠡᠬᠦ᠂ ᠣᠶ ᠰᠢᠭᠤᠶ ᠶᠢᠨ ᠭᠠᠯ ᠢ ᠰᠡᠷᠭᠡᠶᠢᠯᠡᠬᠦ᠂ | ᠦᠶᠡᠷ ᠢ ᠰᠡᠷᠭᠡᠶᠢᠯᠡᠬᠦ᠂ ᠤᠰᠤᠨ ᠳᠤ ᠬᠤᠯᠪᠣᠭᠳᠠᠭᠰᠠᠨ ᠣᠷᠣᠨ ᠪᠦᠰᠡ ᠶᠢᠨ ᠤᠰᠤᠨ ᠳᠤ ᠵᠢᠪᠬᠦ ᠶᠢ ᠰᠡᠷᠭᠡᠶᠢᠯᠡᠬᠦ | ᠠᠮᠤᠷ ᠲᠦᠪᠰᠢᠨ᠂ ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠤᠨ ᠭᠠᠯ ᠤᠨᠲᠠᠷᠠᠭᠠᠬᠤ ᠠᠮᠤᠷ ᠲᠦᠪᠰᠢᠨ᠂ | ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠤ ᠬᠥᠮᠦᠰ ᠤᠨ ᠵᠢᠵᠢᠭᠦᠷᠯᠡᠨ ᠰᠠᠬᠢᠬᠤ᠂ ᠠᠵᠢᠯᠯᠠᠵᠤ | ᠪᠠᠶᠢᠭ᠎ᠠ ᠬᠥᠮᠦᠰ ᠤᠨ ᠪᠣᠯᠪᠠᠰᠤᠷᠠᠭᠤᠯᠤᠯ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠲᠣᠭᠲᠠᠭᠠᠬᠤ᠂ | ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠶᠢᠨ ᠲᠥᠬᠦᠭᠡᠷᠦᠮᠵᠢ᠂ ᠠᠮᠠᠷᠠᠯᠲᠠ ᠶᠢᠨ | ᠡᠳᠦᠷ ᠤᠨ ᠤᠬᠠᠭᠤᠯᠭ᠎ᠠ ᠵᠡᠷᠭᠡ ᠪᠠᠶᠢᠳᠠᠯ ᠤᠨ ᠲᠣᠭᠤᠷᠢᠨ ᠳᠤ ᠨᠠᠷᠢᠨ ᠪᠠᠶᠢᠴᠠᠭᠠᠯᠲᠠ ᠬᠢᠨ᠎ᠠ᠃ ᠵᠢᠭᠰᠠᠭᠠᠨ | ᠪᠠᠶᠢᠴᠠᠭᠠᠵᠤ ᠭᠠᠷᠭᠠᠭᠰᠠᠨ ᠡᠯ᠎ᠡ ᠲᠥᠷᠥᠯ ᠤᠨ ᠳᠠᠯᠳᠠ ᠭᠡᠮ ᠤᠨ ᠠᠰᠠᠭᠤᠳᠠᠯ ᠪᠣᠯᠤᠨ ᠪᠠᠭᠤᠷᠠᠶ ᠭᠤᠭᠴᠤᠭ᠎ᠠ ᠳᠤ | ᠴᠢᠭᠯᠡᠭᠦᠯᠦᠨ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ᠂ ᠬᠤᠭᠤᠴᠠᠭ᠎ᠠ ᠬᠢᠵᠠᠭᠠᠷᠯᠠᠨ ᠰᠢᠶ᠋ᠳᠪᠦᠷᠢᠯᠡᠵᠦ᠂ ᠠᠮᠤᠷ | ᠲᠦᠪᠰᠢᠨ ᠤ ᠠᠵᠢᠯ ᠤᠨ ᠪᠢᠲᠡᠭᠦᠮᠵᠢᠯᠡᠭᠰᠡᠨ ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠶ᠃ | ᠪᠠᠶᠢᠴᠠᠭᠠᠬᠤ ᠳᠤᠭᠤᠶᠢᠯᠠᠩ ᠠᠴᠠ᠂ ᠡᠯ᠎ᠡ ᠦᠵᠡᠮᠵᠢ ᠶᠢᠨ ᠣᠷᠣᠨ ᠤ ᠬᠢᠨ ︽5.1︾ ᠤ ᠪᠠᠶᠠᠷ ᠤᠨ ᠡᠳᠦᠷ ᠤᠨ | ᠬᠤᠭᠤᠴᠠᠭᠠᠨ ᠳᠠᠬᠢ ᠠᠮᠤᠷ ᠲᠦᠪᠰᠢᠨ ᠤ ᠠᠵᠢᠯ ᠤᠨ ᠪᠠᠶᠢᠷᠢᠯᠠᠭᠤᠯᠤᠯᠲᠠ ᠶᠢ ᠲᠡᠭᠦᠯᠳᠡᠷᠵᠢᠭᠦᠯᠵᠦ᠂ ᠪᠠᠴᠢᠮ | ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠪᠠᠶᠢᠭᠤᠯᠤᠨ ᠲᠡᠭᠦᠯᠳᠡᠷᠵᠢᠭᠦᠯᠵᠦ᠂ ᠬᠥᠮᠦᠨ ᠬᠠᠷ᠎ᠠ ᠨᠢᠭᠲᠠᠷᠠᠭᠰᠠᠨ | ᠣᠷᠣᠨ ᠪᠦᠰᠡ᠂ ᠲᠡᠷᠭᠡ ᠬᠥᠰᠬᠡ ᠶᠢᠨ ᠣᠷᠣᠵᠤ ᠭᠠᠷᠬᠤ ᠭᠠᠵᠠᠷ ᠵᠡᠷᠭᠡ ᠭᠤᠤᠯᠳᠠᠯᠭ᠎ᠠ ᠲᠠᠢ ᠬᠡᠰᠡᠭ ᠢ ᠬᠢᠨᠠᠨ | ᠡᠵᠡᠮᠳᠡᠬᠦ ᠪᠠᠨ ᠴᠢᠩᠭᠠᠳᠬᠠᠵᠤ᠂ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠪᠡᠯᠡᠳᠬᠡᠯ ᠠᠵᠢᠯ ᠢ ᠬᠢᠨᠠᠮᠠᠭᠠᠶ ᠰᠠᠶᠢᠲᠤᠷ | ᠬᠢᠵᠦ᠂ ᠦᠢᠯᠡᠴᠢᠯᠡᠭᠡᠨ ᠤ ᠤᠬᠠᠮᠰᠠᠷ ᠢᠶᠠᠨ ᠳᠡᠭᠡᠭᠰᠢᠯᠡᠭᠦᠯᠦᠨ᠂ ᠰᠠᠨᠠᠭᠠᠴᠢᠯᠠᠭ᠎ᠠ ᠠᠴᠠ ᠪᠠᠨ ᠴᠢᠨᠠᠷ ᠰᠠᠶᠢᠲᠠᠶ | ᠵᠢᠭᠤᠯᠴᠢᠯᠠᠯ ᠤᠨ ᠦᠢᠯᠡᠴᠢᠯᠡᠭᠡ ᠬᠠᠩᠭᠠᠵᠤ ᠵᠤᠭᠠᠴᠠᠭᠰᠠᠳ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠃ | | ︽5.1︾ ᠤ ᠠᠮᠠᠷᠠᠯᠲᠠ ᠶᠢᠨ ᠬᠤᠭᠤᠴᠠᠭᠠᠨ ᠳᠤ᠂ ᠮᠠᠨ ᠤ ᠰᠢᠶᠠᠨ ᠵᠢᠭᠤᠯᠴᠢᠯᠠᠯ ᠤᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠦᠵᠡᠮᠵᠢ ᠶᠢᠨ ᠣᠷᠣᠨ ᠤ ᠠᠮᠤᠷ | ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |