ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠠᠩᠬᠠᠨ ᠤ ᠡᠳᠦᠷ᠂ ᠵᠦᠸᠧᠽᠢ ᠰᠢᠶᠠᠨ ᠤ ᠯᠢᠨ ᠬᠤᠤ | ᠡᠷᠲᠡᠨ ᠤ ᠴᠠᠶᠢᠵᠠ ᠦᠵᠡᠮᠵᠢ ᠶᠢᠨ ᠣᠷᠣᠨ ᠤ ᠬᠥᠮᠦᠰ ᠤᠨ ᠬᠦᠷᠢᠶᠡᠯᠡᠯ ᠢ ᠣᠯᠵᠤ᠂ ᠦᠵᠡᠮᠵᠢ ᠶᠢᠨ ᠣᠷᠣᠨ ᠤ | ᠠᠩᠬᠠᠳᠠᠭᠴᠢ ︽ᠲᠤᠭᠤᠷ ᠤᠨ ᠴᠡᠴᠡᠭ ᠤᠨ ᠨᠠᠶᠢᠷ︾ ᠡᠬᠢᠯᠡᠵᠦ᠂ ᠠᠭᠤᠯᠠ ᠲᠠᠯ᠎ᠠ ᠳᠦᠭᠦᠷᠡᠩ ᠲᠤᠭᠤᠷ ᠴᠡᠴᠡᠭ | ᠥᠷᠢᠰᠥᠯᠳᠦᠨ ᠳᠡᠯᠭᠡᠷᠡᠵᠦ᠂ ᠶᠠᠭᠠᠨ ᠥᠩᠭᠡ ᠶᠢᠨ ᠴᠡᠴᠡᠭ ᠤᠨ ᠲᠡᠯᠡᠶ ᠶᠢ ᠪᠣᠶ ᠪᠣᠯᠭᠠᠵᠤ᠂ ᠦᠵᠡᠮᠵᠢ ᠶᠢᠨ | ᠣᠷᠣᠨ ᠳᠤ ᠴᠤᠤ ᠱᠠᠨ ᠠᠴᠠ ᠣᠨᠴᠠ ᠤᠷᠢᠭᠰᠠᠨ ᠶᠢᠩ ᠭᠧ ᠪᠥᠵᠢᠭ ᠤᠨ ᠪᠦᠯᠬᠦᠮ᠂ ᠸᠠᠩ ᠣᠪᠣᠭᠲᠤ ᠶᠢᠨ | ᠬᠡᠯᠡᠬᠦ ᠪᠠᠷ ᠵᠠᠭᠤᠴᠢ ᠦᠵᠡᠮᠵᠢ ᠶᠢᠨ ᠣᠷᠣᠨ ᠳᠤ ᠴᠤᠭᠯᠠᠷᠠᠵᠤ᠂ ᠮᠠᠰᠢ ᠣᠯᠠᠨ ᠵᠤᠭᠠᠴᠠᠭᠰᠠᠳ ᠤᠨ ᠬᠡᠷ ᠤᠨ | ᠬᠥᠮᠦᠰ ᠢᠶᠠᠨ ᠲᠠᠲᠠᠵᠤ ᠦᠵᠡᠮᠵᠢ ᠶᠢᠨ ᠣᠷᠣᠨ ᠳᠤ ᠬᠦᠷᠴᠦ ᠪᠠᠶᠢᠭᠠᠯᠢ ᠶᠢᠨ ᠥᠩᠭᠡ ᠦᠵᠡᠮᠵᠢ ᠶᠢ ᠰᠣᠨᠢᠷᠬᠠᠭᠤᠯᠵᠤ | ᠂ ᠵᠤᠭ᠎ᠠ ᠴᠡᠩᠭᠡᠯ ᠤᠨ ᠺᠠᠷᠲ᠂ ᠠᠷᠠᠳ ᠤᠨ ᠵᠠᠩ ᠳᠠᠳᠬᠠᠯ ᠢ ᠪᠠᠶᠠᠯᠢᠭᠵᠢᠭᠤᠯᠤᠭᠰᠠᠨ ᠠᠵᠢᠯᠯᠠᠭ᠎ᠠ ᠶᠢ ᠪᠡᠶᠡᠴᠢᠯᠡᠨ | ᠣᠶᠢᠯᠠᠭᠠᠭᠤᠯᠪᠠ᠃ | ᠬᠠᠪᠤᠷ ᠤᠨ ᠰᠠᠯᠬᠢ ᠦᠯᠢᠶᠡᠵᠦ᠂ ᠲᠣᠭᠤᠷ ᠤᠨ ᠴᠡᠴᠡᠭ ᠮᠢᠷ ᠠᠯᠵᠠᠨ᠂ 5 ᠰᠠᠷ᠎ᠠ ᠶᠢᠨ 1 ᠤ ᠡᠳᠦᠷ᠂ | ᠵᠤᠵᠤᠤᠽᠢ ᠱᠢᠶᠠᠨ ᠤ ᠯᠢᠨ ᠬᠤ ᠭᠦ ᠰᠠᠢ ᠦᠵᠡᠮᠵᠢ ᠶᠢᠨ ᠣᠷᠣᠨ ᠤ ᠠᠩᠬᠠᠳᠤᠭᠠᠷ ᠬᠤᠭᠤᠴᠠᠭᠠᠨ ᠤ ᠲᠣᠭᠤᠷ ᠤᠨ | ᠴᠡᠴᠡᠭ ᠤᠨ ᠨᠠᠢᠷ ᠡᠬᠢᠯᠡᠪᠡ᠂ ᠶᠠᠭᠠᠨ ᠬᠤᠸᠠᠷ ᠨᠢ ᠰᠠᠯᠠᠭ᠎ᠠ ᠨᠠᠮᠠᠭ᠎ᠠ ᠳᠦᠭᠦᠷᠡᠩ ᠪᠠᠢᠵᠤ᠂ ᠠᠭᠤᠯᠠᠨ ᠬᠥᠲᠥᠯ ᠢᠶᠠᠨ | ᠳᠦᠭᠦᠷᠭᠡᠵᠦ᠂ ᠵᠤᠭᠠᠴᠠᠭᠰᠠᠳ ᠲᠣᠭᠤᠷ ᠤᠨ ᠣᠢ ᠪᠠᠷ ᠰᠦᠯᠵᠢᠯ ᠳᠦᠨ᠂ ᠠᠳᠡ ᠲᠡᠨᠳᠡ ᠪᠢᠴᠢᠨ ᠳᠤᠷᠠᠰᠭᠠᠯ | ᠦᠯᠡᠳᠡᠭᠡ ᠪᠡ᠃ ᠲᠣᠭᠤᠷ ᠤᠨ ᠬᠤᠸᠠᠷ ᠴᠡᠴᠡᠭ ᠠᠴᠠ ᠭᠠᠳᠠᠨ᠎ᠠ᠂ ᠠᠰᠪᠤᠷ ᠴᠠᠭᠠᠪᠤᠷ ᠮᠠᠯᠤᠷ ᠥᠲᠡᠭᠡ ᠪᠠᠰᠠ | ᠵᠤᠭᠠᠴᠠᠭᠰᠠᠳ ᠤᠨ ᠠᠩᠬᠠᠷᠤᠯ ᠤᠨ ᠴᠡᠭ ᠪᠣᠯᠵᠤ᠂ ᠲᠡᠳᠡ ᠬᠡᠪᠲᠡᠬᠦ ᠪᠤᠶᠤ ᠰᠠᠭᠤᠵᠤ᠂ ᠨᠠᠭᠠᠳᠴᠤ ᠲᠣᠭᠯᠠᠬᠤ ᠪᠤᠶᠤ | ᠳᠣᠭᠯ ᠠᠵᠤ᠂ ᠬᠥᠳᠡᠯᠭᠡᠭᠡᠨ ᠨᠢᠭᠡᠪᠦᠷᠢ ᠳᠤ ᠴᠥᠮ ᠬᠥᠭᠡᠷᠦᠬᠦᠨ ᠪᠥᠭᠡᠳ ᠰᠣᠨᠢᠷᠬᠠᠯ ᠲᠠᠢ ᠪᠠᠢᠳᠠᠭ᠃ | ᠠᠮᠠᠷᠠᠯᠲᠠ ᠶᠢᠨ ᠬᠤᠭᠤᠴᠠᠭᠠᠨ ᠳᠤ᠂ ᠦᠵᠡᠮᠵᠢ ᠶᠢᠨ ᠣᠷᠣᠨ ᠴᠤᠤ ᠱᠠᠨ ᠶᠢᠩ ᠳᠠᠭᠤᠤ ᠪᠥᠵᠢᠭ ᠤᠨ | ᠲᠣᠭᠯᠠᠯᠲᠠ ᠶᠢ ᠨᠠᠷᠢᠨ ᠨᠢᠮᠪᠠᠢ ᠲᠥᠰᠦᠪᠯᠡᠵᠦ᠂ ᠵᠤᠭᠠᠴᠠᠭᠰᠠᠳ ᠲᠤ ᠭᠤᠶᠢᠳᠠ ᠰᠠᠶᠢᠬᠠᠨ ᠲᠣᠭᠯᠠᠯᠲᠠ | ᠰᠣᠨᠢᠷᠬᠠᠬᠤ ᠶᠢᠨ ᠬᠠᠮᠲᠤ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠮᠡᠳᠡᠷᠡᠭᠦᠯᠪᠡ᠃ | ᠮᠠᠨ ᠤ ᠥᠨᠥᠳᠦᠷ ᠤᠨ ᠲᠣᠭᠯᠠᠭᠰᠠᠨ ᠲᠣᠭᠯᠠᠯᠲᠠ ᠪᠣᠯ ᠴᠤᠤᠱᠠᠨ ᠶᠢᠩ ᠳᠠᠭᠤᠤ ᠪᠥᠵᠢᠭ ᠮᠥᠨ᠂ ᠥᠭᠡᠷ᠎ᠡ ᠪᠠᠷ | ᠬᠡᠯᠡᠪᠡᠯ ︽ᠳᠤᠮᠳᠠᠳᠤ ᠶᠢᠨ ᠳᠠᠶᠢᠨ ᠤ ᠪᠥᠵᠢᠭ︾ ᠮᠥᠨ᠂ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ | ᠥᠪ ᠮᠥᠨ᠂ ᠣᠲᠣ ᠪᠣᠯᠲᠠᠯ᠎ᠠ ᠨᠢᠭᠡᠨᠲᠡ ᠬᠡᠳᠦᠨ ᠵᠠᠭᠤᠨ ᠵᠢᠯ ᠤᠨ ᠲᠡᠤᠬᠡ ᠲᠠᠢ ᠪᠣᠯᠵᠠᠶ᠃ ᠮᠠᠨ ᠤ ᠴᠤᠤ ᠱᠠᠨ | ᠶᠢᠩ ᠳᠠᠭᠤᠤ ᠪᠥᠵᠢᠭ ᠨᠢ ᠪᠥᠵᠢᠭ᠂ ᠰᠢ ᠵᠦᠴᠦᠭᠡ᠂ ᠵᠡᠪᠰᠡᠭ ᠤᠨ ᠡᠷᠳᠡᠮ ᠭᠤᠷᠪᠠ ᠶᠢ ᠨᠢᠭᠡ | ᠴᠤᠭᠴᠠᠵᠢᠭᠤᠯᠤᠭᠰᠠᠨ ᠪᠠᠶᠢᠳᠠᠯ ᠳᠤ ᠠᠭᠤᠰᠤᠯᠴᠠᠵᠤ᠂ ᠡᠶᠢᠮᠦᠷᠬᠦ ᠠᠷᠭ᠎ᠠ ᠬᠡᠯᠪᠡᠷᠢ ᠪᠠᠷ ᠪᠠᠭᠠᠲᠤᠷ ᠰᠠᠶᠢᠨ ᠡᠷ᠎ᠡ | ᠤᠯᠠᠮᠵᠢᠯᠠᠭᠳᠠᠭᠰᠠᠨ ᠴᠤᠭ ᠵᠢᠪᠬᠤᠭ᠎ᠠ ᠶᠢ ᠢᠯᠡᠷᠡᠭᠦᠯᠪᠡ᠃ | ᠡᠭᠦᠨ ᠤ ᠬᠠᠮᠲᠤ᠂ ᠰᠦᠯᠵᠢᠶᠡᠨ ᠤ ᠬᠤᠩ ᠳ᠋ᠠ ᠬᠥᠮᠦᠨ ᠤ ︽ᠰᠢᠩᠭᠡᠨ ᠪᠤᠳᠠᠭ᠎ᠠ ᠪᠣᠣᠪᠤ ᠬᠠᠭᠠᠷᠢᠬᠤ︾ ᠪᠠ ︽ | ᠸᠠᠩ ᠡᠪᠤᠭᠡᠨ ᠵᠠᠭᠤᠴᠢ︾ ᠨᠢ ᠴᠦ ᠪᠡᠶ᠎ᠡ ᠪᠠᠷ ᠢᠶᠠᠨ ᠲᠤᠬᠠᠶ ᠶᠢᠨ ᠲᠠᠯᠠᠪᠤᠷ ᠲᠤ ᠬᠦᠷᠴᠦ᠂ ᠵᠤᠭᠠᠴᠠᠭᠰᠠᠳ ᠲᠠᠢ | ᠳᠣᠲᠣᠨᠣ ᠪᠠᠷ ᠶᠠᠷᠢᠯᠴᠠᠵᠤ᠂ ᠪᠦᠬᠦ᠋ᠢᠯᠡ ᠠᠮᠠᠷᠠᠯᠲᠠ ᠶᠢᠨ ᠬᠤᠭᠤᠴᠠᠭᠠᠨ ᠳᠤ ᠬᠢᠵᠠᠭᠠᠯᠠᠰᠢ ᠥᠬᠡᠶ ᠪᠠᠶᠠᠷ ᠪᠠᠶᠠᠰᠤᠯ | ᠨᠡᠮᠡᠷᠢᠯᠡᠪᠡ᠃ | ᠳ᠋ᠸᠤ ᠶᠢᠨ ᠯᠢᠨ ᠬᠤ ᠭᠦ᠋ ᠰᠠᠢ ᠭᠡᠳᠡᠭ ᠡᠨᠡᠬᠦ ᠢᠩ ᠳᠠᠭᠤᠤ ᠪᠥᠵᠢᠭ ᠪᠣᠯᠣᠨ ᠰᠢᠩᠭᠡᠨ ᠪᠡᠶᠡᠲᠦ ᠪᠣᠣᠪᠤ ᠶᠢ | ᠬᠠᠷᠠᠭᠠᠳ ᠶᠠᠭ ᠢᠷᠡᠵᠦ ᠦᠵᠡᠮᠡᠭᠴᠡ ᠠᠳᠡ ᠲᠣᠩ ᠰᠠᠢᠨ ᠲᠣᠭᠯᠠᠭᠰᠠᠨ ᠰᠢᠭ ᠰᠠᠨᠠᠭᠳᠠᠵᠤ᠂ ᠪᠠᠰᠠ ᠴᠤ ᠦᠨᠡᠲᠡᠢ | ᠪᠢᠰᠢ᠃ | ᠯᠢᠨ ᠬᠤ ᠭᠦ ᠰᠠᠢ ᠪᠠᠰᠠ ᠮᠠᠱᠢ ᠣᠯᠠᠨ ᠬᠥᠮᠦᠨ ᠤ ᠰᠡᠳᠭᠢᠯ ᠢ ᠬᠥᠳᠡᠯᠭᠡᠮ᠎ᠡ ᠵᠤᠭᠠᠴᠠᠯ ᠤᠨ ᠲᠥᠷᠥᠯ ᠵᠦᠢᠯ ᠨᠢ | ᠵᠢᠭᠤᠯᠴᠢᠳ ᠤᠨ ᠰᠦᠪᠡᠭᠴᠢᠯᠡᠯᠲᠡ ᠶᠢ ᠬᠦᠯᠢᠶᠡᠵᠦ ᠪᠠᠢᠨ᠎ᠠ᠃ ᠦᠵᠡᠮᠵᠢ ᠶᠢᠨ ᠣᠷᠣᠢ ᠳᠤ᠂ ᠵᠤᠭᠠᠴᠠᠭᠰᠠᠳ ᠠᠯᠬᠤᠮ | ᠠᠯᠬᠤᠮ ᠢᠶᠠᠷ ᠬᠥᠮᠦᠰ ᠢ ᠰᠣᠴᠢᠭᠠᠮ᠎ᠠ ᠥᠨᠳᠥᠷ ᠣᠭᠲᠠᠷᠭᠤᠢ ᠶᠢᠨ ᠳᠡᠭᠦᠵᠢᠩ ᠬᠥᠭᠦᠷᠭᠡ ᠲᠠᠢ ᠥᠷᠢᠰᠥᠯᠳᠦᠵᠦ᠂ | ᠵᠢᠷᠦᠬᠡᠨ ᠤ ᠯᠤᠭᠰᠢᠯᠲᠠ ᠲᠦᠷᠭᠡᠳᠬᠦ ᠰᠡᠳᠡᠯᠲᠡ ᠪᠣᠯᠤᠨ ᠪᠠᠶᠠᠰᠤᠯ ᠢ ᠣᠶᠢᠯᠠᠭᠠᠵᠤ ᠪᠣᠯᠤᠨ᠎ᠠ︔ ᠪᠠᠰᠠ ᠠᠭᠤᠯᠠᠨ | ᠤᠷᠤᠢ ᠶᠢᠨ ᠥᠨᠳᠥᠷ ᠣᠭᠲᠠᠷᠭᠤᠢ ᠶᠢᠨ ᠳᠡᠭᠦᠵᠢᠯᠡᠯ ᠢ ᠲᠤᠷᠰᠢᠵᠤ᠂ ᠬᠦᠬᠡ ᠣᠭᠲᠠᠷᠭᠤᠢ ᠶᠢᠨ ᠴᠠᠭᠠᠨ ᠡᠭᠦᠯᠡ ᠶᠢᠨ | ᠳᠣᠣᠷ᠎ᠠ ᠳᠣᠲᠣᠭᠠᠳᠤ ᠰᠡᠳᠬᠢᠯ ᠤᠨ ᠳᠠᠷᠤᠯᠲᠠ ᠪᠣᠯᠤᠨ ᠬᠦᠯᠢᠶᠡᠰᠦᠯᠡᠯ ᠢ ᠭᠦᠢᠴᠡᠳ ᠪᠠᠳᠠᠷᠠᠭᠤᠯᠵᠤ ᠪᠣᠯᠤᠨ᠎ᠠ᠃ | ᠡᠭᠦᠨ ᠠᠴᠠ ᠭᠠᠳᠠᠨ᠎ᠠ᠂ ᠭᠤᠯᠭᠤᠭᠤᠷ ᠳᠡᠭᠡᠰᠦ ᠪᠣᠯᠤᠨ ᠰᠣᠯᠣᠩᠭ᠎ᠠ ᠭᠤᠯᠭᠤᠭᠤᠷ ᠵᠠᠮ ᠪᠣᠯ ᠪᠠᠰᠠ ᠴᠤ᠋ ᠠᠯᠳᠠᠵᠤ | ᠪᠣᠯᠬᠤ ᠦᠭᠡᠢ ᠲᠥᠷᠥᠯ ᠵᠦᠢᠯ ᠪᠣᠯᠤᠨ᠎ᠠ᠂ ᠲᠡᠳᠡ ᠵᠤᠭᠠᠴᠠᠭᠰᠠᠳ ᠲᠤ ᠤᠷᠢᠳ ᠡᠮᠦᠨ᠎ᠡ ᠪᠠᠢᠭ᠎ᠠ ᠦᠭᠡᠢ ᠬᠤᠷᠳᠤᠴᠠ | ᠪᠣᠯᠤᠨ ᠤᠷᠮ᠎ᠠ ᠰᠡᠳᠭᠢᠯᠭᠡ ᠶᠢ ᠠᠪᠴᠢᠷᠠᠵᠤ ᠥᠭᠴᠡᠢ᠃ | ᠯᠢᠨ ᠬᠧ ᠭᠦ᠋ ᠰᠠᠢ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠬᠡᠯᠲᠡᠰ ᠤᠨ ᠬᠠᠷᠢᠭᠤᠴᠠᠯᠭᠠᠲᠠᠨ ᠭᠦᠸᠧ | ᠱᠤᠸᠠᠢ᠄ ᠣᠳᠣ ︵5 ᠰᠠᠷ᠎ᠠ ᠶᠢᠨ 1 ᠤ ᠡᠳᠦᠷ ᠤᠨ ᠦᠳᠡ ᠶᠢᠨ ᠬᠤᠢᠨᠠᠬᠢ 14 ᠴᠠᠭ︶ ᠪᠣᠯᠲᠠᠯ᠎ᠠ᠂ ᠮᠠᠨ ᠤ ᠯᠢᠨ | ᠬᠤ ᠡᠷᠲᠡᠨ ᠤ ᠰᠠᠢ ᠦᠵᠡᠮᠵᠢ ᠶᠢᠨ ᠣᠷᠣᠨ ᠤ ᠬᠦᠷᠢᠶᠡᠯᠡᠩ ᠳᠤ ᠣᠷᠣᠭᠰᠠᠨ ᠬᠥᠮᠦᠨ ᠤ ᠲᠤᠭ᠎ᠠ ᠪᠠᠷᠤᠭ 6000 | ~ 7000 ᠭᠠᠷᠤᠢ ᠪᠣᠯᠵᠤ᠂ ᠲᠤᠰ ᠤᠳᠠᠭᠠᠨ ᠤ ︽ᠲᠠᠪᠤᠨ ᠰᠠᠷ᠎ᠠ ᠶᠢᠨ ᠨᠢᠭᠡᠨ︾ ᠤ ᠲᠣᠭᠤᠷ ᠤᠨ ᠴᠡᠴᠡᠭ ᠤᠨ | ᠨᠠᠢᠷ ᠤᠨ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠶᠢᠨ ᠵᠤᠭᠠᠴᠠᠭᠰᠠᠳ ᠨᠡᠯᠢᠶᠡᠳ ᠣᠯᠠᠨ ᠪᠠᠢᠨ᠎ᠠ᠃ | ᠵᠤᠭᠠᠴᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠶᠢᠨ ᠲᠥᠯᠥᠭᠡ᠂ ᠮᠠᠨ ᠤ ᠪᠤᠢ ᠪᠦᠬᠦᠢ | ᠠᠵᠢᠯᠲᠠᠳ ᠡᠳᠦᠷᠵᠢᠨ ᠠᠵᠢᠯ ᠤᠨ ᠪᠠᠶᠢᠷᠢ ᠪᠠᠨ ᠪᠠᠲᠤ ᠰᠠᠬᠢᠵᠤ᠂ ᠵᠤᠭᠠᠴᠠᠭᠰᠠᠳ ᠤᠨ ᠳᠤᠷᠠᠳᠤᠭᠰᠠᠨ ᠬᠡᠷᠡᠭᠴᠡᠭᠡ | ᠵᠢᠴᠢ ᠦᠢᠯᠡᠴᠢᠯᠡᠬᠦ ᠠᠵᠢᠯ ᠢ ᠪᠢᠳᠡ ᠪᠦᠬᠦ ᠬᠦᠴᠦᠨ ᠢᠶᠠᠷ ᠢᠶᠠᠨ ᠬᠠᠩᠭᠠᠵᠤ ᠪᠠᠶᠢᠨ᠎ᠠ᠃ ᠲᠣᠰ ᠤᠳᠠᠭᠠᠨ ᠤ ᠲᠠᠪᠤᠨ | ᠰᠠᠷ᠎ᠠ ᠶᠢᠨ ᠨᠢᠭᠡᠨ ᠤ ᠲᠤᠭᠤᠷ ᠤᠨ ᠴᠡᠴᠡᠭ ᠤᠨ ᠪᠠᠶᠠᠷ ᠤᠨ ᠠᠵᠢᠯᠯᠠᠭ᠎ᠠ ᠶᠢᠨ ᠪᠡᠯᠡᠳᠬᠡᠯ ᠨᠡᠯᠢᠶᠡᠳ ᠭᠦᠶ᠋ᠴᠡᠳ | ᠪᠠᠶᠢᠵᠤ᠂ ᠲᠤᠬᠠᠶ ᠶᠢᠨ ᠲᠠᠯᠠᠪᠤᠷ ᠤᠨ ᠵᠤᠭᠠᠴᠠᠭᠰᠠᠳ ᠴᠦ ᠨᠡᠯᠢᠶᠡᠳ ᠣᠯᠠᠨ ᠪᠠᠶᠢᠵᠤ᠂ ᠪᠦᠬᠦᠯᠢ ᠲᠠᠪᠤᠨ ᠰᠠᠷ᠎ᠠ ᠶᠢᠨ | ᠨᠢᠭᠡᠨ ᠤ ᠬᠤᠭᠤᠴᠠᠭᠠᠨ ᠳᠤ ᠪᠢᠳᠡ ᠴᠡᠴᠡᠷᠯᠢᠭ ᠲᠤ ᠣᠷᠣᠬᠤ ᠬᠥᠮᠦᠨ ᠤ ᠲᠤᠭ᠎ᠠ 5 ᠲᠦᠮᠡ ᠠᠴᠠ ᠳᠡᠭᠡᠭᠰᠢ | ᠪᠠᠶᠢᠨ᠎ᠠ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |