ᠦᠨᠳᠦᠰᠦᠲᠡᠨ ᠤ ᠪᠦᠯᠬᠦᠮᠳᠡᠯ ᠪᠣᠯ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠨ ᠰᠤᠳᠠᠰᠤ ᠮᠥᠨ᠃ | ᠣᠶᠢᠷ᠎ᠠ ᠶᠢᠨ ᠵᠢᠯ ᠠᠴᠠ ᠨᠠᠰᠢ᠂ ᠵᠦᠸᠧᠽᠢ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ︽ᠭᠠᠶᠢᠯᠢ ᠶᠢᠨ | ᠬᠤᠰᠢᠭᠤᠴᠢ ᠦᠢᠯᠡᠳᠦᠯ︾ ᠤᠨ ᠦᠢᠯᠡᠳᠦᠯ ᠢᠶᠠᠨ ᠦᠨᠡᠨᠬᠦ ᠪᠠᠳᠠᠷᠠᠭᠤᠯᠵᠤ᠂ ᠠᠷᠠᠳ ᠲᠤ ᠠᠰᠢᠭ ᠬᠦᠷᠲᠡᠭᠡᠬᠦ | ᠲᠥᠷᠥ ᠶᠢᠨ ᠪᠣᠳᠣᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠤᠨ᠂ ᠦᠨᠳᠦᠰᠦᠲᠡᠨ ᠨᠦᠭᠦᠳ ᠤᠨ ᠭᠠᠶᠢᠯᠢ | ᠲᠤᠰᠢᠶᠠᠭᠴᠢ ᠶᠢᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ︽ᠭᠠᠶᠢᠯᠢ ᠲᠠᠲᠠᠪᠤᠷᠢ ᠶᠢ ᠪᠠᠶᠠᠰᠬᠠᠨ ᠬᠠᠮᠲᠤ ᠪᠠᠷ | ᠤᠷᠤᠭᠰᠢᠯᠠᠬᠤ︾ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠨᠠᠷᠠᠲᠤ ᠲᠡᠮᠳᠡᠭᠲᠦ ᠶᠢ ᠢᠳᠡᠪᠬᠢᠲᠡᠶ | ᠪᠣᠶ ᠪᠣᠯᠭᠠᠵᠤ᠂ ︽ᠭᠠᠶᠢᠯᠢ ᠶᠢᠨ ᠶᠠᠪᠤᠳᠠᠯ ᠤᠨ ᠬᠥᠬᠡ︾ ᠢ ︽ᠦᠨᠳᠦᠰᠦᠲᠡᠨ ᠤ ᠬᠡᠷᠡᠯ ᠭᠢᠯᠪᠠᠭ᠎ᠠ︾ ᠲᠠᠢ | ᠠᠭᠤᠰᠤᠯᠴᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠪᠠᠶᠢᠭᠤᠯᠭ᠎ᠠ ᠶᠢᠨ ︽ | ᠠᠯᠲᠠᠨ ᠦᠰᠦᠭᠲᠦ ᠫᠠᠶᠢᠰᠠ︾ ᠶᠢ ᠦᠷᠭᠦᠯᠵᠢᠯᠡᠨ ᠭᠡᠷᠡᠯᠳᠦᠬᠦᠯᠪᠡ᠃ | ᠠᠭᠤᠰᠤᠯᠴᠠᠨ ᠠᠭᠤᠰᠤᠯᠴᠠᠭᠤᠯᠬᠤ ᠠᠵᠢᠯ ᠢ ᠰᠡᠳᠬᠢᠯ ᠳᠡᠯᠪᠢᠨ ᠰᠠᠶᠢᠲᠤᠷ ᠬᠢᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠬᠡᠷᠡᠭᠲᠡᠢ᠃ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠪᠠᠷ | ᠬᠠᠷᠠᠯᠲᠠ ᠪᠣᠯᠭᠠᠵᠤ᠂ ᠵᠦᠸᠧᠽᠢ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ︽ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ | ᠳᠤᠭᠤᠶᠢᠯᠠᠩ︾ ᠢ ᠪᠠᠶᠢᠭᠤᠯᠵᠤ᠂ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠨᠠᠷᠢᠯᠢᠭᠵᠢᠭᠤᠯᠤᠨ᠂ ᠤᠬᠠᠭᠤᠯᠭ᠎ᠠ ᠶᠢᠨ | ᠵᠢᠭᠰᠠᠭᠠᠯ ᠤᠨ ᠭᠠᠵᠠᠷ ᠢ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠭᠠᠶᠢᠯᠢ ᠶᠢᠨ | ᠶᠠᠪᠤᠳᠠᠯ ᠤᠨ ᠠᠵᠢᠯ ᠤᠨ ᠪᠦᠬᠦ ᠶᠠᠪᠤᠴᠠ᠂ ᠡᠯ᠎ᠡ ᠲᠠᠯ᠎ᠠ ᠳᠤ ᠠᠭᠤᠰᠤᠯᠴᠠᠭᠤᠯᠵᠤ᠂ ᠭᠠᠶᠢᠯᠢ ᠲᠠᠲᠠᠪᠤᠷᠢ ᠶᠢᠨ | ᠠᠵᠢᠯ ᠲᠠᠢ ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ ᠨᠠᠶᠢᠳᠠᠪᠤᠷᠢᠵᠢᠭᠤᠯᠵᠤ᠂ ᠬᠠᠮᠲᠤ ᠳᠤᠨᠢ ᠬᠢᠨᠠᠨ ᠰᠢᠯᠭᠠᠨ᠎ᠠ | ᠃ | ︽ᠬᠠᠨᠳᠤᠯᠭ᠎ᠠ ᠲᠠᠢ ᠪᠠᠷ ᠰᠤᠷᠤᠯᠴᠠᠬᠤ᠂ ᠪᠠᠶᠢᠩᠭᠤ ᠰᠤᠷᠤᠯᠴᠠᠬᠤ᠂ ᠰᠢᠨ᠎ᠡ ᠶᠢ ᠡᠭᠦᠳᠬᠦ︾ ︽ᠭᠤᠷᠪᠠᠨ | ᠰᠤᠷᠤᠯᠴᠠᠯᠭ᠎ᠠ︾ ᠶᠢᠨ ᠵᠠᠭᠪᠤᠷ ᠢᠶᠠᠷ ᠦᠵᠡᠯ ᠰᠠᠨᠠᠭᠠᠨ ᠤ ᠰᠠᠭᠤᠷᠢ ᠶᠢ ᠪᠠᠲᠤᠳᠬᠠᠨ᠎ᠠ᠃ ᠶᠡᠷᠦᠩᠬᠡᠶ ᠱᠦᠵᠢ ᠰᠢ ᠶᠢᠨ | ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠠ | ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠠᠷ ᠭᠤᠤᠯᠳᠠᠯᠭ᠎ᠠ ᠪᠣᠯᠭᠠᠵᠤ᠂ ᠵᠦᠸᠧᠽᠢ | ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ︽ᠤᠳᠤᠷᠢᠳᠤᠯᠭ᠎ᠠ ᠲᠦᠷᠦᠭᠦᠯᠡᠨ ᠰᠤᠷᠤᠯᠴᠠᠬᠤ᠂ ᠺᠠᠳ᠋ᠷ | ᠲᠥᠪᠯᠡᠷᠡᠭᠦᠯᠦᠨ ᠰᠤᠷᠤᠯᠴᠠᠬᠤ᠂ ᠴᠠᠭ ᠲᠤᠬᠠᠶ ᠳᠤᠨᠢ ᠰᠤᠷᠭᠠᠭᠤᠯᠢ ᠳᠤ ᠰᠤᠷᠤᠯᠴᠠᠬᠤ᠂ ᠵᠢᠯᠣᠭᠤᠳᠣᠭᠴᠢ | ᠪᠠᠭᠰᠢ ᠶᠢᠨ ᠬᠠᠪᠰᠤᠷᠤᠨ ᠵᠢᠯᠣᠭᠤᠳᠬᠤ ᠰᠤᠳᠤᠯᠭᠠᠨ︾ ᠢ ᠪᠠᠶᠢᠩᠭᠤᠵᠢᠭᠤᠯᠤᠨ ᠥᠷᠨᠢᠭᠦᠯᠵᠦ᠂ ︽ᠨᠢᠭᠡ ᠬᠤᠩᠬᠢᠯ | ᠨᠢᠭᠡ ᠥᠷᠥᠭᠡ︾ ᠶᠢᠨ ᠰᠣᠶᠣᠯ ᠤᠨ ᠵᠢᠭᠰᠠᠭᠠᠯ ᠤᠨ ᠭᠠᠵᠠᠷ ᠢ ᠪᠠᠶᠢᠭᠤᠯᠵᠤ᠂ ︽ᠤᠯᠠᠭᠠᠨ ᠠᠨᠠᠷᠤᠷ︾ ᠤᠨ | ᠤᠬᠠᠭᠤᠯᠭ᠎ᠠ ᠶᠢᠨ ᠬᠤᠩᠭᠢᠯ ᠢ ᠨᠡᠮᠡᠨ ᠪᠠᠶᠢᠭᠤᠯᠵᠤ᠂ ᠨᠠᠮ ᠤᠨ ᠭᠡᠰᠢᠭᠦᠨ ᠤ ᠠᠵᠢᠯᠯᠠᠭᠠᠨ ᠤ ᠲᠠᠰᠤᠭ᠂ ᠠᠵᠢᠯᠲᠠᠨ | ᠠᠵᠢᠯᠴᠢᠨ ᠤ ᠨᠣᠮ ᠪᠢᠴᠢᠭ ᠢ ᠪᠠᠶᠠᠯᠢᠭᠵᠢᠭᠤᠯᠤᠨ ᠲᠡᠭᠦᠯᠳᠡᠷᠵᠢᠭᠦᠯᠵᠦ᠂ ᠦᠨᠳᠦᠰᠦᠲᠡᠨ ᠤ ᠲᠥᠷᠥ ᠶᠢᠨ ᠪᠣᠳᠣᠯᠭ᠎ᠠ | ᠬᠠᠤᠯᠢ ᠲᠣᠭᠲᠠᠭᠠᠯ ᠤᠨ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠺᠠᠳ᠋ᠷ ᠠᠵᠢᠯᠲᠠᠨ | ᠠᠵᠢᠯᠴᠢᠨ ᠤ ᠭᠠᠶᠢᠯᠢ ᠲᠤᠰᠢᠶᠠᠬᠤ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠴᠢᠩᠭᠠᠳᠬᠠᠵᠤ᠂ | ᠦᠨᠳᠦᠰᠦᠲᠡᠨ ᠨᠦᠭᠦᠳ ᠤᠨ ᠭᠠᠶᠢᠯᠢ ᠲᠤᠰᠢᠶᠠᠭᠴᠢ ᠶᠢᠨ ᠭᠠᠶᠢᠯᠢ ᠭᠦᠢᠴᠡᠳᠬᠡᠬᠦ ᠥᠩᠭᠡᠷᠡᠯᠲᠡ ᠶᠢ ᠪᠥᠬᠦ ᠲᠠᠯ᠎ᠠ ᠪᠠᠷ | ᠲᠠᠰ ᠳᠡᠪᠰᠢᠭᠦᠯᠬᠦ ᠶᠢ ᠦᠨᠡᠨ ᠬᠦ ᠪᠠᠲᠤᠯᠠᠪᠠ᠃ | ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠪᠣᠳᠠᠲᠠᠢ ᠲᠥᠷᠦᠭᠳᠡᠯ ᠦᠷ᠎ᠡ ᠠᠰᠢᠭ ᠲᠠᠢ | ᠪᠠᠶᠢᠯᠭᠠᠵᠤ ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠰᠠᠶᠢᠲᠤᠷ ᠶᠠᠷᠢᠬᠤ ᠶᠢᠨ ᠲᠥᠯᠥᠭᠡ᠂ | ᠤᠬᠠᠭᠤᠯᠭ᠎ᠠ ᠶᠢᠨ ᠲᠠᠯ᠎ᠠ ᠪᠠᠷ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠵᠦᠸᠧᠽᠢ ᠰᠢᠶᠠᠨ ᠤ ᠭᠠᠶᠢᠯᠢ ᠶᠢᠨ | ᠶᠠᠪᠤᠳᠠᠯ ᠤᠨ ᠲᠣᠪᠴᠢᠶ᠎ᠠ ︽ᠠᠬᠠᠮᠠᠳ ᠢᠳᠡᠷ ᠵᠠᠯᠠᠭᠤᠴᠤᠳ︾ ᠭᠤᠷᠪᠠᠨ ᠦᠶ᠎ᠡ ᠶᠢᠨ ᠭᠠᠶᠢᠯᠢ ᠶᠢᠨ ᠺᠠᠳ᠋ᠷ ᠢᠶᠠᠷ | ᠬᠤᠯᠪᠣᠭᠠᠰᠤ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠤᠬᠠᠭᠤᠯᠵᠤ᠂ ︽ᠠᠯᠳᠠᠨ ᠭᠠᠶᠢᠯᠢ ᠮᠥᠩᠭᠦᠨ ᠨᠠᠰᠤ︾ | ᠶᠢᠨ ᠠᠵᠢᠯ ᠠᠴᠠ ᠪᠠᠨ ᠠᠮᠠᠷᠠᠭᠰᠠᠨ ᠭᠠᠶᠢᠯᠢ ᠶᠢᠨ ᠺᠠᠳ᠋ᠷ ᠤᠨ ᠠᠵᠢᠯᠯᠠᠬᠤ ᠠᠩᠬᠢ ᠶᠢ ᠪᠠᠶᠢᠭᠤᠯᠵᠤ᠂ ᠤᠷᠠᠨ | ᠪᠢᠴᠢᠯᠭᠡ᠂ ᠨᠠᠶᠢᠷᠠᠯ ᠳᠠᠭᠤᠤ᠂ ᠤᠷᠠᠨ ᠤᠩᠰᠢᠯᠭ᠎ᠠ ᠵᠡᠷᠭᠡ ᠬᠡᠯᠪᠡᠷᠢ ᠪᠠᠷ ᠦᠨᠳᠦᠰᠦᠲᠡᠨ ᠤ ᠠᠵᠢᠯ ᠤᠨ ᠵᠣᠷᠢᠭ | ᠰᠠᠨᠠᠭ᠎ᠠ ᠶᠢ ᠤᠯᠠᠮᠵᠢᠯᠠᠪᠠ︔ ︽ᠵᠠᠯᠠᠭᠤᠴᠤᠳ ᠤᠨ ᠤᠨᠤᠯ ᠤᠨ ᠰᠤᠷᠤᠯᠴᠠᠬᠤ ᠳᠤᠭᠤᠶᠢᠯᠠᠩ︾ ᠢᠶᠠᠷ ᠭᠤᠣᠯ | ᠪᠦᠷᠢᠯᠳᠦᠬᠦᠨ ᠪᠣᠯᠭᠠᠵᠤ᠂ ︽ᠵᠦᠸᠧ ᠶᠤᠸᠠᠢ ᠤᠬᠠᠭᠤᠯᠤᠨ ᠲᠠᠶᠢᠯᠪᠤᠷᠢᠯᠠᠬᠤ ᠪᠦᠯᠬᠦᠮ︾ ᠢ ᠵᠣᠬᠢᠶᠠᠨ ᠪᠠᠶᠢᠭᠤᠯᠵᠤ᠂ | ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠪᠡ︔ ᠺᠠᠳ᠋ᠷ ᠤᠨ ᠦᠷ᠎ᠡ ᠬᠡᠦᠬᠡᠳ ᠢᠶᠠᠷ ︽ | ᠭᠠᠶᠢᠯᠢ ᠶᠢᠨ ᠴᠢᠬᠢᠨ ᠰᠠᠯᠠᠭ᠎ᠠ︾ ᠶᠢᠨ ᠨᠠᠶᠢᠷᠠᠯ ᠳᠠᠭᠤᠤ ᠶᠢᠨ ᠪᠦᠯᠬᠦᠮ ᠢ ᠵᠣᠬᠢᠶᠠᠨ ᠪᠠᠶᠢᠭᠤᠯᠵᠤ᠂ ᠭᠡᠷ ᠪᠦᠯᠢ ᠪᠠᠷ | ᠨᠢᠭᠡᠴᠢ ᠪᠣᠯᠭᠠᠵᠤ᠂ ᠦᠨᠳᠦᠰᠦᠲᠡᠨ ᠤ ᠠᠵᠢᠯ ᠤᠨ ᠵᠣᠷᠢᠭ ᠰᠠᠨᠠᠭ᠎ᠠ ᠶᠢ ᠰᠤᠷᠭᠠᠭᠤᠯᠢ ᠶᠢᠨ ᠬᠦᠷᠢᠶ᠎ᠡ᠂ ᠨᠡᠶᠢᠭᠡᠮ ᠳᠤ | ᠨᠥᠯᠥᠭᠡᠯᠡᠪᠡ᠃ | ᠬᠠᠶᠢᠷ᠎ᠠ ᠰᠡᠳᠬᠢᠯᠭᠡ ᠪᠠᠷ ᠢᠶᠠᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ᠂ | ᠦᠨᠳᠦᠰᠦᠲᠡᠨ ᠤ ᠨᠢᠭᠡ ᠭᠡᠷ ᠤᠨ ᠬᠥᠮᠦᠨ ᠮᠡᠲᠦ ᠳᠣᠲᠣᠨᠣ ᠤᠬᠠᠮᠰᠠᠷ ᠢ ᠨᠡᠩ ︽ᠲᠦᠷᠦᠭᠳᠡᠯ ᠲᠠᠢ︾ ᠪᠣᠯᠭᠠᠨ᠎ᠠ | ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠪᠠ ᠨᠠᠷᠠᠲᠤ ᠲᠡᠮᠳᠡᠭᠲᠦ ᠶᠢᠨ ᠤᠬᠠᠭᠤᠯᠭ᠎ᠠ ᠶᠢᠨ | ᠲᠥᠯᠥᠪᠵᠢᠭᠦᠯᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠵᠦᠸᠧᠽᠢ ᠰᠢᠶᠠᠨ ᠤ ᠭᠠᠶᠢᠯᠢ ᠶᠢᠨ ᠶᠠᠪᠤᠳᠠᠯ ᠤᠨ | ᠲᠣᠪᠴᠢᠶ᠎ᠠ ᠤᠮᠠᠷᠠᠲᠤ ᠬᠢᠯᠢ ᠶᠢᠨ ᠭᠠᠶᠢᠯᠢ ᠶᠢᠨ ᠶᠠᠪᠤᠳᠠᠯ ᠤᠨ ᠰᠣᠶᠣᠯ ᠤᠨ ᠨᠠᠷᠠᠲᠤ ᠲᠡᠮᠳᠡᠭᠲᠦ ᠶᠢ ᠬᠠᠩᠭᠢᠨᠠᠭᠤᠯᠵᠤ᠂ | ︽ᠭᠠᠶᠢᠯᠢ ᠶᠢᠨ ᠬᠤᠰᠢᠭᠤᠴᠢ︾ ᠶᠢᠨ ᠢᠨᠵᠧᠨᠧᠷᠢᠩ ᠢ ᠪᠥᠬᠦ ᠲᠠᠯ᠎ᠠ ᠪᠠᠷ ᠬᠡᠷᠡᠭᠵᠢᠭᠦᠯᠦᠨ᠂ ᠦᠨᠳᠦᠰᠦᠲᠡᠨ ᠤ | ᠺᠠᠳ᠋ᠷ ᠤᠨ ᠬᠤᠰᠢᠭᠤᠴᠢ ᠬᠦᠴᠦᠨ ᠢ ᠪᠠᠳᠠᠷᠠᠭᠤᠯᠵᠤ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠠᠵᠢᠯᠲᠠᠨ ᠢ | ᠰᠣᠩᠭᠤᠨ ᠲᠣᠮᠢᠯᠠᠵᠤ ᠡᠯ᠎ᠡ ᠲᠥᠷᠥᠯ ᠤᠨ ᠡᠯ᠎ᠡ ᠱᠠᠲᠤᠨ ᠤ ᠪᠣᠯᠪᠠᠰᠤᠷᠠᠭᠤᠯᠤᠯ ᠳᠤ ᠣᠷᠣᠯᠴᠠᠭᠤᠯᠵᠤ᠂ | ᠴᠢᠳᠠᠪᠤᠷᠢ ᠪᠠᠷ ᠴᠢᠩᠭ᠎ᠠ᠂ ᠲᠤᠬᠠᠶᠢᠯᠠᠭᠰᠠᠨ ᠠᠵᠢᠯ ᠢᠶᠠᠷ ᠰᠠᠶᠢᠨ ᠭᠠᠶᠢᠯᠢ ᠶᠢᠨ ᠶᠠᠪᠤᠳᠠᠯ ᠤᠨ ᠺᠠᠳ᠋ᠷ ᠢ ᠭᠠᠶᠢᠯᠢ | ᠭᠦᠶ᠋ᠴᠡᠳᠬᠡᠬᠦ ᠦᠶ᠋ᠯᠡᠴᠢᠯᠡᠭᠡᠨ ᠤ ᠲᠢᠩᠬᠢᠮ ᠳᠤ ᠳᠣᠭᠢᠷᠠᠭᠤᠯᠤᠨ᠂ ᠭᠠᠶᠢᠯᠢ ᠲᠤᠰᠢᠶᠠᠬᠤ ᠦᠶ᠋ᠯᠡᠴᠢᠯᠡᠭᠡᠨ ᠤ ᠬᠢᠷᠢ | ᠲᠦᠪᠰᠢᠨ ᠢ ᠰᠢᠯᠢᠳᠡᠭᠵᠢᠭᠦᠯᠵᠦ᠂ ︽ᠥᠷᠯᠥᠭᠡ ᠰᠤᠷᠤᠯᠴᠠᠵᠤ ᠣᠷᠣᠶ ᠶᠢᠨ ᠰᠤᠷᠭᠠᠭᠤᠯᠢ︾ ᠶᠢ ᠪᠥᠬᠦ ᠲᠠᠯ᠎ᠠ ᠪᠠᠷ | ᠰᠢᠯᠢᠳᠡᠭᠵᠢᠭᠦᠯᠪᠡ᠃ | ᠪᠦᠲᠦᠭᠡᠨ ᠪᠠᠶᠢᠭᠤᠯᠤᠯᠲᠠ ᠪᠠᠷ ᠳᠠᠮᠵᠢᠭᠤᠯᠤᠨ ᠲᠤᠬᠠᠶᠢᠯᠠᠭᠰᠠᠨ ᠠᠵᠢᠯ ᠢᠶᠠᠨ ᠴᠢᠩᠭᠠᠳᠬᠠᠵᠤ᠂ ᠭᠠᠶᠢᠯᠢ | ᠰᠦᠢᠳᠬᠡᠯ ᠤᠨ ᠤᠷᠢᠬᠠᠨ ᠰᠠᠯᠬᠢ ᠲᠦᠮᠡᠨ ᠡᠷᠦᠬᠡ ᠶᠢ ᠠᠭᠤᠰᠤᠯᠴᠠᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ︽ᠨᠢᠭᠡ | ᠭᠤᠣᠯ ᠱᠤᠭᠤᠮ︾ ᠤᠨ ᠲᠣᠭᠤᠷᠢᠨ ᠳᠤ᠂ ᠵᠦᠸᠧᠽᠢ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠡᠭᠦᠳᠦᠨ | ᠪᠠᠶᠢᠭᠤᠯᠬᠤ ᠶᠢ ᠨᠠᠮ ᠤᠨ ᠪᠠᠶᠢᠭᠤᠯᠤᠯᠲᠠ᠂ ᠲᠤᠬᠠᠶᠢᠯᠠᠭᠰᠠᠨ ᠠᠵᠢᠯ ᠤᠨ ︽ᠬᠤᠶᠠᠷ ᠭᠠᠷᠳᠠᠴᠠ︾ ᠳᠤ | ᠠᠭᠤᠰᠤᠯᠴᠠᠭᠤᠯᠵᠤ᠂ ᠨᠠᠮ ᠤᠨ ᠡᠭᠦᠷ ᠤᠨ ᠬᠤᠶᠠᠷ ᠭᠠᠪᠢᠶ᠎ᠠ ᠨᠢᠭᠡ ᠦᠢᠯᠡᠳᠦᠯ ᠢᠶᠠᠷ ︽ᠭᠤᠷᠪᠠ ᠶᠢ ᠪᠠᠲᠤᠯᠠᠬᠤ︾ | ᠶᠢ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ︽N ᠵᠦᠢᠯ ᠤᠨ ᠠᠵᠢᠯᠯᠠᠭ᠎ᠠ︾ ᠶᠢ | ᠭᠦᠨᠵᠡᠭᠡᠢ ᠥᠷᠨᠢᠭᠦᠯᠵᠦ᠂ ︽1+2+3+N︾ ᠠᠵᠢᠯ ᠤᠨ ᠰᠡᠳᠬᠢᠴᠡ ᠶᠢ ᠪᠦᠷᠢᠯᠳᠦᠭᠦᠯᠪᠡ᠃ ︽ᠠᠷᠠᠳ ᠲᠤ | ᠲᠥᠬᠦᠮ ᠦᠵᠡᠭᠦᠯᠬᠦ ᠤᠷᠢᠬᠠᠨ ᠰᠠᠯᠬᠢᠨ ᠤ ᠠᠵᠢᠯᠯᠠᠭ᠎ᠠ︾ ᠲᠠᠢ ᠤᠶᠠᠯᠳᠤᠭᠤᠯᠤᠨ᠂ ᠨᠠᠮ ᠤᠨ ᠦᠨᠳᠦᠰᠦᠲᠡᠨ ᠤ | ᠲᠥᠷᠥ ᠶᠢᠨ ᠪᠣᠳᠣᠯᠭ᠎ᠠ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ︽ᠠᠰᠢᠭ ᠲᠤᠰᠠ︾ ᠶᠢ | ᠦᠨᠳᠦᠰᠦᠲᠡᠨ ᠨᠦᠭᠦᠳ ᠤᠨ ᠭᠠᠶᠢᠯᠢ ᠲᠤᠰᠢᠶᠠᠭᠴᠢ ᠶᠢᠨ ᠭᠠᠷ ᠲᠤ ᠬᠦᠷᠭᠡᠪᠡ︔ ︽ᠬᠤᠶᠠᠷ ᠰᠠᠷ᠎ᠠ ᠨᠢᠭᠡ ᠭᠠᠷᠠᠭ︾ | ᠢᠶᠠᠷ ᠠᠵᠠ ᠲᠣᠬᠢᠶᠠᠯ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠠᠤᠯᠢ ᠪᠠᠷ ᠵᠠᠰᠠᠬᠤ ᠭᠤᠣᠯ | ᠰᠡᠳᠦᠪᠲᠦ ᠮᠡᠳᠡᠯᠭᠡ ᠶᠢᠨ ᠤᠷᠤᠯᠳᠤᠭᠠᠨ ᠢ ᠥᠷᠨᠢᠭᠦᠯᠪᠡ︔ ᠨᠠᠮ ᠤᠨ ᠳᠠᠭᠤᠨ ᠢ ᠤᠯᠠᠮᠵᠢᠯᠠᠬᠤ ᠪᠠᠷ ᠭᠤᠣᠯ ᠰᠡᠳᠦᠪ | ᠪᠣᠯᠭᠠᠵᠤ᠂ ︽ᠡᠮᠡᠭᠲᠡᠶᠢᠴᠦᠳ ᠤᠨ ᠡᠷᠡᠯᠬᠡᠭᠯᠡᠨ ᠤᠷᠤᠭᠰᠢᠯᠠᠬᠤ︾᠂ ︽ᠲᠠᠪᠤᠨ ᠰᠠᠷ᠎ᠠ ᠶᠢᠨ ᠰᠢᠨ᠎ᠡ ᠶᠢᠨ ᠲᠠᠪᠨ ᠢ | ᠬᠠᠶᠢᠷ᠎ᠠ ᠰᠡᠳᠬᠢᠯᠭᠡ ᠲᠠᠢ ᠪᠠᠷ ᠪᠡᠯᠭᠡᠯᠡᠬᠦ︾ ᠵᠡᠷᠭᠡ ᠭᠤᠣᠯ ᠰᠡᠳᠦᠪᠲᠦ ᠨᠠᠮ ᠤᠨ ᠡᠳᠦᠷ ᠢ ᠥᠷᠨᠢᠭᠦᠯᠪᠡ᠃ | ︽ᠠᠭᠤᠰᠤᠯᠴᠠᠯ︾ ᠢ ᠠᠬᠢᠭᠤᠯᠵᠤ ᠡᠩᠨᠡᠭᠡ ᠶᠢ ᠬᠦᠴᠦᠷᠬᠡᠭᠵᠢᠭᠦᠯᠬᠦ ᠶᠢ ᠤᠬᠠᠭᠤᠯᠵᠤ᠂ ᠭᠠᠶᠢᠯᠢ ᠠᠷᠠᠳ ᠨᠢᠭᠡ | ᠭᠡᠷ ᠢᠶᠠᠷ ᠢᠶᠠᠨ ᠪᠡᠶ᠎ᠡ ᠪᠠᠷ ᠢᠶᠠᠨ ᠪᠠᠶᠢᠯᠳᠤᠭᠠᠨ ᠳᠤ ᠣᠷᠣᠯᠴᠠᠬᠤ ᠶᠢ ᠰᠠᠨᠠᠭᠠᠴᠢᠯᠠᠪᠠ᠃ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ︽ᠢᠵᠢᠯ ᠠᠯᠬᠤᠮ︾ ᠢ ᠰᠠᠶᠢᠲᠤᠷ ᠳᠠᠭᠤᠯᠠᠬᠤ ᠶᠢᠨ ᠲᠥᠯᠥᠭᠡ᠂ ᠵᠦᠸᠧᠽᠢ ᠰᠢᠶᠠᠨ ᠤ | ᠭᠠᠶᠢᠯᠢ ᠶᠢᠨ ᠶᠠᠪᠤᠳᠠᠯ ᠤᠨ ᠲᠣᠪᠴᠢᠶ᠎ᠠ ︽ᠮᠠᠨ ᠤ ᠪᠠᠶᠠᠷ ᠤᠨ ᠡᠳᠦᠷ︾ ᠤᠨ ᠰᠢᠷᠢᠰ ᠠᠵᠢᠯᠯᠠᠭ᠎ᠠ ᠶᠢ ᠦᠷᠭᠦᠯᠵᠢᠯᠡᠨ | ᠪᠠᠶᠠᠯᠢᠭᠵᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠣᠰᠬᠤᠨ ᠲᠠᠢ | ᠬᠠᠮᠲᠤᠪᠠᠷ ᠪᠠᠶᠢᠭᠤᠯᠵᠤ ᠬᠠᠮᠲᠤᠷᠠᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠤᠬᠠᠭᠤᠯᠭ᠎ᠠ ᠶᠢᠨ ᠹᠢᠯᠢᠮ ᠢ ᠰᠡᠭᠦᠳᠡᠷᠯᠡᠵᠦ᠂ ᠤᠳᠬ᠎ᠠ ᠤᠷᠠᠯᠢᠭ ᠤᠨ ᠪᠦᠲᠦᠭᠡᠯ ᠢᠶᠠᠷ | ᠠᠴᠢᠶᠠᠯᠠᠪᠤᠷᠢ ᠪᠣᠯᠭᠠᠨ ᠦᠨᠳᠦᠰᠦᠲᠡᠨ ᠤ ᠰᠣᠯᠢᠯᠴᠠᠭ᠎ᠠ ᠠᠭᠤᠰᠤᠯᠴᠠᠯ ᠤᠨ ︽ᠰᠡᠳᠬᠢᠯ ᠨᠢᠭᠡᠳᠬᠦ︾ ᠠᠵᠢᠯᠯᠠᠭ᠎ᠠ ᠶᠢ | ᠰᠠᠶᠢᠲᠤᠷ ᠵᠢᠷᠤᠭᠯᠠᠪᠠ︔ ᠨᠠᠮ ᠤᠨ ᠭᠡᠰᠢᠭᠦᠨ ᠤ ᠬᠤᠰᠢᠭᠤᠴᠢ ᠠᠩᠭᠢ ᠶᠢ ᠵᠣᠬᠢᠶᠠᠨ ᠪᠠᠶᠢᠭᠤᠯᠵᠤ ᠭᠠᠶᠢᠯᠢ ᠶᠢᠨ | ᠬᠠᠤᠯᠢ ᠶᠢᠨ ᠤᠬᠠᠭᠤᠯᠭ᠎ᠠ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠬᠥᠳᠡᠭᠡ ᠲᠣᠰᠬᠤᠨ ᠳᠤ ᠣᠷᠣᠭᠤᠯᠬᠤ | ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ᠂ ᠨᠡᠶᠢᠭᠡᠮ | ᠲᠣᠭᠤᠷᠢᠭ ᠲᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠠᠭᠤᠳᠠᠮ ᠲᠠᠯᠠᠪᠠᠶ ᠳᠤ ᠣᠷᠣᠭᠤᠯᠬᠤ ︽ | ᠵᠢᠷᠭᠤᠭ᠎ᠠ ᠶᠢ ᠣᠷᠣᠭᠤᠯᠬᠤ︾ ᠰᠢᠷᠢᠰ ᠠᠵᠢᠯᠯᠠᠭ᠎ᠠ ᠶᠢ ᠥᠷᠨᠢᠭᠦᠯᠪᠡ︔ ᠨᠠᠮ ᠤᠨ ᠡᠭᠦᠷ ᠤᠨ ᠭᠤᠤᠯ ᠰᠡᠳᠦᠪᠲᠦ | ᠨᠠᠮ ᠤᠨ ᠡᠳᠦᠷ ᠤᠨ ᠠᠵᠢᠯᠯᠠᠭ᠎ᠠ ᠲᠠᠢ ᠤᠶᠠᠯᠳᠤᠭᠤᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ | ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠤᠶᠠᠷ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ | ᠤᠬᠠᠭᠤᠯᠵᠤ᠂ ᠨᠠᠮ ᠤᠨ ᠡᠭᠦᠷ ᠤᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠲᠠᠢ ᠤᠶᠠᠯᠳᠤᠭᠤᠯᠤᠨ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠬᠤᠶᠠᠷ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠤᠬᠠᠭᠤᠯᠵᠤ᠂ ᠨᠠᠮ ᠤᠨ ᠡᠭᠦᠷ ᠤᠨ ᠭᠤᠤᠯ ᠰᠡᠳᠦᠪᠲᠦ | ᠨᠠᠮ ᠤᠨ ᠡᠳᠦᠷ ᠤᠨ ᠠᠵᠢᠯᠯᠠᠭ᠎ᠠ ᠲᠠᠢ ᠤᠶᠠᠯᠳᠤᠭᠤᠯᠤᠨ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ | ᠪᠥᠬᠦ ᠲᠠᠯ᠎ᠠ ᠪᠠᠷ ᠲᠤᠤᠱᠯᠠᠭᠤᠯᠵᠤ᠂ ᠺᠠᠳ᠋ᠷ ᠤᠨ ᠡᠩᠨᠡᠭᠡ ᠳᠤ ︽ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ | ᠬᠥᠮᠦᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾ ᠬᠠᠶᠢᠷ᠎ᠠ | ᠬᠠᠯᠠᠮᠵᠢ ᠶᠢᠨ ᠰᠠᠭᠤᠷᠢ ᠶᠢ ᠪᠠᠬᠢᠵᠢᠭᠦᠯᠵᠦ᠂ ᠭᠠᠶᠢᠯᠢ ᠶᠢᠨ ᠶᠠᠪᠤᠳᠠᠯ ᠤᠨ ᠬᠥᠭᠵᠢᠯᠲᠡ ᠶᠢᠨ ᠦᠷ᠎ᠡ ᠪᠦᠲᠦᠭᠡᠯ ᠢ | ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠬᠦᠷᠲᠡᠭᠡᠪᠡ᠃ | ᠬᠠᠮᠲᠤ ᠪᠠᠷ ᠴᠢᠨᠡᠭᠡᠯᠢᠭᠵᠢᠬᠦ ᠠᠵᠢᠯ ᠢ ᠬᠦᠴᠦᠯᠡᠨ ᠰᠠᠶᠢᠲᠤᠷ ᠬᠢᠵᠦ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠨᠡᠩ ︽ᠬᠦᠴᠦᠲᠡᠢ︾ ᠪᠣᠯᠭᠠᠬᠤ ᠬᠡᠷᠡᠭᠲᠡᠢ | ︽ᠭᠠᠶᠢᠯᠢ ᠲᠤᠰᠢᠶᠠᠭᠴᠢ ᠰᠦᠢᠳᠬᠡᠯ ᠲᠤᠰᠢᠶᠠᠬᠤ ᠪᠠᠷ ᠭᠤᠣᠯ ᠪᠣᠯᠭᠠᠬᠤ︾ ᠵᠦᠸᠧᠽᠢ ᠰᠢᠶᠠᠨ ᠤ ᠭᠠᠶᠢᠯᠢ ᠶᠢᠨ | ᠶᠠᠪᠤᠳᠠᠯ ᠤᠨ ᠲᠣᠪᠴᠢᠶ᠎ᠠ ᠦᠢᠯᠡᠴᠢᠯᠡᠭᠡ ᠪᠠᠷ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠬᠦᠴᠦᠲᠡᠢ | ᠲᠤᠯᠭᠠᠭᠤᠷᠢᠯᠠᠯ ᠬᠠᠩᠭᠠᠵᠤ᠂ ︽ᠳᠥᠭᠦᠮ ᠢ ᠴᠣᠩᠬᠤ ᠠᠴᠠ ᠭᠠᠷᠭᠠᠬᠤ ᠦᠭᠡᠢ᠂ ᠬᠦᠴᠢᠷ ᠶᠠᠪᠤᠳᠠᠯ ᠢ ᠭᠡᠷ ᠠᠴᠠ | ᠭᠠᠷᠭᠠᠬᠤ ᠦᠭᠡᠢ᠂ ᠬᠦᠴᠢᠷ ᠶᠠᠪᠤᠳᠠᠯ ᠢ ᠲᠣᠪᠴᠢᠶ᠎ᠠ ᠠᠴᠠ ᠭᠠᠷᠭᠠᠬᠤ ᠦᠭᠡᠢ︾ ᠠᠵᠢᠯ ᠤᠨ ᠲᠣᠭᠲᠠᠴᠠ ᠶᠢ ᠪᠦᠬᠦ | ᠲᠠᠯ᠎ᠠ ᠪᠠᠷ ᠬᠡᠷᠡᠭᠵᠢᠭᠦᠯᠵᠦ᠂ ᠭᠤᠶᠤᠴᠢᠯᠠᠨ ᠮᠡᠳᠡᠭᠦᠯᠬᠦ ᠲᠤᠬᠠᠶᠢᠯᠠᠭᠰᠠᠨ ᠠᠵᠢᠯ ᠢ ᠰᠦᠯᠵᠢᠶᠡᠨ ᠳᠡᠭᠡᠷ᠎ᠡ ᠭᠦᠢᠴᠡᠳᠬᠡᠬᠦ | ᠨᠤᠷᠮ᠎ᠠ 99% ᠠᠴᠠ ᠳᠡᠭᠡᠭᠰᠢ᠂ ᠭᠤᠶᠤᠴᠢᠯᠠᠨ ᠮᠡᠳᠡᠭᠦᠯᠬᠦ ᠪᠤᠰᠤ ᠲᠦᠷᠦᠯ ᠤᠨ ᠲᠤᠬᠠᠶᠢᠯᠠᠭᠰᠠᠨ ᠠᠵᠢᠯ ᠢ | ᠰᠦᠯᠵᠢᠶᠡᠨ ᠳᠡᠭᠡᠷ᠎ᠡ ᠭᠦᠢᠴᠡᠳᠬᠡᠬᠦ ᠨᠤᠷᠮ᠎ᠠ 95.5% ᠠᠴᠠ ᠳᠡᠭᠡᠭᠰᠢ ᠪᠠᠶᠢᠬᠤ ᠶᠢ ᠪᠡᠶᠡᠯᠡᠭᠦᠯᠪᠡ᠃ ︽ᠨᠠᠮ ᠤᠨ | ᠭᠡᠰᠢᠭᠦᠨ ᠤ ᠵᠢᠱᠢᠶ᠎ᠡ ᠦᠵᠡᠭᠦᠯᠬᠦ ᠠᠵᠢᠯ ᠤᠨ ᠪᠠᠶᠢᠷᠢ︾᠂ ︽ᠤᠯᠠᠭᠠᠨ ᠠᠨᠠᠷᠤᠭ︾ ᠴᠣᠩᠬᠤ ᠪᠠ ᠭᠠᠶᠢᠯᠢ | ᠳᠠᠮᠵᠢᠭᠤᠯᠬᠤ ᠦᠢᠯᠡᠴᠢᠯᠡᠭᠡᠨ ᠤ ᠲᠠᠪᠴᠠᠩ ᠭᠠᠷᠭᠠᠵᠤ᠂ ᠦᠨᠳᠦᠰᠦᠲᠡᠨ ᠨᠦᠭᠦᠳ ᠤᠨ ᠭᠠᠶᠢᠯᠢ ᠲᠤᠰᠢᠶᠠᠭᠴᠢ᠂ | ᠰᠦᠢᠳᠬᠡᠯ ᠲᠤᠰᠢᠶᠠᠭᠴᠢ ᠳᠤ ᠬᠠᠨᠳᠤᠯᠭᠠᠲᠤ ᠴᠢᠨᠠᠷ ᠢᠶᠠᠷ ᠴᠢᠩᠭ᠎ᠠ᠂ ᠬᠡᠷᠡᠭᠯᠡᠭᠡᠨ ᠤ ᠴᠢᠨᠠᠷ ᠢᠶᠠᠷ ᠴᠢᠩᠭ᠎ᠠ᠂ | ᠵᠢᠯᠣᠭᠤᠳᠬᠤ ᠴᠢᠨᠠᠷ ᠢᠶᠠᠷ ᠴᠢᠩᠭ᠎ᠠ ᠤᠬᠠᠭᠤᠯᠭ᠎ᠠ ᠪᠠ ᠬᠠᠪᠰᠤᠷᠤᠨ ᠵᠢᠯᠣᠭᠤᠳᠬᠤ ᠦᠢᠯᠡᠴᠢᠯᠡᠭᠡ ᠬᠠᠩᠭᠠᠪᠠ᠃ | ︽ᠠᠯᠲᠠᠨ ᠮᠧᠳᠠᠯ ᠤᠨ ᠬᠠᠷᠢᠭᠤᠯᠲᠠ ᠥᠭᠬᠦ︾ ᠪᠠᠷ ᠡᠯ᠎ᠡ ᠦᠨᠳᠦᠰᠦᠲᠡᠨ ᠤ ᠪᠦᠯᠬᠦᠮᠳᠡᠯ ᠲᠡᠮᠡᠴᠡᠯ ᠤᠨ | ᠲᠥᠯᠥᠭᠡ ︽ᠱᠢᠨ᠎ᠡ ᠪᠠᠢᠷᠢᠱᠢᠯ︾ ᠢ ᠪᠠᠢᠭᠤᠯᠤᠶ᠎ᠠ᠃ ᠨᠠᠮ ᠤᠨ ᠭᠡᠰᠢᠭᠦᠨ ᠤ ᠬᠤᠰᠢᠭᠤᠴᠢ ᠪᠠᠷ ᠭᠤᠣᠯ ᠪᠣᠯᠭᠠᠵᠤ᠂ | ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠮᠲᠤ ᠪᠠᠷ ᠣᠷᠣᠯᠴᠠᠭᠰᠠᠨ ᠮᠠᠷᠭᠤᠯᠳᠤᠭᠠᠨ ᠢ ᠡᠶᠡᠳᠡᠭᠦᠯᠬᠦ | ᠵᠠᠭᠪᠤᠷ ᠢᠶᠠᠷ᠂ ᠵᠦᠸᠧᠽᠢ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠯᠲᠠᠨ ᠮᠧᠳᠠᠯ ᠤᠨ ᠬᠠᠷᠢᠭᠤᠯᠲᠠ | ᠥᠭᠬᠦ ᠪᠦᠯᠬᠦᠮ ᠢ ᠪᠠᠶᠢᠭᠤᠯᠵᠤ᠂ ᠲᠣᠪᠴᠢᠶᠠᠨ ᠳᠠᠷᠤᠭ᠎ᠠ᠂ ᠳᠡᠳ᠋ ᠲᠣᠪᠴᠢᠶᠠᠨ ᠳᠠᠷᠤᠭ᠎ᠠ ᠠᠩᠭᠢ ᠶᠢᠨ ᠳᠠᠷᠤᠭ᠎ᠠ᠂ | ᠵᠠᠯᠠᠭᠤ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢᠶᠠᠷ ᠭᠡᠰᠢᠭᠦᠨ ᠪᠣᠯᠭᠠᠵᠤ᠂ ᠵᠠᠯᠠᠭᠤ ᠭᠠᠶᠢᠯᠢ ᠶᠢᠨ | ᠺᠠᠳ᠋ᠷ ᠤᠨ ᠬᠦᠴᠦᠨ ᠢ ᠪᠠᠳᠠᠷᠠᠭᠤᠯᠵᠤ᠂ ᠴᠢᠳᠠᠪᠤᠷᠢᠲᠠᠨ ᠤ ᠰᠠᠭᠤᠷᠢ ᠶᠢ ᠪᠠᠲᠤᠳᠬᠠᠪᠠ᠃ ᠬᠤᠲᠠ ᠶᠢᠨ ᠬᠢᠨᠠᠯᠲᠠ | ᠬᠠᠮᠢᠶᠠᠷᠤᠯᠲᠠ᠂ ᠥᠯᠥ ᠬᠥᠳᠡᠯᠬᠦ ᠬᠥᠷᠥᠩᠭᠡ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠶᠢᠨ ᠳᠠᠭᠠᠳᠬᠠᠯ᠂ ᠮᠠᠰᠢᠨ | ᠲᠡᠷᠭᠡᠨ ᠤ ᠬᠠᠮᠢᠶᠠᠷᠤᠯᠲᠠ ᠶᠢᠨ ᠭᠠᠵᠠᠷ᠂ ᠭᠠᠶᠢᠯᠢ ᠳᠤ ᠬᠤᠯᠪᠣᠭᠳᠠᠬᠤ ᠵᠠᠭᠤᠴᠢ ᠪᠠᠶᠢᠭᠤᠯᠤᠮᠵᠢ᠂ ᠠᠵᠤ | ᠠᠬᠤᠶᠢᠯᠠᠯ ᠤᠨ ᠲᠥᠯᠥᠭᠡᠯᠡᠭᠴᠢ ᠵᠡᠷᠭᠡ ᠬᠦᠴᠦᠨ ᠢ ᠥᠷᠭᠡᠨ ᠢᠶᠠᠷ ᠨᠢᠭᠲᠠᠷᠠᠭᠤᠯᠵᠤ᠂ ︽ᠭᠠᠶᠢᠯᠢ ᠶᠢᠨ ᠶᠠᠪᠤᠳᠠᠯ ᠤᠨ | ᠪᠠᠶᠢᠭᠤᠯᠭ᠎ᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠭᠠᠶᠢᠯᠢ | ᠲᠤᠰᠢᠶᠠᠭᠴᠢ︾ ᠶᠢᠨ ᠵᠥᠪᠳᠡᠯᠴᠡᠬᠦ ᠲᠣᠭᠲᠠᠴᠠ ᠶᠢ ᠪᠠᠶᠢᠭᠤᠯᠤᠨ᠂ ᠦᠨᠳᠦᠰᠦᠲᠡᠨ ᠨᠦᠭᠦᠳ ᠤᠨ ᠭᠠᠶᠢᠯᠢ | ᠲᠤᠰᠢᠶᠠᠭᠴᠢ ᠶᠢᠨ ᠬᠠᠮᠢᠶ᠎ᠠ ᠪᠥᠬᠦᠶ ᠬᠦᠰᠡᠯ ᠱᠠᠭᠠᠷᠳᠠᠯᠭ᠎ᠠ ᠶᠢ ᠰᠢᠶ᠋ᠳᠪᠦᠷᠢᠯᠡᠵᠦ᠂ ᠭᠠᠶᠢᠯᠢ ᠳᠤ ᠬᠤᠯᠪᠣᠭᠳᠠᠬᠤ | ᠠᠰᠠᠭᠤᠳᠠᠯ ᠢ ︽ᠪᠦᠬᠦᠨ ᠢ ᠬᠠᠮᠤᠷᠬᠤ︾ ᠶᠢ ᠪᠡᠶᠡᠯᠡᠭᠦᠯᠦᠨ᠎ᠡ᠃ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠᠷ᠃ ᠭᠠᠶᠢᠯᠢ ᠶᠢᠨ ᠶᠠᠪᠤᠳᠠᠯ ᠤᠨ ᠬᠦᠴᠦᠨ ᠦᠨᠳᠦᠰᠦᠲᠡᠨ ᠤ | ᠭᠠᠵᠠᠷ ᠣᠷᠣᠨ ᠤ ᠬᠥᠭᠵᠢᠯᠲᠡ ᠳᠤ ᠬᠡᠷᠬᠢᠨ ᠬᠦᠴᠦᠨ ᠴᠢᠳᠠᠯ ᠣᠯᠭᠤᠬᠤ ᠪᠣᠶ︖ ᠡᠭᠦᠨ ᠳᠤ᠂ ᠵᠦᠸᠧᠽᠢ | ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ᠂ | ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠠᠰᠠᠭᠤᠳᠠᠯ ᠤᠨ ᠵᠥᠪᠯᠡᠯᠭᠡ | ᠥᠭᠬᠦ ᠵᠡᠷᠭᠡ ᠬᠡᠯᠪᠡᠷᠢ ᠶᠢ ᠠᠰᠢᠭᠯᠠᠨ᠂ ᠣᠯᠠᠨ ᠲᠦᠮᠡᠨ ᠳᠤ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢᠨ ᠭᠠᠷ ᠳᠡᠪᠲᠡᠷ ᠢ ᠢᠳᠡᠪᠬᠢᠲᠡᠶ ᠪᠠᠷ ᠲᠠᠷᠬᠠᠭᠠᠵᠤ᠂ ᠲᠣᠭᠠᠴᠢᠯᠠᠭᠰᠠᠨ ᠡᠯᠧᠺᠳ᠋ᠷᠣᠨ ᠪᠠᠷᠢᠮᠲᠠ᠂ ︽ᠪᠥᠬᠦ | ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠭᠡᠬᠦ︾᠂ ︽ᠠᠩᠬ᠎ᠠ ᠵᠦᠷᠢᠴᠡᠭᠰᠡᠳ ᠢ ᠥᠯᠥ ᠲᠣᠷᠭᠠᠬᠤ︾ ᠵᠡᠷᠭᠡ | ᠭᠠᠶᠢᠯᠢ ᠳᠤ ᠬᠤᠯᠪᠣᠭᠳᠠᠭᠰᠠᠨ ᠵᠦᠢᠯᠡᠰ ᠢ ᠲᠠᠶᠢᠯᠪᠤᠷᠢᠯᠠᠨ ᠥᠭᠴᠦ᠂ 2023 ᠣᠨ ᠳᠤ ᠪᠥᠬᠦ ᠵᠢᠯ ᠳᠤ ᠡᠯ᠎ᠡ | ᠵᠦᠢᠯ ᠤᠨ ᠭᠠᠶᠢᠯᠢ ᠰᠦᠢᠳᠬᠡᠯ ᠤᠨ ᠣᠷᠣᠯᠭ᠎ᠠ 166323 ᠲᠦᠮᠡᠨ ᠲᠥᠭᠦᠷᠢᠭ ᠢ ᠵᠣᠬᠢᠶᠠᠨ ᠪᠠᠶᠢᠭᠤᠯᠵᠤ᠂ | ᠠᠳᠠᠯᠢ ᠬᠤᠭᠤᠴᠠᠭᠠᠨ ᠤ ᠬᠢ ᠠᠴᠠ 42009 ᠲᠦᠮᠡᠨ ᠲᠥᠭᠦᠷᠢᠭ ᠨᠡᠮᠡᠭᠳᠡᠵᠦ᠂ 33.79% ᠪᠠᠷ ᠨᠡᠮᠡᠭᠳᠡᠨ᠂ | ᠪᠥᠬᠦ ᠵᠢᠯ ᠳᠤ ᠡᠯ᠎ᠡ ᠵᠦᠢᠯ ᠤᠨ ᠥᠷᠲᠡᠭ ᠨᠡᠮᠡᠭᠳᠡᠯ ᠤᠨ ᠭᠠᠶᠢᠯᠢ ᠶᠢᠨ ᠦᠯᠡᠳᠡᠭᠡᠨ ᠲᠤᠯᠭᠠᠨ ᠪᠤᠴᠠᠭᠠᠬᠤ ᠠᠵᠢᠯ ᠢ | 558 ᠲᠦᠮᠡᠨ ᠲᠥᠭᠦᠷᠢᠭ ᠭᠦᠢᠴᠡᠳᠬᠡᠵᠦ᠂ ᠭᠠᠶᠢᠯᠢ ᠶᠢᠨ ᠶᠠᠪᠤᠳᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠠᠮ ᠬᠡᠵᠢᠶᠡᠳᠡ ᠳᠠᠭᠤᠰᠤᠰᠢ ᠦᠭᠡᠢ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠵᠥᠪᠬᠡᠨ ᠶᠠᠪᠤᠭᠳᠠᠬᠤ ᠴᠠᠭ᠂ ᠪᠡᠶᠡᠯᠡᠭᠦᠯᠬᠦ ᠴᠠᠭ ᠪᠠᠶᠢᠬᠤ | ᠦᠭᠡᠢ᠃ ᠳᠠᠷᠠᠭᠠᠴᠢ ᠶᠢᠨ ᠠᠯᠬᠤᠮ ᠳᠤ᠂ ᠵᠦᠸᠧᠽᠢ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠲᠠᠰᠤᠷᠠᠯᠲᠠ ᠦᠭᠡᠢ ᠠᠬᠢᠭᠤᠯᠵᠤ᠂ | ᠨᠠᠮ ᠤᠨ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠠᠭᠤᠤ | ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠠᠭᠤᠤ ᠶᠡᠭᠡ ᠠᠶᠠᠨ ᠵᠠᠮ᠂ ᠠᠭᠤᠤ | ᠶᠡᠭᠡ ᠦᠢᠯᠡᠳᠦᠯᠭᠡ ᠶᠢᠨ ᠳᠤᠮᠳᠠ ᠭᠠᠶᠢᠯᠢ ᠶᠢᠨ ᠶᠠᠪᠤᠳᠠᠯ ᠤᠨ ᠡᠭᠦᠷᠭᠡᠯᠡᠯ ᠢᠶᠠᠨ ᠢᠯᠡᠷᠡᠭᠦᠯᠵᠦ᠂ ᠭᠠᠶᠢᠯᠢ ᠶᠢᠨ | ᠶᠠᠪᠤᠳᠠᠯ ᠤᠨ ᠬᠦᠴᠦᠨ ᠴᠢᠳᠠᠯ ᠢᠶᠠᠨ ᠡᠷᠭᠦᠨ᠎ᠡ᠃ | ᠨᠠᠶᠢᠷᠠᠭᠤᠯᠤᠭᠴᠢ | ᠤᠷᠴᠢᠭᠤᠯᠤᠭᠴᠢ ᠪᠠᠶᠠᠨᠪᠠᠲᠦ |