ᠲᠣᠮᠣ ᠬᠡᠯᠪᠡᠷᠢ ᠶᠢᠨ ᠲᠣᠭᠯᠠᠯᠲᠠ ᠶᠢᠨ ᠲᠡᠷᠭᠡᠨ ᠳᠡᠭᠡᠷ᠎ᠡ ᠰᠢᠨ᠎ᠡ ᠪᠠᠷ ᠨᠠᠶᠢᠷᠠᠭᠤᠯᠤᠭᠰᠠᠨ ᠬᠤᠶᠠᠷ ᠬᠥᠮᠦᠨ ᠤ | ᠲᠠᠶᠢᠰᠠᠨ ᠵᠦᠴᠦᠭᠡ ︽ᠰᠢᠨ᠎ᠡ ᠲᠣᠰᠬᠤᠨ ᠢᠶᠠᠷ ᠲᠣᠭᠤᠷᠢᠬᠤ︾ ᠨᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢᠨ ᠠᠪᠴᠢᠷᠠᠭᠰᠠᠨ ᠨᠡᠶᠢᠭᠡᠮ ᠵᠢᠷᠤᠮ ᠤᠨ ᠰᠢᠨ᠎ᠡ ᠬᠥᠳᠡᠭᠡ ᠲᠣᠰᠬᠤᠨ ᠤ ᠰᠢᠨ᠎ᠡ ᠠᠭᠤᠷ ᠠᠮᠢᠰᠬᠤᠯ ᠢ | ᠭᠦᠢᠴᠡᠳ ᠢᠯᠡᠷᠡᠭᠦᠯᠪᠡ᠃ ᠲᠠᠶᠢᠰᠠᠨ ᠳᠣᠣᠷ᠎ᠠ᠂ ᠬᠡᠳᠦᠨ ᠮᠢᠩᠭᠠᠨ ᠦᠵᠡᠭᠴᠢᠳ ᠵᠦᠴᠦᠭᠡ ᠶᠢᠨ ᠦᠢᠯᠡ | ᠶᠠᠪᠤᠳᠠᠯ ᠤᠨ ᠳᠤᠮᠳᠠ ᠰᠣᠭᠲᠣᠭᠤᠷᠠᠵᠤ ᠪᠠᠶᠢᠨ᠎ᠠ᠃ ᠰᠢ ᠵᠦᠴᠦᠭᠡ ᠶᠢᠨ ᠲᠠᠯᠠᠪᠠᠢ ᠶᠢᠨ ᠭᠠᠳᠠᠨ᠎ᠠ ᠬᠤᠳᠠᠯᠳᠤᠭᠠᠴᠢᠨ | ᠬᠤᠷᠠᠨ ᠴᠤᠭᠯᠠᠷᠠᠵᠤ᠂ ᠣᠯᠠᠨ ᠲᠦᠮᠡᠨ ᠬᠤᠷᠠᠨ ᠴᠤᠭᠯᠠᠷᠠᠵᠤ᠂ ᠬᠥᠳᠡᠭᠡ ᠲᠣᠰᠬᠤᠨ ᠤ ᠶᠡᠭᠡ ᠶᠢᠷᠲᠢᠨᠴᠦ ᠴᠡᠴᠡᠭᠯᠡᠨ | ᠬᠥᠭᠵᠢᠭᠰᠡᠨ ᠪᠠᠶᠢᠳᠠᠯ ᠢᠯᠡᠷᠡᠵᠡᠢ᠃ | ᠡᠨᠡ ᠪᠣᠯ ᠤᠯᠠᠭᠠᠨᠴᠠᠪ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠵᠦᠸᠧᠽᠢ | ᠰᠢᠶᠠᠨ ᠤ ᠡᠯ ᠷᠧᠨ ᠲᠠᠢ ᠲᠣᠭᠯᠠᠯᠲᠠ ᠶᠢᠨ ᠤᠷᠠᠯᠢᠭ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠸᠧᠨ ᠵᠢᠶᠦ᠋ᠨ | ᠰᠢᠤ ᠪᠦᠯᠬᠦᠮ ᠪᠠᠶᠢᠵᠤ᠂ ᠰᠣᠶᠣᠯ ᠢ ᠬᠥᠳᠡᠭᠡ ᠬᠦᠷᠭᠡᠵᠦ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ | ᠬᠠᠯᠠᠭᠤᠨ ᠲᠠᠯᠠᠪᠠᠶ ᠪᠣᠯᠤᠨ᠎ᠠ᠃ | ︽ᠲᠠᠷᠢᠶᠠᠯᠠᠩ ᠤᠨ ᠰᠡᠯᠡᠭᠦᠦ ᠴᠠᠭ 6 ᠰᠠᠷ᠎ᠠ᠂ ᠲᠠᠷᠢᠶᠠᠨ ᠴᠢᠬᠢ ᠶᠢᠨ ᠴᠢᠬᠢᠭ ᠰᠤᠭᠤᠯᠵᠤ ᠦᠰᠦᠨ ᠪᠤᠶᠢᠵᠢᠬᠤ | ᠰᠤᠯᠠ ᠰᠡᠯᠡᠭᠦᠦ ᠴᠠᠭ ᠲᠤ᠂ ᠪᠢᠳᠡ ᠲᠤᠰ ᠭᠠᠵᠠᠷ ᠤᠨ ᠬᠠᠮᠤᠭ ᠤᠨ ᠭᠡᠭᠡᠨᠴᠡᠷ ᠬᠤᠶᠠᠷ ᠬᠥᠮᠦᠨ ᠤ ᠵᠦᠴᠦᠭᠡ ᠶᠢᠨ | ᠵᠦᠴᠦᠭᠡ ᠶᠢ ᠰᠠᠶᠢᠨ ᠦᠵᠡᠵᠦ᠂ ᠶᠠᠳᠠᠷᠠᠯ ᠵᠦᠳᠡᠷᠡᠯ ᠳᠤ᠂ ᠰᠡᠳᠬᠢᠯ ᠰᠠᠨᠠᠭ᠎ᠠ ᠪᠠᠨ ᠰᠣᠯᠢᠬᠤ ᠪᠣᠯ ᠬᠠᠮᠤᠭ ᠤᠨ | ᠰᠢᠨᠤᠯ ᠲᠠᠢ ᠪᠣᠯᠤᠭᠰᠠᠨ ᠶᠠᠪᠤᠳᠠᠯ ᠮᠥᠨ︾ ᠭᠡᠵᠦ ᠬᠡᠯᠡᠪᠡ᠃ ︽ᠸᠧᠨ ᠵᠢᠶᠦ᠋ᠨ ᠰᠢᠤ ᠡᠯ ᠷᠧᠨ ᠲᠠᠢ ᠠᠷᠠᠳ ᠤᠨ | ᠤᠷᠠᠯᠢᠭ ᠤᠨ ᠪᠦᠯᠬᠦᠮ ᠵᠢᠯ ᠪᠦᠷᠢ ᠮᠠᠨ ᠤ ᠠᠷᠠᠳ ᠢᠷᠭᠡᠳ ᠲᠤ ︽ᠴᠠᠭ ᠤᠨ ᠬᠤᠷ᠎ᠠ︾ ᠶᠢ ᠠᠪᠴᠢᠷᠠᠵᠤ ᠥᠭᠲᠡᠭ︾ | ︽ᠸᠧᠨ ᠵᠢᠶᠦ᠋ᠨ ᠰᠢᠤ ᠶᠢᠨ ᠬᠤᠶᠠᠷ ᠬᠥᠮᠦᠨ ᠤ ᠲᠠᠪᠴᠠᠩ ᠤᠨ ᠤᠳᠤᠷᠢᠳᠬᠤ ᠪᠠᠭ ᠰᠠᠶᠢᠨ ᠶᠠᠪᠤᠳᠠᠯ ᠢ ᠠᠷᠭ᠎ᠠ | ᠪᠦᠬᠦᠨ ᠢ ᠰᠦᠪᠡᠭᠴᠢᠯᠡᠨ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠡᠶᠢᠮᠦᠷᠬᠦ ᠰᠠᠶᠢᠨ | ᠵᠦᠴᠦᠭᠡ ᠶᠢᠨ ᠠᠩᠭᠢ ᠱᠠᠭᠠᠷᠳᠠᠭᠳᠠᠨ᠎ᠠ︾᠃ ᠁ ᠁ ᠰᠢ ᠶᠢᠨ ᠲᠠᠯᠠᠪᠤᠷ ᠲᠤ᠂ ᠬᠡᠳᠦᠨ ᠰᠢ | ᠬᠤᠷᠣᠬᠠᠢᠳᠠᠨ ᠬᠥᠭᠡᠷᠦᠯᠳᠦᠪᠡ᠃ | ᠸᠤᠨ ᠵᠢᠶᠦ᠋ᠨ ᠱᠢᠦ᠂ ᠤᠭ ᠨᠤᠲᠤᠭ ᠨᠢ ᠱᠠᠨ ᠱᠢ ᠮᠣᠵᠢ ᠶᠢᠨ ᠶᠤᠸᠠᠨ ᠫᠢᠩ ᠬᠤᠲᠠ ᠶᠢᠨ ᠭᠦᠸᠧ ᠶᠠᠩ | ᠱᠢᠶᠠᠨ᠂ ᠰᠠᠨ ᠤ ᠶᠢᠨ ᠡᠬᠡ ᠭᠠᠵᠠᠷ ᠤᠨ ᠡᠯᠪᠡᠭ ᠳᠡᠯᠪᠡᠭ ᠱᠢ ᠵᠦᠴᠦᠭᠡ ᠶᠢᠨ ᠰᠣᠶᠣᠯ ᠤᠨ ᠰᠠᠭᠤᠷᠢ᠂ ᠥᠩ | ᠱᠢᠮᠡᠯᠢᠭ ᠱᠢ ᠵᠦᠴᠦᠭᠡ ᠶᠢᠨ ᠰᠣᠶᠣᠯ ᠤᠨ ᠬᠥᠷᠥᠰᠥ ᠱᠢᠷᠣᠢ ᠨᠢ ᠲᠡᠭᠦᠨ ᠤ ᠲᠠᠪᠤᠨ ᠦᠶ᠎ᠡ ᠶᠢᠨ ᠡᠯ ᠴᠢ ᠶᠢᠨ | ᠤᠷᠠᠯᠢᠭ ᠤᠨ ᠤᠯᠠᠮᠵᠢᠯᠠᠯ ᠢ ᠪᠣᠢ ᠪᠣᠯᠭᠠᠵᠠᠢ᠃ ᠸᠧᠨ ᠵᠢᠶᠦ᠋ᠨ ᠰᠢᠤ ᠭᠡᠷ ᠪᠦᠯᠢ ᠶᠢᠨ ᠤᠷᠠᠯᠢᠭ ᠤᠨ ᠭᠧᠨ ᠢ | ᠵᠠᠯᠭᠠᠮᠵᠢᠯᠠᠵᠤ᠂ 14 ᠨᠠᠰᠤᠲᠠᠶ ᠳᠤ ᠪᠠᠨ ᠤᠷᠠᠯᠢᠭ ᠰᠤᠷᠴᠤ᠂ ᠡᠯ ᠷᠧᠨ ᠲᠠᠢ ᠤᠷᠠᠯᠢᠭ ᠢ ᠭᠤᠣᠯᠯᠠᠨ ᠲᠠᠭᠠᠷᠢᠵᠤ᠂ | ᠬᠤᠵᠢᠮ ᠨᠢ ᠡᠪᠦᠭᠡ ᠠᠪᠤ ᠪᠠᠨ ᠳᠠᠭᠠᠵᠤ ᠥᠪᠥᠷ ᠮᠣᠩᠭᠤᠯ ᠳᠤ ᠢᠷᠡᠵᠦ᠂ ᠬᠤᠶᠠᠷ ᠬᠥᠮᠦᠨ ᠤ ᠲᠠᠶᠢᠰᠠ ᠪᠠᠨ | ᠰᠢᠯᠵᠢᠭᠦᠯᠦᠨ ᠲᠣᠭᠯᠠᠯᠲᠠ ᠥᠷᠨᠢᠭᠦᠯᠪᠡ᠃ 1985 ᠣᠨ ᠳᠤ ᠸᠧᠨ ᠵᠢᠶᠦ᠋ᠨ ᠰᠢᠤ ᠬᠤᠶᠠᠷ ᠬᠥᠮᠦᠨ ᠤ | ᠲᠠᠶᠢᠰᠠᠨ ᠤ ᠲᠣᠭᠯᠠᠯᠲᠠ ᠵᠦᠸᠧᠽᠢ ᠰᠢᠶᠠᠨ ᠤ ᠰᠣᠶᠣᠯ ᠤᠨ ᠣᠷᠳᠣᠨ ᠳᠤ ᠰᠢᠯᠭᠠᠨ ᠣᠷᠣᠵᠤ᠂ ᠭᠠᠵᠠᠷ | ᠬᠥᠳᠡᠯᠦᠯᠲᠡ ᠶᠢᠨ ᠳᠥᠷᠪᠡᠨ ᠲᠠᠯ᠎ᠠ ᠶᠢᠨ ᠬᠤᠶᠠᠷ ᠬᠥᠮᠦᠨ ᠤ ᠲᠠᠶᠢᠰᠠ ︽ᠲᠠᠶᠢᠰᠠ︾ ᠪᠣᠯᠪᠠ︔ 1993 ᠣᠨ ᠳᠤ | ᠲᠡᠷᠡ ᠵᠦᠸᠧᠽᠢ ᠰᠢᠶᠠᠨ ᠤ ᠠᠷᠠᠳ ᠤᠨ ᠤᠷᠠᠯᠢᠭ ᠤᠨ ᠪᠦᠯᠬᠦᠮ ᠢ ᠳᠠᠩᠰᠠᠯᠠᠭᠤᠯᠪᠠ︔ 2020 ᠣᠨ ᠳᠤ ᠲᠡᠭᠦᠨ ᠢ | ᠤᠯᠠᠭᠠᠨᠴᠠᠪ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠵᠦᠸᠧᠽᠢ ᠰᠢᠶᠠᠨ ᠤ ᠡᠯ | ᠷᠧᠨ ᠲᠠᠢ ᠲᠣᠭᠯᠠᠯᠲᠠ ᠶᠢᠨ ᠤᠷᠠᠯᠢᠭ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠪᠠᠷ ᠨᠡᠷᠡᠶᠢᠳᠪᠡ᠃ | ᠰᠣᠶᠣᠯ ᠤᠨ ᠢᠲᠡᠭᠡᠯ ᠢ ᠪᠠᠷᠢᠮᠲᠠᠯᠠᠵᠤ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ | ᠡᠷᠡᠮᠡᠯᠵᠡᠯ ᠢ ᠬᠠᠩᠭᠠᠵᠤ᠂ ᠸᠧᠨ ᠵᠢᠶᠦ᠋ᠨ ᠰᠢᠤ ᠡᠯ ᠷᠧᠨ ᠤ ᠪᠣᠳᠠᠰ ᠤᠨ ᠪᠤᠰᠤ ᠰᠣᠶᠣᠯ ᠤᠨ ᠥᠪ ᠤᠨ | ᠤᠯᠠᠮᠵᠢᠯᠠᠭᠴᠢ ᠶᠢᠨ ᠬᠠᠷᠢᠭᠤᠴᠠᠯᠭ᠎ᠠ ᠪᠠ ᠡᠭᠦᠷᠭᠡᠯᠡᠯ ᠢᠶᠠᠷ ᠠᠷᠠᠳ ᠣᠯᠠᠨ ᠳᠤ ᠴᠢᠨᠠᠷ ᠰᠠᠶᠢᠲᠠᠶ ᠰᠣᠶᠣᠯ ᠤᠨ | ᠣᠶᠤᠨ ᠤ ᠬᠦᠨᠡᠰᠦ ᠬᠦᠷᠭᠡᠪᠡ᠃ ᠲᠡᠷᠡ ᠥᠪᠡᠷ ᠲᠡᠭᠡᠨ 80 ᠲᠦᠮᠡᠨ ᠲᠥᠭᠦᠷᠢᠭ ᠤᠨ ᠪᠡᠯᠡ ᠮᠥᠩᠭᠦ ᠴᠤᠭᠯᠠᠭᠤᠯᠵᠤ | ᠂ ᠲᠣᠭᠯᠠᠯᠲᠠ ᠶᠢᠨ ᠲᠥᠬᠦᠭᠡᠷᠦᠮᠵᠢ ᠪᠠᠨ ᠰᠢᠨᠡᠳᠬᠡᠵᠦ᠂ ᠲᠣᠮᠣ ᠬᠡᠯᠪᠡᠷᠢ ᠶᠢᠨ ᠲᠠᠶᠢᠰᠠᠨ ᠤ ᠲᠡᠷᠭᠡ᠂ ᠢᠵᠢ ᠪᠦᠷᠢᠨ | ᠲᠠᠶᠢᠰᠠᠨ ᠤ ᠳ᠋ᠧᠩ ᠪᠣᠯᠤᠨ ᠲᠡᠷᠢᠭᠦᠨ ᠤ ᠣᠶᠤᠨᠴᠢᠯᠠᠭᠰᠠᠨ ᠳᠠᠭᠤ ᠴᠢᠮᠡᠭᠡ ᠶᠢᠨ ᠲᠥᠬᠦᠭᠡᠷᠦᠮᠵᠢ ᠶᠢ ᠬᠤᠳᠠᠯᠳᠤᠨ | ᠠᠪᠤᠪᠠ᠃ ᠨᠢᠭᠡ ᠲᠣᠰᠬᠤᠨ ᠳᠤ ᠬᠦᠷᠬᠦ ᠪᠦᠷᠢ᠂ ᠭᠤᠶᠤ ᠰᠠᠶᠢᠬᠠᠨ ᠣᠯᠠᠨ ᠴᠢᠳᠠᠪᠬᠢᠲᠤ ᠪᠥᠵᠢᠭ ᠤᠨ ᠲᠠᠪᠴᠠᠩ᠂ | ᠲᠠᠪᠤᠨ ᠭᠡᠷᠡᠯ ᠠᠷᠪᠠᠨ ᠥᠩᠭᠡ ᠶᠢᠨ ᠳ᠋ᠧᠩ ᠤᠨ ᠭᠡᠷᠡᠯ ᠤᠨ ᠰᠢᠰᠲ᠋ᠧᠮ᠂ ᠴᠣ ᠰᠢᠨ᠎ᠡ ᠲᠣᠭᠯᠠᠯᠲᠠ ᠶᠢᠨ ᠬᠤᠪᠴᠠᠰᠤ | ᠬᠤᠨᠠᠷ᠂ ᠲᠣᠭᠯᠠᠭᠴᠢᠳ ᠤᠨ ᠲᠣᠭᠯᠠᠯᠲᠠ ᠵᠡᠷᠭᠡ ᠲᠣᠭᠯᠠᠯᠲᠠ ᠨᠢ ᠣᠯᠠᠨ ᠲᠦᠮᠡᠨ ᠤ ᠰᠡᠳᠬᠢᠯ ᠢ ᠪᠠᠶᠠᠰᠬᠠᠨ᠎ᠠ᠃ | ᠸᠧᠨ ᠵᠢᠶᠦ᠋ᠨ ᠰᠢᠤ ᠠᠷᠠᠳ ᠤᠨ ᠤᠷᠠᠯᠢᠭ ᠤᠨ ᠪᠦᠯᠬᠦᠮ ᠵᠦᠸᠧᠽᠢ ᠰᠢᠶᠠᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠰᠣᠶᠣᠯ ᠤᠨ ᠴᠢᠳᠠᠪᠤᠷᠢ ᠣᠯᠭᠤᠬᠤ ᠦᠵᠡᠰᠬᠦᠯᠡᠩᠲᠦ ᠰᠠᠶᠢᠬᠠᠨ ᠦᠵᠡᠮᠵᠢ ᠪᠣᠯᠪᠠ᠃ | ᠰᠣᠶᠣᠯ ᠢ ᠬᠥᠳᠡᠭᠡ ᠪᠠᠭᠤᠯᠭᠠᠬᠤ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ ᠥᠷᠨᠢᠭᠦᠯᠵᠦ᠂ ᠸᠧᠨ | ᠵᠢᠶᠦ᠋ᠨ ᠰᠢᠦ ᠶᠢᠨ ᠠᠷᠠᠳ ᠤᠨ ᠤᠷᠠᠯᠢᠭ ᠤᠨ ᠪᠦᠯᠬᠦᠮ ᠤᠨ ᠬᠢᠨ ︽ᠰᠣᠶᠣᠯ ᠢᠶᠠᠷ ᠬᠥᠮᠦᠨ︾ ᠤ ᠤᠷᠠᠨ | ᠰᠠᠶᠢᠬᠠᠨ ᠤ ᠲᠣᠭᠯᠠᠯᠲᠠ ᠶᠢ ᠪᠠᠷᠢᠮᠲᠠᠯᠠᠵᠤ᠂ ᠪᠦᠬᠦ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠠᠵᠢᠯᠯᠠᠭ᠎ᠠ ᠳᠤ ᠬᠠᠮᠵᠢᠯᠴᠠᠵᠤ᠂ ᠵᠦᠴᠦᠭᠡᠨ ᠳᠤ ᠲᠦᠰᠢᠭᠯᠡᠨ ᠤᠯᠠᠨ ᠲᠦᠮᠡᠨ ᠢ ᠨᠥᠯᠥᠭᠡᠯᠡᠵᠦ᠂ | ᠵᠥᠪ ᠵᠠᠮ ᠢᠶᠠᠷ ᠵᠠᠮᠨᠠᠭᠤᠯᠵᠤ᠂ ᠶᠣᠰᠣ ᠲᠦᠷᠢᠮ ᠢ ᠡᠷᠬᠢᠮᠯᠡᠵᠦ᠂ ᠬᠠᠤᠯᠢ ᠴᠠᠭᠠᠵᠠ ᠶᠢ ᠰᠠᠬᠢᠬᠤ ᠶᠢ ᠰᠤᠷᠭᠠᠨ | ᠬᠥᠮᠥᠵᠢᠭᠦᠯᠪᠡ᠃ ᠨᠠᠶᠢᠷᠠᠭᠤᠯᠵᠤ ᠪᠠᠶᠢᠭ᠎ᠠ ︽ᠮᠠᠮᠤᠲ᠋ᠤ᠋ ᠭᠤᠷᠪᠠᠨ ᠨᠡᠭᠦᠳᠡᠯ︾᠂ ︽ᠳᠠᠯᠠᠨ ᠬᠤᠶᠠᠷ ᠠᠴᠢᠯᠠᠯ︾᠂ ︽ | ᠿᠧᠨ ᠢ ᠯᠢ ᠤᠶᠤᠨ ᠪᠢᠯᠢᠭ ᠰᠦᠰᠦᠭ︾ ᠵᠡᠷᠭᠡ ᠰᠢ ᠵᠦᠴᠦᠭᠡ ᠨᠢ ᠲᠤᠭ᠎ᠠ ᠲᠣᠮᠰᠢ ᠦᠭᠡᠢ ᠣᠯᠠᠨ ᠬᠥᠮᠥᠨ ᠢ | ᠬᠥᠮᠥᠵᠢᠭᠦᠯᠦᠨ ᠤᠬᠠᠭᠠᠷᠠᠭᠤᠯᠪᠠ᠃ ᠡᠭᠦᠨ ᠤ ᠬᠠᠮᠲᠤ᠂ ᠸᠧᠨ ᠵᠢᠶᠦ᠋ᠨ ᠰᠢᠤ ᠡᠪᠦᠭᠡ ᠳᠡᠭᠡᠷᠡᠬᠢ ︽ᠰᠣᠶᠣᠯ ᠤᠨ | ᠤᠳᠤᠮᠰᠢᠯ ᠢ ᠤᠯᠠᠮᠵᠢᠯᠠᠨ ᠵᠠᠯᠭᠠᠮᠵᠢᠯᠠᠵᠤ᠂ ᠦᠨᠳᠦᠰᠦᠲᠡᠨ ᠤ ᠵᠣᠷᠢᠭ ᠰᠠᠨᠠᠭ᠎ᠠ︾ ᠭᠡᠬᠦ ᠶᠣᠰᠣ ᠲᠦᠷᠢᠮ ᠢ | ᠬᠢᠴᠢᠶᠡᠩᠭᠦ᠋ᠢᠯᠡᠨ ᠰᠠᠬᠢᠵᠤ᠂ ᠬᠤᠪᠢᠰᠬᠠᠯ ᠤᠨ ᠬᠥᠮᠦᠵᠢᠯ ᠤᠬᠠᠭᠤᠯᠭ᠎ᠠ ᠶᠢᠨ ᠠᠵᠢᠯ ᠢ ᠴᠢᠷᠮᠠᠶᠢᠨ ᠰᠠᠶᠢᠲᠤᠷ ᠬᠢᠵᠦ᠂ | ᠨᠠᠶᠢᠷᠠᠭᠤᠯᠤᠭᠰᠠᠨ ︽ᠰᠠᠯᠬᠢ ᠳᠠᠯᠠᠨ ᠬᠠᠷ᠎ᠠ ᠠᠭᠤᠯᠠ︾᠂ ︽ᠾᠧ ᠯᠦᠩ ᠮᠠᠷᠱᠠᠯ ᠭᠠᠷᠮᠠᠭᠠᠢ ᠠᠭᠤᠯᠠᠨ ᠳᠤ | ᠪᠠᠶᠢᠨ᠎ᠠ︾ ᠵᠡᠷᠭᠡ ᠬᠤᠪᠢᠰᠬᠠᠯ ᠤᠨ ᠰᠢ ᠵᠦᠴᠦᠭᠡ ᠶᠢ ᠲᠣᠭᠯᠠᠵᠤ᠂ ᠥᠨᠳᠥᠷ ᠲᠣᠭᠯᠠᠯᠲᠠ ᠪᠠᠷ ᠶᠠᠫᠣᠨ ᠢ | ᠡᠰᠡᠷᠭᠦᠴᠡᠬᠦ ᠲᠠᠶᠢᠨ᠂ ᠴᠢᠯᠥᠭᠡᠯᠡᠬᠦ ᠲᠠᠶᠢᠨ ᠤ ᠳᠤᠮᠳᠠ ᠮᠠᠨ ᠤ ᠨᠠᠮ ᠮᠠᠨ ᠤ ᠴᠡᠷᠢᠭ ᠲᠦᠮᠡᠨ ᠬᠦᠴᠢᠷᠳᠡᠯ ᠢ ᠢᠯᠠᠨ | ᠳᠠᠪᠠᠵᠤ᠂ ᠡᠷᠡᠯᠬᠡᠭᠯᠡᠨ ᠤᠷᠤᠭᠰᠢᠯᠠᠬᠤ ᠬᠤᠪᠢᠰᠬᠠᠯ ᠤᠨ ᠣᠮᠣᠭᠰᠢᠯ ᠢ ᠮᠠᠭᠲᠠᠨ ᠳᠠᠭᠤᠯᠠᠪᠠ᠃ | ᠴᠠᠭ ᠦᠶ᠎ᠡ ᠶᠢᠨ ᠠᠯᠬᠤᠴᠠ ᠶᠢ ᠳᠠᠭᠠᠵᠤ ᠸᠤᠨ ᠵᠢᠶᠦ᠋ᠨ ᠱᠢᠦ ᠡᠯ ᠷᠧᠨ ᠲᠠᠢ ᠠᠷᠠᠳ ᠤᠨ ᠤᠷᠠᠯᠢᠭ ᠤᠨ | ᠪᠦᠯᠬᠦᠮ ᠬᠠᠭᠤᠴᠢᠨ ᠢ ᠡᠷᠭᠦᠨ ᠱᠢᠨ᠎ᠡ ᠶᠢ ᠭᠠᠷᠭᠠᠬᠤ ᠶᠢ ᠪᠠᠷᠢᠮᠲᠠᠯᠠᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠤᠨ ᠳᠠᠷᠠᠭ᠎ᠠ᠂ ᠪᠦᠯᠬᠦᠮ ᠨᠡᠶᠢᠲᠡ ︽ᠠᠷᠪᠠᠨ ᠨᠠᠢᠮᠠᠳᠤᠭᠠᠷ ᠶᠡᠭᠡ ᠬᠤᠷᠠᠯ ᠢ ᠮᠠᠭᠲᠠᠨ ᠳᠠᠭᠤᠯᠠᠶ᠎ᠠ︾᠂ ︽ | ᠠᠷᠪᠠᠨ ᠨᠠᠢᠮᠠᠳᠤᠭᠠᠷ ᠶᠡᠭᠡ ᠬᠤᠷᠠᠯ ᠤᠨ ᠵᠠᠮ ᠥᠷᠭᠡᠨ ᠮᠥᠷᠲᠡᠭᠡᠨ ᠥᠷᠭᠡᠨ᠂︾ ᠵᠡᠷᠭᠡ ᠶᠢ ᠲᠥᠪᠯᠡᠷᠡᠭᠦᠯᠦᠨ | ᠨᠠᠶᠢᠷᠠᠭᠤᠯᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠴᠠᠭ ᠲᠤᠬᠠᠢ ᠳᠤᠨᠢ | ᠤᠬᠠᠭᠤᠯᠪᠠ︔ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠬᠡᠳᠦᠨ ᠵᠢᠯ ᠳᠤ ᠪᠦᠯᠬᠦᠮ ᠨᠡᠶᠢᠲᠡ | ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠠᠮᠢᠳᠤᠷᠠᠯ ᠤᠨ ᠤᠭ ᠪᠠᠶᠢᠳᠠᠯ ᠢ ᠦᠨᠳᠦᠰᠦᠯᠡᠨ᠂ ︽ᠸᠠᠩ ᠡᠦ | ᠶᠠᠳᠠᠭᠤ ᠠᠴᠠ ᠠᠩᠭᠢᠵᠢᠷᠠᠭᠤᠯᠬᠤ︾᠂ ︽ᠶᠠᠳᠠᠭᠤ ᠠᠴᠠ ᠠᠩᠭᠢᠵᠢᠷᠠᠭᠤᠯᠬᠤ ᠵᠠᠮ︾ ᠵᠡᠷᠭᠡ ᠲᠣᠭᠯᠠᠯᠲᠠ ᠶᠢ | ᠪᠣᠯᠪᠠᠰᠤᠷᠠᠵᠤ᠂ ᠪᠦᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠠᠵᠢᠯ ᠳᠤ ᠬᠦᠴᠦᠲᠡᠢ ᠬᠠᠮᠵᠢᠯᠴᠠᠪᠠ︔ | ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠭᠰᠠᠨ ᠤ ᠲᠠᠷᠠᠭ᠎ᠠ᠂ ᠪᠦᠯᠬᠦᠮ ᠨᠡᠶᠢᠲᠡ ︽ᠬᠤᠷᠢᠳᠤᠭᠠᠷ ᠶᠡᠭᠡ | ᠬᠤᠷᠠᠯ ᠤᠨ ᠵᠢᠭᠠᠵᠤ ᠭᠠᠷᠭᠠᠭᠰᠠᠨ ᠭᠤᠸᠠᠩ ᠮᠢᠩ ᠵᠠᠮ︾᠂ ︽ᠬᠤᠷᠢᠳᠤᠭᠠᠷ ᠶᠡᠭᠡ ᠬᠤᠷᠠᠯ ᠤᠨ ᠵᠠᠮ ᠢᠶᠠᠷ ᠡᠮᠦᠨ᠎ᠡ | ᠵᠦᠭ ᠤᠷᠤᠭᠰᠢᠯᠠᠶ᠎ᠠ︾ ᠵᠡᠷᠭᠡ ᠶᠢ ᠨᠠᠶᠢᠷᠠᠭᠤᠯᠤᠨ ᠵᠢᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠲᠦᠭ ᠲᠦᠮᠡᠨ ᠠᠶᠢᠯ ᠡᠷᠦᠬᠡ ᠳᠤ ᠤᠯᠠᠮᠵᠢᠯᠠᠪᠠ᠃ | ᠤᠷᠠᠯᠢᠭ ᠤᠨ ᠪᠦᠯᠬᠦᠮ ᠤᠨ ᠬᠢᠨ ᠤᠷᠠᠨ ᠰᠠᠶᠢᠬᠠᠨ ᠲᠣᠭᠯᠠᠯᠲᠠ ᠭᠠᠷᠭᠠᠵᠤ᠂ ᠰᠣᠶᠣᠯ ᠤᠨ ᠵᠠᠬ᠎ᠠ ᠳᠡᠯᠭᠡᠭᠦᠷ ᠢ | ᠴᠡᠴᠡᠭᠯᠡᠭᠦᠯᠦᠭᠰᠡᠨ ᠪᠥᠭᠡᠳ ᠠᠵᠤ ᠠᠬᠤᠶ ᠶᠢᠨ ᠵᠠᠬ᠎ᠠ ᠳᠡᠯᠭᠡᠭᠦᠷ ᠢ ᠴᠤ ᠬᠥᠭᠵᠢᠭᠦᠯᠵᠡᠶ᠃ ᠤᠳᠠᠭ᠎ᠠ ᠪᠦᠷᠢ ᠶᠢᠨ | ᠬᠥᠳᠡᠭᠡ ᠲᠣᠰᠬᠤᠨ ᠤ ᠲᠣᠭᠯᠠᠯᠲᠠ᠂ ᠬᠤᠳᠠᠯᠳᠤᠭᠠᠨ ᠤ ᠪᠦᠯᠬᠦᠮ᠂ ᠪᠠᠷᠠᠭᠠᠨ ᠤ ᠨᠡᠭᠦᠳᠡᠯ ᠲᠡᠷᠭᠡ᠂ ᠲᠦᠷ ᠴᠠᠭ ᠤᠨ | ᠢᠳᠡᠭᠡᠨ ᠤᠮᠳᠠᠭᠠᠨ ᠵᠡᠷᠭᠡ ᠨᠢ ᠳᠠᠭᠠᠯᠳᠤᠨ ᠬᠦᠷᠴᠦ᠂ ᠵᠢᠵᠢᠭ ᠬᠡᠯᠪᠡᠷᠢ ᠶᠢᠨ ᠰᠣᠶᠣᠯ ᠤᠨ ᠠᠷᠠᠯᠵᠢᠶ᠎ᠠ | ᠬᠤᠳᠠᠯᠳᠤᠭᠠᠨ ᠤ ᠰᠣᠯᠢᠯᠴᠠᠭᠠᠨ ᠤ ᠬᠤᠷᠠᠯ ᠢ ᠪᠦᠷᠢᠯᠳᠦᠭᠦᠯᠵᠡᠶ᠃ ᠭᠤᠷᠪᠠᠨ ᠲᠣᠰᠬᠤᠨ ᠲᠠᠪᠤᠨ ᠭᠠᠵᠠᠷ ᠤᠨ | ᠨᠤᠲᠤᠭ ᠤᠨ ᠠᠬ᠎ᠠ ᠳᠡᠭᠦᠦ ᠨᠡᠷ ᠰᠢ ᠦᠵᠡᠵᠦ ᠪᠠᠷᠠᠭ᠎ᠠ ᠪᠠᠨ ᠠᠮᠠᠷᠬᠠᠨ ᠬᠤᠳᠠᠯᠳᠤᠨ ᠠᠪᠴᠤ᠂ ᠬᠤᠭᠤᠯᠠ ᠢᠳᠡᠵᠦ | ᠰᠡᠯᠡᠭᠦᠴᠡᠨ ᠵᠤᠭᠠᠯᠠᠬᠤ ᠬᠡᠷᠡᠭ ᠦᠭᠡᠢ᠂ ᠪᠢᠲᠡᠭᠡᠢ ᠮᠠᠰᠢ ᠬᠦᠷ ᠬᠥᠭᠵᠢᠶᠡᠨ ᠲᠠᠢ ᠭᠡᠵᠦ ᠪᠢᠲᠡᠭᠡᠢ ᠳᠤᠷᠠᠳ᠃ | ᠨᠢᠭᠡ ᠵᠦᠴᠦᠭᠡ ᠨᠢ ᠨᠢᠭᠡ ᠭᠠᠵᠠᠷ ᠤᠨ ᠠᠵᠤ ᠠᠬᠤᠢ ᠶᠢ ᠠᠮᠢᠳᠤᠯᠢᠭ ᠪᠣᠯᠭᠠᠵᠤ᠂ ᠨᠢᠭᠡ ᠵᠦᠴᠦᠭᠡ ᠨᠢ | ᠬᠥᠳᠡᠭᠡ ᠲᠣᠰᠭᠤᠨ ᠤ ᠴᠤᠭ ᠵᠢᠪᠬᠤᠭ᠎ᠠ ᠶᠢ ᠪᠠᠳᠠᠷᠠᠭᠤᠯᠵᠠᠢ᠃ ᠸᠧᠨ ᠵᠢᠶᠦ᠋ᠨ ᠰᠢᠤ ᠡᠯ ᠷᠧᠨ ᠲᠠᠢ ᠠᠷᠠᠳ ᠤᠨ | ᠤᠷᠠᠯᠢᠭ ᠤᠨ ᠪᠦᠯᠬᠦᠮ ᠵᠢᠯ ᠪᠦᠷᠢ 100 ᠭᠠᠷᠤᠶ ᠲᠠᠯᠠᠪᠤᠷ ᠰᠢ ᠬᠦᠷᠭᠡᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠠᠩᠭᠢᠨᠠᠮ᠎ᠠ ᠮᠠᠭᠲᠠᠭᠠᠯ ᠳᠠᠭᠤᠤ ᠶᠢ ᠬᠠᠩᠭᠢᠨᠠᠲᠠᠯ᠎ᠠ ᠳᠠᠭᠤᠯᠠᠵᠠᠶ᠃ ᠡᠨᠡ ᠬᠤᠭᠤᠴᠠᠭᠠᠨ ᠳᠤ᠂ | ᠤᠷᠠᠯᠢᠭ ᠤᠨ ᠪᠦᠯᠬᠦᠮ ᠤᠨ ᠰᠢᠨ᠎ᠡ ᠪᠠᠷ ᠪᠠᠶᠢᠭᠤᠯᠤᠭᠳᠠᠭᠰᠠᠨ ᠡᠯ ᠷᠧᠨ ᠲᠠᠢ ᠰᠢᠶᠠᠨ ᠤ ︽ᠰᠠᠬᠢᠨ ᠪᠠᠷᠠᠯᠠᠵᠤ | ᠬᠠᠷᠢᠯᠴᠠᠨ ᠬᠠᠪᠰᠤᠷᠤᠯᠴᠠᠭᠰᠠᠨ ᠬᠡᠷ ᠣᠷᠣᠨ ᠤ ᠠᠩᠬᠠᠳᠤᠭᠠᠷ ᠬᠤᠭᠤᠴᠠᠭᠠᠨ ᠤ ᠮᠠᠯᠴᠢᠨ ᠲᠠᠷᠢᠶᠠᠴᠢᠨ ᠤ ᠤᠷᠠᠨ | ᠰᠠᠶᠢᠬᠠᠨ ᠤ ᠲᠣᠭᠯᠠᠯᠲᠠ ᠶᠢᠨ ᠨᠢᠭᠡᠳᠦᠭᠡᠷ ᠳᠡᠰ ᠤᠨ ᠱᠠᠩᠨᠠᠯ︾᠂ ᠤᠯᠠᠭᠠᠨᠴᠠᠪ ᠬᠤᠲᠠ ᠶᠢᠨ ︽ᠰᠠᠬᠢᠨ ᠪᠠᠷᠠᠯᠠᠵᠤ | ᠬᠠᠷᠢᠯᠴᠠᠨ ᠬᠠᠪᠰᠤᠷᠤᠯᠴᠠᠭᠰᠠᠨ ᠬᠡᠷ ᠣᠷᠣᠨ︾ ᠤ ᠬᠤᠶᠠᠳᠤᠭᠠᠷ ᠳᠡᠰ ᠤᠨ ᠱᠠᠩᠨᠠᠯ ᠪᠠ ᠤᠯᠠᠭᠠᠨᠴᠠᠪ ᠬᠤᠲᠠ ᠶᠢᠨ | ︽ᠢ ᠶᠤᠸᠠᠨ ᠴᠢᠦ ᠶᠦᠡᠭ︾ ᠣᠯᠠᠨ ᠲᠦᠮᠡᠨ ᠤ ᠵᠢᠵᠢᠭ ᠰᠢ ᠱᠤᠭ ᠵᠦᠴᠦᠭᠡ ᠤᠷᠠᠨ ᠰᠠᠶᠢᠬᠠᠨ ᠤ | ᠦᠵᠡᠭᠦᠯᠦᠯᠭᠡ ᠶᠢᠨ ᠲᠣᠭᠯᠠᠯᠲᠠ ᠶᠢᠨ ︽ᠰᠢᠯᠢᠳᠡᠭ ᠴᠤᠭ ᠵᠢᠪᠬᠤᠭ᠎ᠠ︾ ᠶᠢ ᠭᠥᠷᠳᠡᠪᠡ︔ ᠤᠯᠠᠮᠵᠢᠯᠠᠯᠲᠤ ᠵᠦᠴᠦᠭᠡ | ︽ᠦᠬᠡᠷ ᠮᠠᠯ︾ ᠤᠯᠠᠭᠠᠨᠴᠠᠪ ᠬᠤᠲᠠ ᠶᠢᠨ ︽ᠴᠢᠨᠡᠭᠡᠯᠢᠭ ᠨᠡᠶᠢᠭᠡᠮ ᠤᠨ ᠰᠢᠢᠳᠪᠦᠷᠢᠲᠦ ᠢᠯᠠᠯᠲᠠ ᠶᠢ ᠤᠯᠬᠤ | ᠲᠡᠮᠡᠴᠡᠯ ᠳᠤ ᠪᠢᠳᠡ ᠪᠤᠢ︾ ᠭᠡᠬᠦ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠬᠡᠷ ᠣᠷᠣᠨ ᠤ ᠤᠷᠠᠨ | ᠰᠠᠶᠢᠬᠠᠨ ᠤ ᠲᠣᠭᠯᠠᠯᠲᠠ ᠶᠢᠨ ᠨᠢᠭᠡᠳᠦᠭᠡᠷ ᠳᠡᠰ ᠤᠨ ᠱᠠᠩᠨᠠᠯ ᠭᠥᠷᠳᠡᠪᠡ︔ 2017 ᠣᠨ ᠠᠴᠠ 2023 ᠤᠨ | ᠪᠣᠯᠲᠠᠯ᠎ᠠ᠂ ᠤᠷᠠᠯᠢᠭ ᠤᠨ ᠪᠦᠯᠬᠦᠮ ᠨᠢ 7 ᠵᠢᠯ ᠳᠠᠷᠠᠭᠠᠯᠠᠨ ᠵᠦᠸᠧᠽᠢ ᠰᠢᠶᠠᠨ ᠤ ᠨᠠᠮ ᠤᠨ ᠬᠤᠷᠢᠶ᠎ᠠ ᠰᠢᠶᠠᠨ ᠤ | ᠵᠠᠰᠠᠭ ᠤᠨ ᠣᠷᠳᠣᠨ ᠤ ︽ᠬᠦᠳᠡᠭᠡ ᠪᠠᠭᠤᠵᠤ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠰᠢᠯᠢᠳᠡᠭ ᠪᠦᠯᠬᠦᠮ | ︾ ᠢᠶᠠᠷ ᠦᠨᠡᠯᠡᠭᠳᠡᠪᠡ︔ 2023 ᠣᠨ ᠳᠤ ᠤᠷᠠᠯᠢᠭ ᠤᠨ ᠪᠦᠯᠬᠦᠮ ᠨᠢ ︽ᠪᠥᠬᠦ ᠣᠷᠣᠨ ᠤ ᠠᠷᠪᠠᠨ ᠰᠢᠯᠢᠳᠡᠭ | ᠠᠷᠠᠳ ᠤᠨ ᠵᠦᠴᠦᠭᠡ ᠶᠢᠨ ᠪᠦᠯᠬᠦᠮ︾᠂ ︽ᠪᠥᠬᠦ ᠣᠷᠣᠨ ᠤ ᠮᠠᠯᠴᠢᠨ ᠲᠠᠷᠢᠶᠠᠴᠢᠨ ᠤ ᠰᠣᠶᠣᠯ ᠤᠨ ᠵᠢᠱᠢᠶ᠎ᠡ | ᠦᠵᠡᠭᠦᠯᠬᠦ ᠡᠷᠦᠬᠡ︾ ᠪᠠᠷ ᠦᠨᠡᠯᠡᠭᠳᠡᠪᠡ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |