ᠵᠦᠸᠧᠽᠢ ᠰᠢᠶᠠᠨ ᠬᠥᠳᠡᠭᠡ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/6/5
    5 ᠰᠠᠷ᠎ᠠ ᠶᠢᠨ 28 ᠤ ᠡᠳᠦᠷ᠂ ᠪᠦᠬᠦ ᠰᠢᠶᠠᠨ ᠤ ᠬᠥᠳᠡᠭᠡ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠬᠦ ᠠᠩᠬᠢ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠣᠯᠪᠠᠰᠤᠷᠠᠯ ᠤᠨ ᠰᠠᠭᠤᠷᠢᠨ ᠭᠠᠵᠠᠷ - ᠪᠠᠶᠠᠨᠰᠢᠯᠢ ᠪᠠᠯᠭᠠᠰᠤᠨ ᠤ ᠨᠠᠮ ᠤᠨ ᠰᠤᠷᠭᠠᠭᠤᠯᠢ ᠳᠤ ᠰᠤᠷᠤᠯᠭ᠎ᠠ ᠡᠬᠢᠯᠡᠵᠦ᠂ ᠪᠦᠬᠦ ᠰᠢᠶᠠᠨ ᠤ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠭᠡᠰᠢᠭᠦᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠳᠤ ᠲᠤᠰᠢᠶᠠᠯ ᠡᠭᠦᠷᠭᠡᠯᠡᠵᠦ ᠪᠠᠶᠢᠭ᠎ᠠ ᠰᠣᠩᠭᠤᠨ ᠰᠢᠯᠵᠢᠭᠦᠯᠬᠦ ᠰᠤᠷᠤᠭᠴᠢ ᠵᠡᠷᠭᠡ 70 ᠭᠠᠷᠤᠢ ᠬᠥᠮᠦᠨ ᠪᠣᠯᠪᠠᠰᠤᠷᠠᠯ ᠳᠤ ᠣᠷᠣᠯᠴᠠᠪᠠ᠃ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠲᠠᠶᠢᠴᠢᠯᠠᠯᠳᠠ ᠶᠢᠨ ᠶᠠᠷᠢᠶ᠎ᠠ ᠲᠠᠯᠪᠢᠪᠠ᠃
 
   ᠲᠤᠰ ᠤᠳᠠᠭ᠎ᠠ ᠶᠢᠨ ᠪᠣᠯᠪᠠᠰᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠪᠠ᠃ ᠬᠤᠷᠠᠯ ᠠᠴᠠ᠂ ᠪᠣᠯᠪᠠᠰᠤᠷᠠᠯ ᠳᠤ ᠣᠷᠣᠯᠴᠠᠭᠰᠠᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠪᠦᠬᠦ ᠰᠢᠶᠠᠨ ᠤ ᠬᠥᠳᠡᠭᠡ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠣᠯᠤᠨ ᠦᠢᠯᠡᠴᠢᠯᠡᠭᠡᠨ ᠤ ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠬᠠᠷᠠᠭ᠎ᠠ ᠪᠠᠨ ᠥᠷᠭᠡᠳᠬᠡᠵᠦ᠂ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠡᠨᠡ ᠤᠳᠠᠭ᠎ᠠ ᠶᠢᠨ ᠪᠣᠯᠪᠠᠰᠤᠷᠠᠯ ᠤᠨ ᠠᠵᠠ ᠲᠣᠬᠢᠶᠠᠯ ᠢ ᠭᠦᠢᠴᠡᠳ ᠰᠠᠶᠢᠲᠤᠷ ᠠᠰᠢᠭᠯᠠᠵᠤ᠂ ᠨᠠᠷᠢᠨ ᠬᠢᠨᠠᠮᠠᠭᠠᠢ ᠰᠤᠷᠤᠯᠴᠠᠵᠤ᠂ ᠬᠠᠷᠠᠭ᠎ᠠ ᠪᠠᠨ ᠥᠷᠭᠡᠳᠬᠡᠵᠦ᠂ ᠬᠠᠷᠢᠯᠴᠠᠨ ᠰᠣᠯᠢᠯᠴᠠᠵᠤ᠂ ᠭᠦᠨᠵᠡᠭᠡᠢ ᠰᠡᠳᠬᠢᠨ ᠪᠣᠳᠣᠯᠬᠢᠯᠠᠵᠤ᠂ ᠰᠤᠷᠤᠯᠴᠠᠪᠠᠯ ᠣᠯᠤᠯᠲᠠ ᠲᠠᠢ᠂ ᠰᠤᠷᠤᠯᠴᠠᠪᠠᠯ ᠠᠮᠵᠢᠯᠲᠠ ᠲᠠᠢ ᠪᠣᠯᠬᠤ ᠪᠠᠷ ᠴᠢᠷᠮᠠᠶᠢᠬᠤ ᠬᠡᠷᠡᠭᠲᠡᠢ᠃    ᠲᠣᠰ ᠤᠳᠠᠭᠠᠨ ᠤ ᠪᠣᠯᠪᠠᠰᠤᠷᠠᠯ ᠨᠢ 3 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠲᠤᠰᠬᠠᠶ ᠰᠡᠳᠦᠪᠲᠦ ᠲᠠᠶᠢᠯᠤᠮᠵᠢ᠂ ᠰᠢᠯᠭᠠᠨ ᠪᠠᠶᠢᠴᠠᠭᠠᠵᠤ ᠰᠤᠷᠤᠯᠴᠠᠬᠤ ᠶᠢ ᠤᠶᠠᠯᠳᠤᠭᠤᠯᠬᠤ ᠵᠡᠷᠭᠡ ᠬᠡᠯᠪᠡᠷᠢ ᠶᠢ ᠠᠪᠴᠤ᠂ ᠭᠤᠤᠯᠳᠠᠭᠤ ᠤᠯᠤᠰ ᠲᠥᠷᠥ ᠶᠢᠨ ᠴᠢᠳᠠᠪᠤᠷᠢ᠂ ᠰᠠᠬᠢᠯᠭ᠎ᠠ ᠪᠠᠲᠤ ᠶᠢᠨ ᠤᠬᠠᠮᠰᠠᠷ ᠪᠠ ᠲᠤᠰᠬᠠᠶ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠪᠣᠯᠪᠠᠰᠤᠷᠠᠭᠤᠯᠤᠯ ᠬᠢᠬᠦ ᠶᠢᠨ ᠬᠠᠮᠲᠤ ᠬᠥᠳᠡᠭᠡ ᠲᠣᠰᠬᠤᠨ ᠤ ᠺᠠᠳ᠋ᠷ ᠤᠨ ᠣᠨᠴᠠᠯᠢᠭ ᠲᠠᠢ ᠤᠶᠠᠯᠳᠤᠭᠤᠯᠤᠨ᠂ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠵᠡᠪᠰᠡᠭᠯᠡᠬᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ᠂ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠠᠷᠢᠭᠤᠨ ᠴᠢᠬᠡᠴᠢ ᠪᠠᠷ ᠡᠭᠦᠷᠭᠡ ᠲᠤᠰᠢᠶᠠᠯ ᠢᠶᠠᠨ ᠭᠦᠶ᠋ᠴᠡᠳᠬᠡᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠡᠷᠭᠡ ᠲᠠᠯ᠎ᠠ ᠶᠢᠨ ᠲᠤᠰᠬᠠᠶ ᠰᠡᠳᠦᠪ ᠢᠶᠠᠷ ᠬᠢᠴᠢᠶᠡᠯᠯᠡᠬᠦ ᠶᠢ ᠳᠣᠭᠢᠷᠠᠭᠤᠯᠪᠠ᠃                             ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2