ᠵᠦᠸᠧᠽᠢ ᠰᠢᠶᠠᠨ᠄ ᠴᠡᠴᠡᠭᠲᠦ ᠨᠤᠭᠤᠭ᠎ᠠ ᠶᠢᠨ ᠲᠠᠷᠢᠶᠠᠨ ᠭᠠᠵᠠᠷ ᠤᠨ ᠴᠢᠬᠢ ᠪᠤᠶᠢᠵᠢᠭᠤᠯᠬᠤ ᠬᠠᠮᠢᠶᠠᠷᠤᠯᠲᠠ ᠶᠠᠭᠠᠷᠠᠤ ᠪᠠᠶᠢᠨ᠎ᠠ
ᠨᠡᠶᠢᠲᠡᠯᠡᠭᠰᠡᠨ ᠴᠠᠭ᠄
2024/6/5
    ᠵᠤᠨ ᠤ ᠡᠬᠢᠨ ᠳᠤ᠂ ᠶᠠᠭ ᠰᠠᠶᠢᠬᠠᠨ ᠲᠦᠮᠡᠨ ᠪᠣᠳᠠᠰ ᠤᠨ ᠥᠰᠥᠯᠲᠡ ᠶᠢᠨ ᠰᠠᠶᠢᠨ ᠴᠠᠭ ᠦᠶ᠎ᠡ ᠮᠥᠨ᠂ ᠬᠡᠳᠦᠨ ᠡᠳᠦᠷ ᠤᠨ ᠲᠤᠷᠰᠢ᠂ ᠵᠦᠸᠧᠽᠢ ᠰᠢᠶᠠᠨ ᠤ ᠲᠠᠷᠢᠶᠠᠴᠢᠳ ᠲᠠᠷᠢᠶᠠᠯᠠᠭ᠎ᠠ ᠶᠢᠨ ᠴᠠᠭ ᠢ ᠵᠠᠪᠳᠤᠨ ᠠᠳᠬᠤᠵᠤ᠂ ᠴᠡᠴᠡᠭᠲᠦ ᠨᠤᠭᠤᠭ᠎ᠠ ᠶᠢᠨ ᠨᠢᠯᠬ᠎ᠠ ᠴᠢᠬᠢ ᠶᠢ ᠰᠢᠯᠵᠢᠭᠦᠯᠦᠨ ᠵᠠᠶᠢᠯᠠᠬᠤ᠂ ᠪᠣᠷᠲᠣᠭᠤᠷ ᠣᠷᠣᠭᠤᠯᠬᠤ᠂ ᠡᠪᠡᠰᠦ ᠠᠷᠢᠯᠭᠠᠬᠤ᠂ ᠶᠡᠭᠡ ᠲᠠᠷᠢᠶᠠᠨ ᠭᠠᠵᠠᠷ ᠢ ᠲᠣᠭᠲᠠᠭᠠᠨ ᠳᠠᠷᠢᠬᠤ ᠵᠡᠷᠭᠡ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ ᠬᠢᠵᠦ᠂ ᠴᠡᠴᠡᠭᠲᠦ ᠨᠤᠭᠤᠭ᠎ᠠ  ᠶᠢᠨ ᠴᠢᠬᠢ ᠶᠢᠨ ᠤᠷᠭᠤᠯᠲᠠ ᠰᠠᠶᠢᠨ ᠪᠠᠶᠢᠬᠤ ᠶᠢ ᠦᠨᠡᠨ ᠬᠦ ᠪᠠᠲᠤᠯᠠᠵᠤ᠂ ᠲᠠᠷᠢᠶᠠᠨ ᠭᠠᠵᠠᠷ ᠳᠤ ᠶᠠᠭᠠᠷᠠᠯᠲᠠᠢ ᠪᠠᠶᠠᠷᠯᠠᠭᠤᠰᠢᠲᠠᠶ ᠪᠠᠶᠢᠳᠠᠯ ᠭᠠᠷᠭᠠᠪᠠ᠃    ᠲᠦᠷᠦᠭᠦᠬᠡᠨ᠂ ᠵᠦᠸᠧᠽᠢ ᠰᠢᠶᠠᠨ ᠤ ᠴᠡᠴᠡᠭᠲᠦ ᠨᠤᠭᠤᠭ᠎ᠠ ᠴᠢᠬᠢ ᠪᠤᠶᠢᠵᠢᠭᠤᠯᠬᠤ ᠰᠠᠭᠤᠷᠢᠨ ᠭᠠᠵᠠᠷ ᠤᠨ ᠬᠦᠯᠡᠮᠵᠢ ᠳᠤ᠂ ᠨᠢᠭᠡ ᠮᠥᠷ ᠲᠡᠷᠢ ᠲᠡᠭᠰᠢ ᠴᠢᠬᠢ ᠪᠤᠶᠢᠵᠢᠭᠤᠯᠬᠤ ᠴᠥᠭᠦᠷᠥᠮ ᠳᠤ ᠴᠢᠬᠢ ᠪᠤᠶᠢᠵᠢᠭᠤᠯᠬᠤ ᠲᠠᠲᠠᠭᠠᠯ ᠡᠮᠬᠢ ᠵᠢᠷᠤᠮ ᠲᠠᠢ ᠪᠠᠷ ᠳᠡᠪᠢᠰᠴᠦ᠂ ᠰᠢᠷᠣᠶ ᠰᠠᠪᠠᠯᠠᠬᠤ᠂ ᠰᠢᠷᠣᠶ ᠨᠡᠮᠡᠬᠦ᠂ ᠭᠠᠵᠠᠷ ᠰᠢᠷᠣᠶ ᠶᠢ ᠲᠡᠭᠰᠢᠯᠡᠬᠦ᠂ ᠣᠷᠣᠨ ᠪᠦᠰᠡ ᠬᠤᠪᠢᠶᠠᠨ ᠨᠢᠯᠬ᠎ᠠ ᠴᠢᠬᠢ ᠶᠢ ᠤᠰᠤᠯᠠᠬᠤ᠂ ᠨᠢᠯᠬ᠎ᠠ ᠴᠢᠬᠢ ᠶᠢ ᠲᠡᠭᠰᠢᠯᠡᠬᠦ᠂ ᠲᠣᠮᠣ ᠬᠦᠯᠡᠮᠵᠢ ᠶᠢ ᠲᠡᠭᠰᠢᠯᠡᠬᠦ᠂  ᠲᠠᠷᠢᠮᠠᠯ ᠤᠨ ᠰᠠᠭᠤᠷᠢᠨ ᠭᠠᠵᠠᠷ ᠲᠤ ᠴᠡᠴᠡᠭᠲᠦ ᠨᠤᠭᠤᠭ᠎ᠠ  ᠶᠢᠨ ᠨᠣᠭᠤᠭᠠᠨ ᠥᠩᠭᠡ ᠨᠡᠮᠡᠷᠢᠯᠡᠵᠦ᠂ ᠤᠷᠭᠤᠯᠲᠠ ᠶᠢᠨ ᠬᠠᠨᠳᠤᠰᠢ ᠬᠥᠮᠦᠨ ᠢ ᠪᠠᠶᠠᠰᠬᠠᠨ᠎ᠠ᠃
   
      ᠵᠦᠸᠧᠽᠢ ᠰᠢᠶᠠᠨ ᠤ ᠵᠢᠦ ᠠᠨ ᠲᠠᠷᠢᠶᠠᠯᠠᠩ ᠮᠠᠯ ᠠᠵᠤ ᠠᠬᠤᠶ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠶᠢᠨ ᠠᠵᠢᠯᠲᠠᠨ ᠸᠧᠶ ᠮᠤᠤ ᠰᠢᠶᠤᠤ    5 ᠰᠠᠷ᠎ᠠ ᠶᠢᠨ 8 ᠤ ᠡᠳᠦᠷ ᠠᠴᠠ ᠡᠬᠢᠯᠡᠨ᠂ ᠪᠢᠳᠡ ᠶᠡᠭᠡ ᠲᠠᠷᠢᠶᠠᠨ ᠭᠠᠵᠠᠷ ᠳᠤ ᠴᠡᠴᠡᠭᠲᠦ ᠨᠤᠭᠤᠭ᠎ᠠ  ᠲᠠᠷᠢᠬᠤ ᠶᠢ ᠰᠢᠳᠤᠵᠤ᠂ ᠣᠳᠣ ᠶᠡᠭᠡ ᠲᠠᠷᠢᠶᠠᠨ ᠭᠠᠵᠠᠷ ᠳᠣᠲᠣᠷᠠᠬᠢ ᠴᠡᠴᠡᠭᠲᠦ ᠨᠤᠭᠤᠭ᠎ᠠ ᠶᠢᠨ ᠤᠷᠭᠤᠴᠠ ᠨᠢ ᠬᠥᠮᠦᠨ ᠢ ᠪᠠᠶᠠᠰᠬᠠᠵᠤ᠂ ᠵᠢᠱᠢᠯᠲᠡ ᠪᠠᠷ 7 ᠰᠠᠷ᠎ᠠ ᠶᠢᠨ 10 ᠤ ᠡᠳᠦᠷ ᠣᠷᠴᠢᠮ ᠬᠤᠷᠢᠶᠠᠯᠲᠠ ᠠᠪᠬᠤ ᠬᠤᠭᠤᠴᠠᠭᠠᠨ ᠳᠤ ᠣᠷᠣᠨ᠎ᠠ᠃ ᠬᠦᠯᠡᠮᠵᠢ ᠶᠢᠨ ᠴᠢᠬᠢ ᠪᠤᠶᠢᠵᠢᠭᠤᠯᠬᠤ ᠬᠦᠯᠡᠮᠵᠢ ᠳᠤ ᠪᠢᠳᠡ ᠦᠷᠭᠦᠯᠵᠢᠯᠡᠨ ᠴᠢᠬᠢ ᠪᠤᠶᠢᠵᠢᠭᠤᠯᠵᠦ᠂ ᠨᠢᠭᠡᠳᠦᠭᠡᠷ ᠪᠦᠯᠦᠭ ᠤᠨ ᠪᠠᠷᠠᠭᠤᠨ ᠴᠡᠴᠡᠭᠲᠦ ᠨᠤᠭᠤᠭ᠎ᠠ ᠶᠢᠨ ᠴᠢᠬᠢ ᠶᠢ ᠪᠢᠳᠡ ᠨᠢᠭᠡᠨᠲᠡ ᠮᠢᠩᠭ᠎ᠠ ᠭᠠᠷᠤᠢ ᠮᠦ ᠰᠢᠯᠵᠢᠭᠦᠯᠦᠨ ᠲᠠᠷᠢᠵᠦ᠂ ᠣᠳᠣᠬᠢ ᠱᠠᠲᠤᠨ ᠳᠤ ᠭᠤᠣᠯᠳᠠᠭᠤ ᠬᠤᠶᠠᠳᠤᠭᠠᠷ ᠪᠦᠯᠦᠭ ᠤᠨ ᠴᠡᠴᠡᠭᠲᠦ ᠨᠤᠭᠤᠭ᠎ᠠ ᠤᠨ ᠴᠢᠬᠢ ᠪᠤᠶᠢᠵᠢᠭᠤᠯᠬᠤ ᠠᠵᠢᠯ ᠪᠣᠯᠤᠨ ᠨᠢᠭᠡᠳᠦᠭᠡᠷ ᠪᠦᠯᠦᠭ ‍ᠤᠨ‌‍ᠴᠡᠴᠡᠭᠲᠦ ᠨᠤᠭᠤᠭ᠎ᠠ ᠤᠨ ᠴᠢᠬᠢ ᠶᠢᠨ ᠶᠡᠭᠡ ᠲᠠᠷᠢᠶ᠎ᠠ ᠶᠢ ᠵᠠᠬᠢᠶᠠᠯᠠᠨ ᠲᠠᠷᠢᠬᠤ ᠠᠵᠢᠯ ᠢ ᠬᠢᠪᠡ᠃
   
   ᠴᠡᠴᠡᠭᠲᠦ ᠨᠤᠭᠤᠭ᠎ᠠ ᠪᠣᠯ ᠵᠦᠸᠧᠽᠢ ᠰᠢᠶᠠᠨ ᠤ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠠᠵᠤ ᠦᠢᠯᠡᠰ ᠲᠠᠬᠢ ᠣᠨᠴᠠᠯᠢᠭᠲᠤ ᠭᠤᠣᠯᠯᠠᠬᠤ ᠲᠦᠷᠦᠯ ᠵᠦᠢᠯ ᠪᠣᠯᠤᠨ᠎ᠠ᠂ ᠤᠢᠢᠷ᠎ᠠ ᠶᠢᠨ ᠵᠢᠯ ᠠᠴᠠ᠂ ᠵᠦᠸᠧᠽᠢ ᠰᠢᠶᠠᠨ ᠭᠠᠵᠠᠷ ᠣᠷᠣᠨ ᠤ ᠳᠠᠪᠠᠭᠤᠯᠢᠭ ᠲᠠᠭᠠᠨ ᠰᠠᠭᠤᠷᠢᠯᠠᠵᠤ᠂ ᠴᠡᠴᠡᠭᠲᠦ ᠨᠤᠭᠤᠭ᠎ᠠ ᠢ ᠳᠠᠪᠠᠭᠤᠯᠢᠭ ᠠᠵᠤ ᠦᠢᠯᠡᠰ ᠪᠣᠯᠭᠠᠨ ᠶᠡᠬᠡᠪᠡᠷ ᠠᠬᠢᠭᠤᠯᠵᠤ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢᠶᠠᠷ ᠴᠢᠩᠭ᠎ᠠ ᠲᠣᠯᠣᠭᠠᠶᠢᠯᠠᠭᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠲᠣᠮᠣ ᠡᠷᠦᠬᠡ ᠶᠢ ᠲᠥᠪᠯᠡᠷᠡᠭᠦᠯᠦᠨ ᠬᠥᠭᠵᠢᠭᠦᠯᠵᠦ᠂ ᠴᠢᠬᠢ ᠪᠤᠶᠢᠵᠢᠭᠤᠯᠬᠤ᠂ ᠲᠣᠭᠲᠠᠭᠠᠬᠤ ᠶᠢ ᠲᠣᠭᠲᠠᠭᠠᠬᠤ᠂ ᠬᠤᠷᠢᠶᠠᠬᠤ᠂ ᠡᠳ᠋ᠰᠢᠭᠦᠯᠬᠦ᠂ ᠬᠠᠳᠠᠭᠠᠯᠠᠬᠤ᠂ ᠪᠣᠷᠣᠯᠠᠭᠤᠯᠬᠤ ᠶᠢ ᠨᠢᠭᠡ ᠴᠤᠬᠴᠠᠵᠢᠭᠤᠯᠤᠬᠰᠠᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠰᠢᠰᠲ᠋ᠧᠮ ᠢ ᠪᠦᠷᠢᠯᠳᠦᠭᠦᠯᠵᠦ᠂ ᠴᠡᠴᠡᠭᠲᠦ ᠨᠤᠭᠤᠭ᠎ᠠ ᠵᠦᠸᠧᠽᠢ ᠰᠢᠶᠠᠨ ᠤ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ︽ᠴᠡᠴᠡᠭ︾ ᠪᠣᠯᠤᠭᠰᠠᠨ ᠪᠠᠶᠢᠨ᠎ᠠ᠃ ᠡᠨᠡ ᠵᠢᠯ᠂ ᠲᠤᠬᠠᠶ ᠶᠢᠨ ᠭᠠᠵᠠᠷ ᠤᠨ ᠴᠡᠴᠡᠭᠲᠦ ᠨᠤᠭᠤᠭ᠎ᠠ ᠳᠠᠷᠢᠬᠤ ᠲᠠᠯᠠᠪᠠᠶ 2 ᠲᠦᠮᠡᠨ ᠮᠥ ᠰᠢᠬᠠᠮ ᠪᠣᠯᠵᠠᠶ᠃                             ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2