ᠵᠦᠸᠧᠽᠢ ᠰᠢᠶᠠᠨ᠄ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢᠶᠠᠷ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠬᠥᠭᠵᠢᠭᠡᠨ᠎ᠡ
ᠨᠡᠶᠢᠲᠡᠯᠡᠭᠰᠡᠨ ᠴᠠᠭ᠄
2024/7/10
    ᠡᠨᠡ ᠵᠢᠯ ᠠᠴᠠ ᠨᠠᠰᠢ᠂ ᠵᠦᠸᠧᠽᠢ ᠰᠢᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠢᠯᠣᠭᠤᠳᠤᠮᠵᠢ ᠪᠣᠯᠭᠠᠵᠤ᠂ ᠭᠡᠷᠡᠯ ᠴᠡᠨᠡᠭ᠂ ᠦᠯᠡᠳᠡᠪᠦᠷᠢ ᠢᠯᠴᠢ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠰᠢᠩᠭᠡᠵᠢᠮᠠᠯ ᠾᠧᠯᠢ ᠵᠡᠷᠭᠡ ᠰᠢᠨ᠎ᠡ ᠡᠨᠧᠷᠭᠢ ᠶᠢᠨ ᠶᠡᠷᠦᠩᠬᠡᠶᠢᠯᠡᠭᠰᠡᠨ ᠠᠰᠢᠭᠯᠠᠯᠲᠠ ᠶᠢ ᠴᠢᠩᠭᠠᠳᠬᠠᠵᠤ᠂ ᠤᠯᠠᠨ ᠡᠨᠧᠷᠭᠢ ᠪᠠᠷ ᠬᠠᠷᠢᠯᠴᠠᠨ ᠨᠥᠬᠦᠪᠥᠷᠢᠯᠡᠬᠦ ᠰᠢᠨ᠎ᠡ ᠬᠡᠯᠪᠡᠷᠢ ᠶᠢᠨ ᠡᠨᠧᠷᠭᠢ ᠶᠢᠨ ᠰᠢᠰᠲ᠋ᠧᠮ ᠢ ᠬᠦᠴᠦᠯᠡᠨ ᠪᠠᠶᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢᠶᠠᠷ ᠪᠣᠬᠢᠷᠲᠤᠯ ᠦᠭᠡᠢ ᠬᠥᠭᠵᠢᠯᠲᠡ ᠶᠢᠨ ︽ᠰᠢᠨ᠎ᠡ ᠤᠷᠤᠯᠳᠤᠭᠠᠨ ᠤ ᠵᠠᠮ︾ ᠢ ᠨᠡᠭᠡᠭᠡᠪᠡ᠃    ᠵᠦᠸᠧᠽᠢ ᠰᠢᠶᠠᠨ ᠤ ᠴᠢ ᠰᠢᠶᠠ ᠶᠢᠩ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠠᠶᠢᠭ᠎ᠠ ᠥᠪᠥᠷ ᠮᠣᠩᠭᠤᠯ ᠤᠨ ᠢ ᠳ᠋ᠦᠩ ᠵᠢᠢ ᠳ᠋ᠦᠩ ᠱᠦᠢᠨᠢ ᠶᠢᠨ ᠬᠢᠵᠠᠭᠠᠷᠲᠤ ᠺᠣᠮᠫᠠᠨᠢ ᠶᠢᠨ ᠦᠯᠡᠳᠡᠪᠦᠷᠢ ᠢᠯᠴᠢ ᠪᠠᠷ ᠴᠠᠬᠢᠯᠭᠠᠨ ᠭᠠᠷᠭᠠᠬᠤ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠮᠠᠰᠢᠨ ᠤ ᠠᠵᠢᠯᠯᠠᠭᠠᠨ ᠤ ᠳᠠᠭᠤᠨ ᠠᠳᠡ ᠲᠡᠨᠳᠡ ᠦᠭᠡᠢ ᠴᠤᠤᠷᠢᠶᠠᠲᠤᠵᠤ᠂ ᠲᠤᠬᠠᠢ ᠶᠢᠨ ᠲᠠᠯᠠᠪᠠᠢ ᠶᠢᠨ ᠠᠵᠢᠯᠴᠢᠨ ᠪᠣᠯᠤᠨ ᠮᠠᠰᠢᠨ ᠴᠥᠮ ︽ᠭᠦᠢᠴᠡᠳ ᠬᠦᠴᠦ ᠣᠷᠣᠭᠤᠯᠵᠤ︾ ᠱᠠᠯᠠᠪᠳᠠᠨ ᠠᠵᠢᠯᠯᠠᠵᠤ᠂ ᠣᠳᠣᠬᠠᠨ ᠳᠤ ᠲᠦᠷᠦᠯ ᠵᠦᠢᠯ ᠤᠨ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠨᠢᠭᠡᠨᠲᠡ ᠰᠢᠪᠲᠤᠷᠭᠠᠨ ᠳᠠᠭᠠᠨ ᠤᠢᠢᠷᠠᠳᠪᠠ᠃    ᠲᠣᠰ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠨᠢ 4550 ᠲᠦᠮᠡᠨ ᠲᠥᠭᠦᠷᠢᠭ᠂ 5.5 ᠰᠠᠶ᠎ᠠ ᠸᠠᠲ ᠤᠨ ᠦᠯᠡᠳᠡᠪᠦᠷᠢ ᠢᠯᠴᠢ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ ᠠᠰᠢᠭᠯᠠᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠷᠭᠢᠯᠳᠦᠭᠦᠯᠦᠨ ᠠᠰᠢᠭᠯᠠᠬᠤ ᠶᠢ ᠪᠦᠬᠦ ᠲᠠᠯ᠎ᠠ ᠪᠠᠷ ᠰᠢᠨ᠎ᠡ ᠪᠠᠷ ᠡᠭᠦᠳᠴᠦ᠂ ᠨᠦᠬᠡᠨ ᠭᠡᠷ ᠤᠨ ᠦᠯᠡᠳᠡᠭᠳᠡᠯ ᠢᠯᠴᠢ ᠶᠢ ᠭᠦᠢᠴᠡᠳ ᠴᠤᠭᠯᠠᠭᠤᠯᠵᠤ᠂ ᠠᠭᠤᠷ ᠤᠨ ᠲᠦᠷᠪᠢᠨ ᠢᠶᠠᠷ ᠴᠠᠬᠢᠯᠭᠠᠨ ᠭᠠᠷᠭᠠᠵᠤ ᠥᠪᠡᠷ ᠢᠶᠠᠨ ᠬᠡᠷᠡᠭᠯᠡᠵᠦ᠂ ᠡᠨᠧᠷᠭᠢ ᠶᠢᠨ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠵᠦ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠵᠣᠷᠢᠯᠭ᠎ᠠ ᠳᠤ ᠬᠦᠷᠴᠡᠢ᠃    ᠥᠪᠥᠷ ᠮᠣᠩᠭᠤᠯ ᠤᠨ ᠢ ᠳ᠋ᠦᠩ ᠵᠢᠢ ᠳ᠋ᠦᠩ ᠱᠦᠢᠨᠢ ᠶᠢᠨ ᠬᠢᠵᠠᠭᠠᠷᠲᠤ ᠺᠣᠮᠫᠠᠨᠢ ᠶᠢᠨ ᠳᠡᠳ᠋ ᠳᠠᠭᠠᠭᠠᠮᠠᠯ ᠯᠢ ᠰᠢ ᠹᠧᠩ᠄ ︽ᠮᠠᠨ ᠤ ᠦᠢᠯᠡᠳᠪᠦᠷᠢᠯᠡᠯ ᠤᠨ ᠭᠤᠭᠴᠤᠭ᠎ᠠ ᠨᠢᠭᠡᠪᠦᠷᠢ ᠴᠥᠮ ᠴᠠᠬᠢᠯᠭᠠᠨ ᠪᠠᠶᠢᠬᠤ ᠠᠴᠠ ᠰᠠᠯᠵᠤ ᠴᠢᠳᠠᠬᠤ ᠦᠭᠡᠢ᠂ ᠴᠠᠬᠢᠯᠭᠠᠨ ᠤ ᠬᠡᠮᠵᠢᠶ᠎ᠡ ᠶᠢᠨ ᠬᠤᠷᠣᠭᠳᠠᠯ ᠨᠢ ᠮᠠᠰᠢ ᠥᠨᠳᠥᠷ ᠪᠠᠶᠢᠳᠠᠭ᠃ ᠰᠢᠨ᠎ᠡ ᠪᠠᠷ ᠪᠠᠶᠢᠭᠤᠯᠤᠭᠰᠠᠨ ᠦᠯᠡᠳᠡᠪᠦᠷᠢ ᠢᠯᠴᠢ ᠪᠠᠷ ᠴᠠᠬᠢᠯᠭᠠᠨ ᠭᠠᠷᠭᠠᠬᠤ ᠲᠥᠷᠥᠯ ᠵᠦᠶ᠋ᠯ ᠨᠢ ᠡᠨᠧᠷᠭᠢ ᠶᠢᠨ ᠱᠠᠲᠤᠯᠢᠭ ᠠᠰᠢᠭᠯᠠᠯᠲᠠ ᠶᠢ ᠬᠡᠷᠡᠭᠵᠢᠭᠦᠯᠵᠦ᠂ ᠡᠬᠢ ᠪᠠᠶᠠᠯᠢᠭ ᠬᠢᠭᠡᠳ ᠡᠨᠧᠷᠭᠢ ᠶᠢᠨ ᠠᠷᠪᠢᠯᠠᠯᠲᠠ ᠶᠢᠨ ᠦᠷ᠎ᠡ ᠪᠦᠲᠦᠮᠵᠢ ᠲᠣᠪᠤᠶᠢᠮ᠎ᠠ ᠪᠠᠶᠢᠵᠤ᠂ ᠺᠣᠮᠫᠠᠨᠢ ᠵᠢᠯ ᠪᠦᠷᠢ 70 ᠭᠠᠷᠤᠶ ᠲᠦᠮᠡᠨ ᠲᠣᠨ ᠬᠠᠲᠠᠭᠤ ᠬᠠᠶᠠᠭᠳᠠᠮᠠᠯ ᠪᠣᠳᠠᠰ ᠢ ᠬᠠᠮᠵᠢᠯᠴᠠᠨ ᠰᠢᠢᠳᠪᠦᠷᠢᠯᠡᠵᠦ᠂ 1.1 ᠲᠦᠮᠡᠨ ᠲᠣᠨ ᠪᠠᠷᠢᠮᠵᠢᠶᠠᠲᠤ ᠨᠡᠭᠦᠷᠡᠰᠦ ᠠᠷᠪᠢᠯᠠᠨ᠎ᠠ︾ ᠭᠡᠪᠡ᠃    ᠵᠦᠸᠧᠽᠢ ᠰᠢᠶᠠᠨ ᠳᠤ᠂ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠠᠵᠤ ᠠᠬᠤᠶᠢᠯᠠᠯ ᠪᠦᠷ ᠬᠦᠴᠦᠯᠡᠵᠦ ᠪᠠᠶᠢᠨ᠎ᠠ᠃ ᠡᠨᠡ ᠵᠢᠯ᠂ ᠵᠦᠸᠧᠽᠢ ᠰᠢᠶᠠᠨ ᠤ ᠰᠢᠨ᠎ᠡ ᠡᠨᠧᠷᠭᠢ ᠶᠢᠨ ᠬᠦᠷᠢᠶᠡᠨ ᠤ ᠭᠤᠣᠯᠳᠠᠯᠭ᠎ᠠ ᠲᠠᠢ ᠠᠵᠤ ᠠᠬᠤᠶᠢᠯᠠᠯ ᠤᠨ ᠥᠪᠥᠷ ᠮᠣᠩᠭᠤᠯ ᠤᠨ ᠵᠦᠩ ᠨᠧᠩ ᠪᠠᠶᠢᠭᠠᠯᠢ ᠶᠢᠨ ᠰᠢᠲᠠᠮᠠᠬᠠᠢ ᠬᠡᠢ ᠶᠢᠨ ᠬᠢᠵᠠᠭᠠᠷᠲᠤ ᠺᠣᠮᠫᠠᠨᠢ ᠪᠣᠯᠤᠭᠰᠠᠨ ᠤ ᠬᠤᠪᠢ ᠳᠤ᠂ ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠢ ᠬᠡᠢ ᠶᠢᠨ LNG᠂ ᠾᠧ ᠯᠢ ᠬᠡᠢ ᠦᠢᠯᠡᠳᠪᠦᠷᠢᠯᠡᠬᠦ ︽ᠬᠤᠶᠠᠷ ᠢ ᠨᠢᠭᠡ ᠴᠤᠭᠴᠠᠵᠢᠭᠤᠯᠬᠤ︾ ᠠᠷᠭ᠎ᠠ ᠪᠠᠷ ᠯᠠᠪᠳᠠᠭᠤᠨ ᠢᠶᠠᠷ ᠠᠬᠢᠭᠤᠯᠬᠤ ᠪᠠᠷ ᠬᠠᠷᠠᠯᠲᠠ ᠪᠣᠯᠭᠠᠵᠤ᠂ 3600 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠠᠵᠤ ᠠᠬᠤᠶᠢᠯᠠᠯ ᠤᠨ ᠡᠳᠦᠷ ᠲᠤ 200 ᠲᠦᠮᠡᠨ ᠪᠣᠰᠤᠭ᠎ᠠ ᠳᠥᠷᠪᠡᠯᠵᠢᠨ ᠮᠧᠳ᠋ᠷ ᠤᠨ ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠢ ᠬᠡᠢ ᠶᠢᠨ ᠳᠣᠲᠣᠷ᠎ᠠ ᠠᠴᠠ ᠭᠠᠷᠭᠠᠭᠰᠠᠨ BOG ᠬᠡᠢ ᠪᠡᠶᠡᠲᠦ ᠳᠣᠲᠣᠷᠠᠬᠢ ᠾᠧ ᠯᠢ ᠭᠠᠷᠭᠠᠨ ᠠᠪᠤᠨ᠎ᠠ᠃ ᠾᠧ ᠯᠢ ᠬᠡᠢ ᠶᠢ ᠭᠠᠷᠭᠠᠨ ᠠᠪᠬᠤ ᠪᠣᠯ BOG ᠡᠬᠢ ᠪᠠᠶᠠᠯᠢᠭ ᠢ ᠳᠠᠬᠢᠨ ᠠᠰᠢᠭᠯᠠᠵᠤ᠂ ᠣᠷᠣᠨ ᠨᠤᠲᠤᠭ ᠤᠨ ᠬᠥᠭᠵᠢᠯᠲᠡ ᠳᠤ ᠰᠠᠶᠢᠨ ᠰᠠᠶᠢᠬᠠᠨ ᠠᠵᠤ ᠠᠬᠤᠶ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢ ᠠᠪᠴᠢᠷᠠᠵᠤ ᠥᠭᠬᠦ ᠪᠣᠯᠤᠨ᠎ᠠ᠃ ᠣᠳᠣᠬᠠᠨ ᠳᠤ᠂ ᠲᠣᠰ ᠲᠥᠷᠥᠯ ᠵᠦᠶ᠋ᠯ ᠶᠠᠭ ᠲᠤᠷᠰᠢᠨ ᠠᠵᠢᠯᠯᠠᠭᠤᠯᠬᠤ ᠱᠠᠲᠤᠨ ᠳᠤ ᠣᠷᠣᠰᠢᠵᠤ ᠪᠠᠶᠢᠨ᠎ᠠ᠃    ︽ᠮᠠᠨ ᠤ ᠺᠣᠮᠫᠠᠨᠢ ᠶᠢᠨ ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠶ ᠬᠡᠶ ᠶᠢᠨ BOG ᠡᠾᠧᠯᠢ ᠳᠡᠭᠡᠭᠰᠢᠯᠡᠭᠦᠯᠬᠦ ᠲᠥᠷᠥᠯ ᠵᠦᠢᠯ ᠤᠨ ᠵᠢᠯ ᠳᠤ 32 ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠾᠧᠯᠢ ᠬᠡᠶ ᠶᠢ ᠬᠤᠶᠠᠳᠠᠬᠢ ᠤᠳᠠᠭ᠎ᠠ ᠠᠰᠢᠭᠯᠠᠵᠤ᠂ ᠬᠠᠶᠠᠭᠳᠠᠮᠠᠯ ᠬᠡᠢ ᠶᠢ ᠬᠤᠶᠠᠳᠠᠬᠢ ᠤᠳᠠᠭ᠎ᠠ ᠠᠰᠢᠭᠯᠠᠵᠤ᠂ ᠲᠡᠷᠢᠭᠦᠨ ᠤ ᠭᠢᠯᠪᠠᠭᠠᠨ ᠠᠭᠤᠷ ᠢᠶᠠᠷ ᠡᠾᠧᠯᠢ ᠰᠠᠶᠢᠵᠢᠷᠠᠭᠤᠯᠬᠤ ᠤᠷ᠎ᠠ ᠮᠡᠷᠭᠡᠵᠢᠯ ᠢ ᠬᠡᠷᠡᠭᠯᠡᠨ᠂ ᠳᠣᠤᠷ᠎ᠠ ᠳᠤᠯᠠᠭᠠᠨ ᠳᠤ ᠰᠠᠯᠭᠠᠬᠤ ᠮᠡᠷᠭᠡᠵᠢᠯ ᠢᠶᠠᠷ ᠳᠠᠮᠵᠢᠭᠤᠯᠤᠨ ᠾᠧ ᠯᠢ ᠬᠡᠢ ᠶᠢ ᠭᠠᠷᠭᠠᠨ ᠠᠪᠬᠤ ᠶᠢᠨ ᠬᠠᠮᠲᠤ ᠴᠡᠪᠡᠷᠵᠢᠭᠦᠯᠵᠦ᠂ ᠨᠠᠷᠢᠯᠢᠭ ᠬᠢᠵᠦ᠂ ᠥᠨᠳᠥᠷ ᠴᠡᠪᠡᠷ ᠾᠧᠯᠢ ᠬᠡᠢ ᠦᠢᠯᠡᠳᠪᠦᠷᠢᠯᠡᠵᠦ᠂ ᠴᠡᠷᠢᠭ ᠤᠨ ᠠᠵᠤ ᠦᠢᠯᠡᠳᠪᠦᠷᠢ᠂ ᠰᠠᠨᠰᠠᠷ ᠤᠨ ᠠᠶᠠᠯᠠᠯ᠂ ᠡᠮ ᠡᠮᠨᠡᠯᠭᠡ᠂ ᠴᠢᠫ ᠵᠡᠷᠭᠡ ᠬᠦᠷᠢᠶᠡᠨ ᠳᠤ ᠬᠡᠷᠡᠭᠯᠡᠪᠡ︾᠃ ᠥᠪᠥᠷ ᠮᠣᠩᠭᠤᠯ ᠤᠨ ᠵᠥᠩ ᠨᠧᠩ ᠪᠠᠶᠢᠭᠠᠯᠢ ᠶᠢᠨ ᠰᠢᠲᠠᠮᠠᠬᠠᠶ ᠬᠡᠢ ᠶᠢᠨ ᠬᠢᠵᠠᠭᠠᠷᠲᠤ ᠺᠣᠮᠫᠠᠨᠢ ᠶᠢᠨ ᠲᠡᠭᠡᠭᠡᠪᠦᠷᠢ ᠡᠵᠡᠩᠨᠡᠯᠲᠡ ᠶᠢᠨ ᠬᠡᠯᠲᠡᠰ ᠤᠨ ᠳᠠᠷᠤᠭ᠎ᠠ ᠸᠠᠩ ᠬᠤᠩ ᠢᠦᠶ ᠲᠠᠨᠢᠯᠴᠠᠭᠤᠯᠪᠠ᠃    ᠣᠶᠢᠷ᠎ᠠ ᠶᠢᠨ ᠵᠢᠯ ᠠᠴᠠ᠂ ᠵᠦᠸᠧᠽᠢ ᠰᠢᠶᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠢ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠰᠢᠨ᠎ᠡ ᠠᠵᠤ ᠦᠢᠯᠡᠰ᠂ ᠰᠢᠨ᠎ᠡ ᠵᠠᠭᠪᠤᠷ᠂ ᠰᠢᠨ᠎ᠡ ᠬᠥᠳᠡᠯᠭᠡᠭᠦ ᠬᠦᠴᠦᠨ ᠢᠶᠠᠷ ᠭᠤᠣᠯ ᠪᠣᠯᠭᠠᠭᠰᠠᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠶᠠᠭ ᠤᠯᠠᠮᠵᠢᠯᠠᠯᠲᠤ ᠠᠵᠤ ᠦᠢᠯᠡᠰ ᠤᠨ ᠬᠤᠪᠢᠷᠠᠯᠲᠠ᠂ ᠲᠡᠰ ᠳᠡᠪᠰᠢᠬᠦ ᠴᠢᠭᠯᠡᠯ ᠪᠣᠯᠵᠤ ᠪᠠᠶᠢᠨ᠎ᠠ᠃    ᠵᠦᠸᠧᠽᠢ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠸᠠᠩ ᠶᠦᠩ ᠵᠢᠶᠦ᠋ᠨ ᠢᠯᠡᠷᠬᠡᠶᠢᠯᠡᠬᠦ ᠳᠡᠭᠡᠨ᠂ ᠠᠵᠤ ᠦᠢᠯᠡᠰ ᠤᠨ ᠬᠦᠷᠢᠶᠡᠯᠡᠩ ᠨᠢ ︽ᠬᠤᠶᠠᠷ ᠶᠡᠭᠡ ᠶᠠᠪᠤᠳᠠᠯ︾ ᠢ ᠨᠠᠶᠢᠳᠠᠪᠤᠷᠢᠵᠢᠭᠤᠯᠬᠤ ᠪᠠᠷ ᠭᠤᠣᠯ ᠭᠠᠷᠳᠠᠴᠠ ᠪᠣᠯᠭᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠢᠳᠡᠪᠬᠢᠲᠡᠢ ᠦᠢᠯᠡᠳᠦᠯᠭᠡᠵᠢᠭᠦᠯᠵᠦ᠂ ᠪᠣᠬᠢᠷᠳᠤᠯ ᠦᠭᠡᠢ᠂ ᠰᠢᠨ᠎ᠡ ᠶᠢ ᠡᠭᠦᠳᠬᠦ ᠣᠶᠢᠯᠠᠭᠠᠭᠳᠠᠬᠤᠨ ᠢ ᠦᠢᠯᠡᠳᠪᠦᠷᠢᠯᠡᠯ ᠡᠵᠡᠩᠨᠡᠯᠲᠡ᠂ ᠠᠵᠤ ᠦᠢᠯᠡᠰ ᠤᠨ ᠳᠡᠰ ᠳᠡᠪᠰᠢᠬᠦ᠂ ᠬᠥᠭᠵᠢᠯᠲᠡ ᠶᠢᠨ ᠬᠡᠯᠪᠡᠷᠢ ᠪᠠᠨ ᠬᠤᠪᠢᠷᠠᠭᠤᠯᠬᠤ ᠪᠦᠬᠦ ᠶᠠᠪᠤᠴᠠ ᠳᠤ ᠠᠭᠤᠰᠤᠯᠴᠠᠭᠤᠯᠵᠤ᠂ ᠠᠵᠤ ᠠᠬᠤᠶᠢᠯᠠᠯ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠵᠦ᠂ ᠵᠦᠸᠧᠽᠢ ᠠᠵᠤ ᠦᠢᠯᠡᠳᠪᠦᠷᠢ ᠶᠢᠨ ᠠᠵᠤ ᠠᠬᠤᠢ ᠶᠢ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ᠂ ᠦᠷᠭᠦᠯᠵᠢᠯᠡᠬᠦ᠋ᠢᠴᠡ ᠴᠢᠨᠠᠷ ᠰᠠᠶᠢᠲᠠᠢ ᠬᠥᠭᠵᠢᠯᠲᠡ ᠲᠡᠰᠢ ᠤᠷᠤᠭᠰᠢᠯᠠᠭᠤᠯᠤᠨ᠎ᠠ᠃                              ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2