ᠨᠠᠮ ᠪᠠᠶᠢᠭᠤᠯᠤᠭᠳᠠᠭᠰᠠᠨ 103 ᠵᠢᠯ ᠤᠨ ᠤᠢ ᠶᠢ ᠪᠡᠯᠭᠡᠯᠡᠵᠦ᠂ ᠨᠠᠮ ᠪᠠᠶᠢᠭᠤᠯᠬᠤ ᠠᠭᠤᠤ ᠶᠡᠭᠡ ᠵᠣᠷᠢᠭ | ᠰᠠᠨᠠᠭ᠎ᠠ ᠶᠢ ᠪᠠᠳᠠᠷᠠᠭᠤᠯᠬᠤ ᠶᠢᠨ ᠲᠥᠯᠥᠭᠡ᠂ ᠨᠠᠮ ᠤᠨ ᠰᠢᠯᠢᠳᠡᠭ ᠤᠯᠠᠮᠵᠢᠯᠠᠯ ᠢ ᠤᠯᠠᠮᠵᠢᠯᠠᠵᠤ᠂ ᠠᠬᠠᠮᠠᠳ ᠺᠠᠳ᠋ᠷ | ᠤᠯᠠᠨ ᠲᠦᠮᠡᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ 7 ᠰᠠᠷ᠎ᠠ ᠶᠢᠨ 1 ᠤ ᠡᠳᠦᠷ | ᠂ ᠵᠦᠸᠧᠽᠢ ᠰᠢᠶᠠᠨ ᠤ ᠠᠬᠠᠮᠠᠳ ᠺᠠᠳ᠋ᠷᠴᠤᠳ ᠤᠨ ᠦᠢᠯᠡᠴᠢᠯᠡᠭᠡᠨ ᠤ ᠲᠥᠪ ︽ᠨᠠᠮ ᠤᠨ ᠠᠴᠢ ᠶᠢ ᠮᠠᠷᠲᠠᠵᠤ | ᠨᠠᠮ ᠢᠶᠠᠨ ᠳᠠᠭᠠᠵᠤ᠂ ᠮᠥᠩᠭᠦᠨ ᠤᠰᠤᠨ ᠤ ᠦᠵᠡᠭᠦᠯᠦᠯᠭᠡ︾ ᠨᠠᠮ ᠪᠠᠶᠢᠭᠤᠯᠤᠭᠳᠠᠭᠰᠠᠨ 103 ᠵᠢᠯ ᠤᠨ ᠤᠢ ᠶᠢᠨ | ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠭᠠᠷᠭᠠᠪᠠ᠃ | ᠤᠷᠠᠨ ᠰᠠᠶᠢᠬᠠᠨ ᠤ ᠲᠣᠭᠯᠠᠯᠲᠠ ᠶᠢᠨ ᠬᠤᠭᠤᠴᠠᠭᠠᠨ ᠳᠤ᠂ ᠲᠣᠭᠯᠠᠭᠴᠢᠳ ᠪᠦᠯᠬᠦᠮ ᠤᠨ ᠨᠠᠶᠢᠷᠠᠯ ᠳᠠᠭᠤᠤ ︽ | ᠳᠣᠷᠣᠨ᠎ᠠ ᠵᠦᠭ ᠲᠤᠰᠠᠨ᠎ᠠ︾᠂ ︽ᠡᠪ ᠬᠠᠮᠲᠤ ᠨᠠᠮ ᠪᠠᠶᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠶᠢᠵᠤ | ᠴᠢᠳᠠᠬᠤ ᠦᠭᠡᠢ︾ ᠵᠡᠷᠭᠡ ᠰᠣᠩᠭᠤᠳᠠᠭ ᠳᠠᠭᠤᠤ ᠳᠠᠭᠤᠯᠠᠬᠤ ᠪᠠᠷ ᠳᠠᠮᠵᠢᠭᠤᠯᠵᠤ᠂ ᠨᠠᠮ ᠤᠨ ᠬᠠᠶᠢᠷ᠎ᠠ ᠰᠡᠳᠬᠢᠯᠭᠡ ᠶᠢ | ᠲᠣᠭᠠᠴᠢᠵᠤ᠂ ᠨᠠᠮ ᠤᠨ ᠠᠴᠢ ᠶᠢ ᠮᠠᠭᠲᠠᠨ ᠳᠠᠭᠤᠯᠠᠪᠠ︔ ᠪᠥᠵᠢᠭ ᠤᠨ ᠲᠣᠭᠯᠠᠯᠲᠠ ᠶᠢᠨ ᠲᠦᠷᠦᠯ ᠵᠦᠢᠯ ᠨᠢ ᠴᠦ | ᠤᠯᠠᠨ ᠶᠠᠩᠵᠤ ᠶᠢᠨ ᠪᠠᠶᠢᠵᠤ᠂ ᠮᠣᠩᠭᠤᠯ ᠪᠥᠵᠢᠭ ︽ᠲᠠᠯ᠎ᠠ ᠨᠤᠲᠤᠭ ᠤᠨ ᠮᠠᠭᠲᠠᠭᠠᠯ ᠳᠠᠭᠤᠤ︾᠂ ᠰᠢᠨ᠎ᠡ | ᠤᠷᠤᠰᠬᠠᠯ ᠤᠨ ᠪᠥᠵᠢᠭ ︽ᠫᠠᠰᠫᠦ᠋︾᠂ ᠤᠯᠠᠮᠵᠢᠯᠠᠯᠲᠤ ᠪᠥᠵᠢᠭ ︽ᠲᠠᠪᠤᠨ ᠣᠳᠣᠲᠤ ᠤᠯᠠᠭᠠᠨ ᠲᠤᠭ︾ ᠵᠡᠷᠭᠡ | ᠪᠥᠵᠢᠭ ᠢᠶᠠᠷ ᠲᠣᠭᠯᠠᠭᠴᠢᠳ ᠤᠨ ᠢᠳᠡᠪᠬᠢᠲᠡᠢ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ | ᠳᠡᠯᠭᠡᠨ ᠦᠵᠡᠭᠦᠯᠪᠡ︔ ᠤᠯᠠᠮᠵᠢᠯᠠᠯᠲᠤ ᠬᠥᠭᠵᠢᠮ ᠤᠨ ᠬᠤᠯᠤ ᠶᠢᠨ ᠲᠣᠷᠭᠠᠨ ᠰᠢᠷᠬᠡᠭ ᠤᠨ ᠲᠣᠭᠯᠠᠭᠰᠠᠨ ︽ | ᠠᠯᠢᠮ᠎ᠠ ᠶᠢᠨ ᠴᠡᠴᠡᠭ ᠤᠨ ᠮᠠᠭᠲᠠᠭᠠᠯ︾ ᠵᠢᠴᠢ ᠤᠯᠠᠮᠵᠢᠯᠠᠯᠲᠤ ᠵᠡᠪᠰᠡᠭ ᠤᠨ ᠡᠷᠳᠡᠮ ᠲᠠᠢ ᠨᠡᠷᠡᠨ ᠤ ᠨᠢᠳᠤᠷᠭ᠎ᠠ ᠶᠢᠨ | ᠲᠣᠭᠯᠠᠯᠲᠠ ᠨᠢ ᠨᠡᠩ ᠴᠤ ᠳᠤᠮᠳᠠᠳᠤ ᠶᠢᠨ ᠰᠣᠶᠣᠯ ᠤᠨ ᠥᠷᠭᠡᠨ ᠳᠡᠯᠭᠡᠷ ᠭᠦᠨ ᠭᠦᠨᠵᠡᠭᠡᠢ ᠪᠠ ᠥᠨᠢ ᠤᠳᠠᠭᠠᠨ | ᠤᠯᠠᠮᠵᠢᠯᠠᠯ ᠲᠠᠢ ᠶᠤᠮ᠃ ᠤᠷᠠᠨ ᠰᠠᠶᠢᠬᠠᠨ ᠤ ᠲᠣᠭᠯᠠᠯᠲᠠ ᠶᠢᠨ ᠲᠤᠬᠠᠢ ᠶᠢᠨ ᠲᠠᠯᠠᠪᠠᠢ ᠬᠦᠷ ᠬᠥᠭᠵᠢᠶᠡᠨ ᠲᠠᠢ | ᠠᠭᠤᠷ ᠠᠮᠢᠰᠬᠤᠯ ᠢᠶᠠᠷ ᠪᠢᠯᠬᠠᠵᠤ᠂ ᠠᠯᠠᠭ᠎ᠠ ᠲᠠᠰᠢᠯᠳᠠ ᠶᠢᠨ ᠲᠠᠭᠤᠨ ᠲᠠᠰᠤᠷᠠᠯᠳᠡ ᠦᠭᠡᠢ ᠦᠷᠭᠦᠯᠵᠢᠯᠡᠵᠦ᠂ | ᠲᠣᠭᠯᠠᠭᠴᠢᠳ ᠪᠣᠯᠤᠨ ᠦᠵᠡᠭᠴᠢᠳ ᠪᠦᠷ ᠡᠨᠡᠬᠦ ᠭᠤᠴᠣ ᠰᠠᠶᠢᠬᠠᠨ ᠲᠣᠭᠯᠠᠯᠲᠠ ᠪᠠᠷ ᠲᠠᠮᠵᠢᠨ᠂ ᠦᠨᠳᠦᠰᠦᠲᠡᠨ ᠤ | ᠣᠷᠭᠢᠯᠤᠮ᠎ᠠ ᠬᠠᠯᠠᠭᠤᠨ ᠰᠡᠳᠬᠢᠯᠭᠡ ᠶᠢ ᠬᠥᠭᠵᠢᠭᠡᠵᠦ᠂ ᠰᠣᠶᠣᠯ ᠤᠨ ᠢᠲᠡᠭᠡᠯ ᠵᠣᠷᠢᠭ ᠢ ᠨᠡᠮᠡᠭᠳᠡᠭᠦᠯᠪᠡ᠃ | ᠤᠢᠢᠷ᠎ᠠ ᠶᠢᠨ ᠵᠢᠯ ᠠᠴᠠ᠂ ᠵᠦᠸᠧᠽᠢ ᠰᠢᠶᠠᠨ ᠤ ᠠᠬᠠᠮᠠᠳ ᠺᠠᠳ᠋ᠷᠴᠤᠳ ᠤᠨ ᠦᠢᠯᠡᠴᠢᠯᠡᠭᠡᠨ ᠤ ᠲᠥᠪ ᠢᠮᠠᠭᠲᠠ | ︽ᠮᠡᠳᠡᠯᠭᠡ ᠪᠠᠨ ᠨᠡᠮᠡᠭᠳᠡᠭᠦᠯᠵᠦ᠂ ᠦᠵᠡᠯ ᠰᠡᠳᠬᠢᠯᠭᠡ ᠪᠠᠨ ᠪᠣᠯᠪᠠᠰᠤᠷᠠᠭᠤᠯᠵᠤ᠂ ᠡᠷᠡᠭᠦᠯ ᠮᠡᠨᠳᠦ ᠶᠢ ᠠᠬᠢᠭᠤᠯᠵᠤ᠂ | ᠨᠡᠶᠢᠭᠡᠮ ᠳᠤ ᠦᠢᠯᠡᠴᠢᠯᠡᠬᠦ︾ ᠰᠤᠷᠭᠠᠭᠤᠯᠢ ᠡᠷᠬᠢᠯᠡᠬᠦ ᠵᠣᠷᠢᠯᠲᠠ ᠶᠢ ᠪᠠᠷᠢᠮᠲᠠᠯᠠᠵᠤ᠂ ᠠᠯᠢ ᠤᠯᠠᠨ ᠦᠢᠯᠡᠴᠢᠯᠡᠭᠡ ᠪᠠ | ᠠᠵᠢᠯᠯᠠᠭ᠎ᠠ ᠪᠠᠷ ᠳᠠᠮᠵᠢᠭᠤᠯᠤᠨ᠂ ᠨᠠᠰᠤᠲᠠᠶᠢᠴᠤᠳ ᠤᠨ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ | ᠲᠡᠳᠡᠨ ᠤ ᠨᠠᠰᠤᠲᠠᠶᠢᠴᠤᠳ ᠤᠨ ᠠᠮᠢᠳᠤᠷᠠᠯ ᠢ ︽ᠥᠲᠡᠯᠪᠡᠯ ᠰᠤᠷᠤᠯᠴᠠᠬᠤ ᠭᠠᠵᠠᠷ ᠲᠠᠢ᠂ ᠥᠲᠡᠯᠪᠡᠯ ᠪᠠᠶᠠᠷ | ᠴᠡᠩᠭᠡᠯ ᠲᠠᠢ ᠪᠠᠶᠢᠯᠭᠠᠬᠤ︾ ᠶᠢ ᠠᠬᠢᠭᠤᠯᠵᠤ᠂ ᠲᠡᠳᠡᠨ ᠤ ᠥᠲᠡᠯᠦᠭᠡ ᠨᠠᠰᠤᠨ ᠤ ᠪᠦᠷᠢᠨ ᠲᠡᠭᠦᠯᠳᠡᠷ ᠪᠠ ᠤᠳᠬ᠎ᠠ | ᠠᠭᠤᠯᠭ᠎ᠠ ᠲᠠᠢ ᠥᠲᠡᠯᠦᠭᠡ ᠨᠠᠰᠤᠨ ᠤ ᠠᠮᠢᠳᠤᠷᠠᠯ ᠢ ᠡᠳ᠋ᠯᠡᠬᠦ ᠶᠢ ᠪᠠᠲᠤᠯᠠᠪᠠ᠃ ᠡᠨᠡ ᠤᠳᠠᠭ᠎ᠠ ᠶᠢᠨ ᠠᠵᠢᠯᠯᠠᠭ᠎ᠠ ᠨᠢ | ᠨᠠᠮ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠲᠠᠬᠢᠨ ᠡᠷᠭᠢᠴᠡᠭᠦᠯᠦᠭᠰᠡᠨ ᠢᠶᠠᠷ ᠪᠠᠷᠠᠬᠤ ᠦᠭᠡᠢ᠂ ᠨᠠᠮ | ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ︽ᠨᠠᠮ ᠤᠨ ᠠᠴᠢ ᠶᠢ ᠮᠡᠳᠡᠷᠡᠵᠦ᠂ | ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠶᠢ ᠦᠨᠡᠨ ᠬᠦ ᠰᠡᠳᠬᠢᠯ ᠳᠡᠭᠡᠨ ᠰᠢᠩᠭᠡᠭᠡᠵᠦ᠂ ᠦᠢᠯᠡ | ᠠᠵᠢᠯᠯᠠᠭ᠎ᠠ ᠳᠠᠭᠠᠨ ᠢᠯᠡᠷᠡᠭᠦᠯᠵᠡᠢ᠃ | ᠬᠤᠷᠠᠯ ᠤᠨ ᠡᠴᠦᠰ ᠲᠤ᠂ ᠠᠬᠠᠮᠠᠳ ᠺᠠᠳ᠋ᠷᠴᠤᠳ ᠤᠨ ᠦᠢᠯᠡᠴᠢᠯᠡᠭᠡᠨ ᠤ ᠲᠥᠪ ᠤᠨ ᠨᠠᠮ ᠤᠨ ᠭᠡᠰᠢᠭᠦᠨ ᠲᠥᠪ | ᠴᠢᠩᠭ᠎ᠠ ᠪᠠᠷ ᠲᠠᠩᠭᠠᠷᠢᠭᠯᠠᠵᠤ᠂ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠲᠠᠬᠢᠨ ᠰᠠᠨᠠᠭᠠᠯᠵᠠᠵᠤ᠂ | ᠤᠯᠤᠰ ᠢᠶᠠᠨ ᠬᠠᠶᠢᠷᠠᠯᠠᠬᠤ ᠭᠦᠨ ᠵᠤᠵᠠᠭᠠᠨ ᠬᠠᠶᠢᠷ᠎ᠠ ᠰᠡᠳᠬᠢᠯᠭᠡ ᠪᠠᠷ ᠨᠠᠮ ᠢᠶᠠᠨ ᠬᠦᠨᠳᠦᠯᠡᠬᠦ ᠪᠠ ᠬᠠᠶᠢᠷᠠᠯᠠᠬᠤ | ᠰᠡᠳᠬᠢᠯᠭᠡ ᠪᠠᠨ ᠢᠯᠡᠳᠬᠡᠪᠡ᠃ | ᠨᠠᠶᠢᠷᠠᠭᠤᠯᠤᠭᠴᠢ ᠤᠷᠢᠴᠢᠭᠤᠯᠤᠭᠴᠢ ᠪᠠᠶᠠᠨᠪᠠᠲᠦ |