ᠵᠦᠸᠧᠽᠢ ᠱᠠᠨ ᠪᠠᠯᠭᠠᠰᠤ ᠨᠠᠮ ᠪᠠᠶᠢᠭᠤᠯᠤᠭᠳᠠᠭᠰᠠᠨ 103 ᠵᠢᠯ ᠤᠨ ᠤᠢ ᠶᠢ ᠪᠡᠯᠭᠡᠯᠡᠬᠦ ᠵᠢᠴᠢ ︽ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠢᠨ᠎ᠡ ᠠᠶᠠᠨ ᠢᠶᠠᠨ ᠡᠬᠢᠯᠡᠭᠦᠯᠦᠶ᠎ᠡ︾ ᠳᠣᠯᠣᠳᠤᠭᠠᠷ ᠰᠠᠷ᠎ᠠ ᠶᠢᠨ ᠭᠤᠣᠯ ᠰᠡᠳᠦᠪᠲᠦ ᠨᠠᠮ ᠤᠨ ᠡᠳᠦᠷ ᠤᠨ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/3
    ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠤᠢ ᠶᠢ ᠪᠡᠯᠭᠡᠯᠡᠵᠦ᠂ ᠨᠠᠮ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠡᠷᠭᠢᠴᠡᠭᠦᠯᠵᠦ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠥᠷᠨᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠪᠦᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠲᠦᠷᠦ ᠶᠢᠨ ᠬᠡᠪ ᠪᠣᠯᠪᠠᠰᠤᠷᠠᠯ᠂ ᠴᠢᠳᠠᠪᠤᠷᠢ ᠶᠢᠨ ᠲᠦᠪᠰᠢᠨ ᠪᠣᠯᠤᠨ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠦᠨᠡᠨᠬᠦ ᠳᠡᠭᠡᠭᠰᠢᠯᠡᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠵᠦᠸᠧᠽᠢ ᠱᠠᠨ ᠪᠠᠯᠭᠠᠰᠤᠨ ᠤ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ᠂ 7 ᠰᠠᠷ᠎ᠠ ᠶᠢᠨ 1 ᠤ ᠡᠳᠦᠷ᠂ ᠵᠦᠸᠧᠽᠢ ᠱᠠᠨ ᠪᠠᠯᠭᠠᠰᠤ ᠪᠠᠯᠭᠠᠰᠤᠨ ᠤ ᠨᠠᠮ ᠵᠠᠰᠠᠭ ᠤᠨ ᠪᠠᠭ ᠤᠨ ᠪᠦᠷᠢᠯᠳᠦᠬᠦᠨ᠂ ᠪᠠᠶᠢᠭᠤᠯᠭ᠎ᠠ ᠶᠢᠨ ᠨᠠᠮ ᠤᠨ ᠡᠭᠦᠷ ᠤᠨ ᠪᠦᠬᠦ ᠨᠠᠮ ᠤᠨ ᠭᠡᠰᠢᠭᠦᠨ᠂ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠶᠢ ᠵᠣᠬᠢᠶᠠᠨ ᠪᠠᠶᠢᠭᠤᠯᠵᠤ᠂ 2023 ᠣᠨ ᠳᠤ ᠰᠢᠨ᠎ᠡ ᠪᠠᠷ ᠬᠥᠭᠵᠢᠭᠰᠡᠨ ᠪᠡᠯᠡᠳᠬᠡᠯ ᠨᠠᠮ ᠤᠨ ᠭᠡᠰᠢᠭᠦᠨ᠂ ᠨᠠᠮ ᠤᠨ 50 ᠵᠢᠯ ᠤᠨ ᠠᠬᠠᠮᠠᠳ ᠨᠠᠮ ᠤᠨ ᠭᠡᠰᠢᠭᠦᠨ ᠤ ᠲᠥᠯᠥᠭᠡᠯᠡᠭᠴᠢ ᠨᠡᠶᠢᠳᠡ 80 ᠬᠥᠮᠦᠨ ᠰᠢᠷᠢᠰ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃        ᠥᠷᠯᠥᠭᠡ ᠶᠢᠨ 9 ᠴᠠᠭ ᠲᠤ᠂ ᠪᠦᠬᠦ ᠨᠠᠮ ᠤᠨ ᠭᠡᠰᠢᠭᠦᠨ ᠵᠦᠸᠧᠽᠢ ᠱᠠᠨ ᠪᠠᠯᠭᠠᠰᠤᠨ ᠤ ᠵᠠᠰᠠᠭ ᠤᠨ ᠣᠷᠳᠣᠨ ᠤ ᠬᠦᠷᠢᠶᠡᠨ ᠳᠤ ᠴᠤᠭᠯᠠᠷᠠᠵᠤ᠂ ᠤᠯᠤᠰ ᠤᠨ ᠲᠤᠭ ᠮᠠᠨᠳᠤᠭᠤᠯᠬᠤ ᠶᠣᠰᠣᠯᠠᠯ ᠳᠤ ᠣᠷᠣᠯᠴᠠᠭᠰᠠᠨ ᠪᠥᠭᠡᠳ ᠨᠠᠮ ᠤᠨ ᠲᠤᠭ ᠤᠨ ᠳᠣᠣᠷ᠎ᠠ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠲᠠᠬᠢᠨ ᠡᠷᠭᠢᠴᠡᠭᠦᠯᠪᠡ᠃    ᠳᠤᠮᠳᠠᠳᠤ ᠤᠯᠤᠰ ᠤᠨ ᠡᠪ ᠬᠠᠮᠲᠤᠴᠤᠳ ᠨᠢᠭᠡ ᠦᠶ᠎ᠡ ᠪᠠᠷ ᠨᠠᠮ ᠳᠤ ᠣᠷᠣᠵᠤ᠂ ᠨᠢᠭᠡ ᠨᠠᠰᠤ ᠪᠠᠷ ᠢᠶᠠᠨ ᠨᠠᠮ ᠤᠨ ᠲᠥᠯᠥᠭᠡ᠂ ᠠᠬᠠᠮᠠᠳ ᠨᠠᠮ ᠤᠨ ᠭᠡᠰᠢᠭᠦᠳ ᠪᠣᠳᠠᠲᠤ ᠠᠵᠢᠯᠯᠠᠭ᠎ᠠ ᠪᠠᠷ ᠢᠶᠠᠨ ᠡᠪ ᠬᠠᠮᠲᠤ ᠶᠣᠰᠣᠨ ᠤ ᠲᠤᠬᠠᠢ ᠡᠷᠡᠰ ᠪᠠᠲᠤ ᠢᠲᠡᠭᠡᠯ ᠪᠢᠰᠢᠷᠡᠯ ᠪᠣᠯᠤᠨ ᠨᠠᠮ ᠪᠣᠯᠤᠨ ᠠᠷᠠᠳ ᠲᠦᠮᠡᠨ ᠳᠤ ᠥᠭᠬᠦ ᠬᠠᠷᠢᠴᠠᠯᠠᠰᠢᠭᠦᠢ ᠦᠨᠡᠨᠴᠢ ᠰᠢᠳᠤᠷᠭᠤ ᠶᠢ ᠲᠠᠶᠢᠯᠪᠤᠷᠢᠯᠠᠵᠤ᠂ ᠠᠭᠤᠤ ᠶᠡᠭᠡ ᠦᠢᠯᠡᠰ ᠤᠨ ᠲᠤᠬᠠᠢ ᠬᠢᠵᠠᠭᠠᠯᠠᠰᠢ ᠦᠭᠡᠢ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠪᠡ᠃ ᠠᠬᠠᠮᠠᠳ ᠨᠠᠮ ᠤᠨ ᠭᠡᠰᠢᠭᠦᠳ ᠤᠨ ᠠᠵᠢᠯᠴᠢ ᠬᠢᠴᠢᠶᠡᠩᠭᠴᠢ᠂ ᠴᠥᠬᠦᠷᠡᠰᠢ ᠦᠭᠡᠢ ᠪᠠᠶᠢᠬᠤ ᠡᠷᠬᠢᠮ ᠳᠡᠭᠡᠳᠦ ᠵᠣᠷᠢᠭ ᠰᠠᠨᠠᠭ᠎ᠠ ᠶᠢ ᠮᠠᠭᠲᠠᠨ ᠰᠠᠶᠢᠰᠢᠶᠠᠬᠤ ᠶᠢᠨ ᠲᠥᠯᠥᠭᠡ᠂ ᠵᠦᠸᠧᠽᠢ ᠱᠠᠨ ᠪᠠᠯᠭᠠᠰᠤᠨ ᠤ ᠨᠠᠮ ᠤᠨ ᠬᠤᠷᠢᠶ᠎ᠠ ᠠᠴᠠ ︽ᠢᠷᠠᠭᠤ ᠠᠯᠳᠠᠷᠲᠠᠢ ᠪᠠᠷ ᠨᠠᠮ ᠳᠤ 50 ᠵᠢᠯ ᠪᠣᠯᠤᠭᠰᠠᠨ︾ 3 ᠠᠬᠠᠮᠠᠳ ᠨᠠᠮ ᠤᠨ ᠭᠡᠰᠢᠭᠦᠨ ᠤ ᠲᠥᠯᠥᠭᠡᠯᠡᠭᠴᠢ ᠳᠤ ᠳᠤᠷᠠᠰᠬᠠᠯ ᠤᠨ ᠲᠡᠮᠳᠡᠭ ᠭᠠᠷᠳᠠᠭᠤᠯᠪᠠ᠃       ᠠᠵᠢᠯᠯᠠᠭ᠎ᠠ ᠨᠢ ᠪᠠᠰᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠳᠤ ᠵᠠᠰᠠᠪᠤᠷᠢ ᠣᠷᠣᠭᠤᠯᠤᠭᠰᠠᠨ ᠠᠴᠢ ᠬᠤᠯᠪᠣᠭᠳᠠᠯ ᠪᠠ ᠭᠤᠣᠯᠳᠠᠯᠭ᠎ᠠ ᠲᠠᠢ ᠠᠭᠤᠯᠭ᠎ᠠ ᠶᠢᠨ ᠲᠣᠭᠤᠷᠢᠨ ᠳᠤ᠂ ᠵᠢᠷᠭᠤᠭᠠᠨ ᠵᠦᠢᠯ ᠤᠨ ᠰᠠᠬᠢᠯᠭ᠎ᠠ ᠪᠠᠲᠤ ᠲᠠᠢ ᠨᠢᠭᠲᠠ ᠤᠶᠠᠯᠳᠤᠭᠤᠯᠤᠨ᠂ ᠰᠠᠬᠢᠯᠭ᠎ᠠ ᠪᠠᠲᠤ ᠶᠢᠨ ᠲᠣᠭᠲᠠᠭᠠᠯ ᠠᠴᠠ ᠠᠮᠠᠷᠬᠠᠨ ᠵᠥᠷᠢᠴᠡᠭᠰᠡᠨ ᠡᠯ᠎ᠡ ᠵᠦᠢᠯ ᠤᠨ ᠠᠶᠤᠯ ᠲᠦᠭᠰᠢᠭᠦᠷᠢ ᠶᠢᠨ ᠴᠡᠭ ᠲᠤ ᠴᠢᠭᠯᠡᠭᠦᠯᠦᠨ᠂ ᠲᠠᠶᠢᠯᠪᠤᠷᠢᠯᠠᠯᠲᠠ ᠪᠠᠷ ᠰᠤᠷᠤᠯᠴᠠᠯᠭ᠎ᠠ ᠶᠢ ᠠᠬᠢᠭᠤᠯᠵᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠦᠨ᠂ ᠶᠣᠰᠣ ᠤᠴᠢᠷ ᠢ ᠲᠣᠳᠣᠷᠬᠠᠶᠢᠯᠠᠵᠤ᠂ ᠨᠠᠮ ᠤᠨ ᠭᠡᠰᠢᠭᠦᠨ ᠺᠠᠳ᠋ᠷᠴᠤᠳ ᠲᠤ ᠠᠮᠢᠳᠤᠯᠢᠭ ᠨᠠᠮ ᠤᠨ ᠬᠢᠴᠢᠶᠡᠯ ᠣᠷᠣᠵᠤ ᠂ ᠰᠠᠬᠢᠯᠭ᠎ᠠ ᠪᠠᠲᠤ ᠶᠣᠰᠣ ᠲᠦᠷᠢᠮ ᠤᠨ ᠤᠬᠠᠮᠰᠠᠷ ᠪᠠ ᠤᠯᠠᠭᠠᠨ ᠱᠤᠭᠤᠮ ᠬᠤᠷᠢᠭ᠎ᠠ ᠱᠤᠭᠤᠮ ᠤᠨ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠪᠠ᠃    ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠵᠦᠸᠧᠽᠢ ᠱᠠᠨ ᠪᠠᠯᠭᠠᠰᠤᠨ ᠤ ᠪᠦᠬᠦ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠨᠡᠷ ᠲᠣᠰᠬᠤᠨ᠂ ᠨᠡᠶᠢᠭᠡᠮ ᠲᠣᠭᠤᠷᠢᠭ ᠤᠨ ᠠᠵᠢᠯ ᠤᠨ ᠬᠤᠪᠢᠶᠠᠷᠢᠯᠠᠯ ᠢ ᠦᠨᠳᠦᠰᠦᠯᠡᠨ᠂ ᠲᠣᠰᠬᠤᠨ᠂ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠬᠠᠷᠢᠶ᠎ᠠ ᠣᠷᠣᠨ ᠤ ᠠᠬᠠᠮᠠᠳ ᠨᠠᠮ ᠤᠨ ᠭᠡᠰᠢᠭᠦᠨ ᠢ ᠲᠣᠬᠤᠨᠢᠭᠤᠯᠵᠤ᠂ ᠲᠡᠳᠡᠨ ᠳᠤ ᠨᠠᠮ ᠤᠨ ᠬᠠᠶᠢᠷ᠎ᠠ ᠬᠠᠯᠠᠮᠵᠢ ᠶᠢ ᠬᠦᠷᠭᠡᠪᠡ᠃                                                ᠨᠠᠶᠢᠷᠠᠭᠤᠯᠤᠭᠴᠢ  ᠤᠷᠢᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2