ᠡᠨᠡ ᠵᠢᠯ ᠠᠴᠠ ᠨᠠᠰᠢ᠂ ᠵᠦᠸᠧᠽᠢ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠦᠢᠯᠡᠴᠢᠯᠡᠭᠡᠨ ᠤ ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨᠴᠢ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠠᠵᠢᠯ ᠲᠥᠷᠥᠯ ᠤᠨ ᠰᠤᠷᠲᠠᠯ ᠢᠶᠠᠨ ᠴᠢᠷᠮᠠᠶᠢᠨ ᠰᠠᠶᠢᠵᠢᠷᠠᠭᠤᠯᠵᠤ᠂ ᠠᠵᠤ ᠠᠬᠤᠶᠢᠯᠠᠯ ᠤᠨ | ᠬᠦᠴᠢᠷᠳᠡᠯ ᠢ ᠰᠢᠢᠳᠪᠦᠷᠢᠯᠡᠵᠦ᠂ ᠠᠭᠤᠵᠢᠭᠤ ᠪᠥᠭᠡᠳ ᠳᠥᠭᠦᠮ ᠳᠥᠲᠡ᠂ ᠨᠡᠭᠡᠭᠡᠯᠲᠡᠲᠡᠶ ᠪᠠᠭᠲᠠᠭᠠᠮᠵᠢᠲᠠᠶ᠂ ᠡᠷᠬᠡ | ᠲᠡᠭᠰᠢ ᠪᠠᠷ ᠥᠷᠢᠰᠦᠯᠳᠦᠬᠦ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠵᠤ᠂ ᠠᠵᠤ ᠠᠬᠤᠶᠢᠯᠠᠯ ᠢ ︽ | ᠣᠷᠣᠭᠤᠯᠵᠤ ᠳᠡᠶᠢᠯᠬᠦ᠂ ᠲᠦᠷᠭᠡᠨ ᠪᠤᠴᠠᠭᠠᠵᠤ ᠳᠡᠶᠢᠯᠬᠦ᠂ ᠲᠦᠷᠭᠡᠨ ᠬᠥᠭᠵᠢᠬᠦ︾ ᠪᠣᠯᠭᠠᠪᠠ᠃ | ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ︽ᠣᠷᠣᠵᠤ ᠳᠡᠶᠢᠯᠬᠦ᠂ | ᠠᠮᠠᠷᠬᠠᠨ ᠤᠬᠤᠷᠢᠨ ᠭᠠᠷᠬᠤ ᠳᠤ ᠬᠢᠯᠪᠠᠷ︾ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ︽ᠲᠤᠭ᠎ᠠ ᠪᠠᠷᠢᠮᠲᠠ ᠶᠢ | ᠢᠯᠡᠭᠦᠦ ᠭᠦᠶᠦᠯᠭᠡᠬᠦ︾ ᠵᠠᠷᠴᠢᠮ ᠢ ᠪᠠᠷᠢᠮᠲᠠᠯᠠᠵᠤ᠂ ︽ᠢᠨᠲ᠋ᠧᠷ ᠰᠦᠯᠵᠢᠶ᠎ᠡ ᠵᠠᠰᠠᠭ ᠤᠨ ᠶᠠᠪᠤᠳᠠᠯ ᠤᠨ ᠦᠢᠯᠡᠴᠢᠯᠡᠭᠡ | ︾ ᠶᠢ ᠭᠦᠢᠴᠡᠳ ᠠᠰᠢᠭᠯᠠᠨ᠂ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾᠂ ︽ᠭᠡᠷᠡᠴᠢ ᠦᠨᠡᠮᠯᠡᠯ ᠢ | ᠰᠠᠯᠭᠠᠬᠤ︾᠂ ᠪᠥᠬᠦ ᠶᠠᠪᠤᠴᠠ ᠶᠢ ᠡᠯᠧᠺᠳ᠋ᠷᠤᠨᠴᠢᠯᠠᠬᠤ᠂ ᠡᠯᠧᠺᠳ᠋ᠷᠣᠨ ᠡᠵᠡᠩᠨᠡᠯᠲᠡ ᠶᠢᠨ ᠦᠨᠡᠮᠯᠡᠯ᠂ ᠠᠵᠤ | ᠠᠬᠤᠶᠢᠯᠠᠯ ᠤᠨ ᠨᠡᠷᠡᠶᠢᠳᠦᠯ ᠢᠶᠠᠨ ᠡᠵᠡᠨ ᠮᠡᠳᠡᠵᠦ ᠭᠤᠶᠤᠴᠢᠯᠠᠨ ᠮᠡᠳᠡᠭᠦᠯᠵᠦ ᠳᠡᠩᠰᠡᠯᠡᠨ ᠲᠡᠮᠳᠡᠭᠯᠡᠬᠦ ᠬᠠᠮᠢᠶᠠᠷᠤᠯᠲᠠ | ᠵᠡᠷᠭᠡ ᠴᠢᠬᠤᠯᠠ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ︽ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ᠂ | ᠰᠦᠯᠵᠢᠶᠡᠨ ᠳᠡᠭᠡᠷ᠎ᠡ ᠭᠥᠯᠢᠶᠡᠨ ᠠᠪᠴᠤ ᠰᠢᠢᠳᠪᠦᠷᠢᠯᠡᠬᠦ᠂ ᠰᠦᠯᠵᠢᠶᠡᠨ ᠳᠡᠭᠡᠷ᠎ᠡ ᠬᠢᠨᠠᠨ ᠬᠠᠷᠭᠤᠭᠤᠯᠬᠤ᠂ | ᠰᠦᠯᠵᠢᠶᠡᠨ ᠳᠡᠭᠡᠷ᠎ᠡ ᠦᠨᠡᠮᠯᠡᠯ ᠣᠯᠭᠤᠬᠤ᠂ ᠡᠯᠧᠺᠳ᠋ᠷᠣᠨ ᠲᠠᠩᠰᠠ ᠡᠪᠬᠡᠮᠡᠯ ᠳᠤ ᠣᠷᠣᠭᠤᠯᠬᠤ︾ ᠪᠥᠬᠦ ᠶᠠᠪᠤᠴᠠ ᠶᠢ | ᠡᠯᠧᠺᠳ᠋ᠷᠤᠨᠴᠢᠯᠡᠬᠦ᠂ ᠰᠦᠯᠵᠢᠶᠡᠨ ᠳᠡᠭᠡᠷ᠎ᠡ ᠦᠨᠡᠮᠯᠡᠯ ᠣᠯᠭᠤᠬᠤ᠂ ᠡᠯᠧᠺᠳ᠋ᠷᠣᠨ ᠲᠠᠩᠰᠠ ᠡᠪᠬᠡᠮᠡᠯ ᠳᠤ ᠣᠷᠣᠭᠤᠯᠬᠤ︾ | ᠶᠢ ᠬᠡᠷᠡᠭᠵᠢᠭᠦᠯᠵᠦ᠂ ᠠᠵᠤ ᠠᠬᠤᠶᠢᠯᠠᠯ ᠤᠨ ᠳᠡᠩᠰᠡᠯᠡᠨ ᠲᠡᠮᠳᠡᠭᠯᠡᠬᠦ ᠶᠢ ᠭᠦᠢᠴᠡᠳᠬᠡᠬᠦ ᠵᠡᠷᠭᠡ ᠵᠦᠢᠯᠡᠰ ᠢ ︽ᠨᠢᠭᠤᠷ | ᠵᠣᠯᠭᠠᠬᠤ ᠥᠬᠡᠶ᠂ ᠳᠠᠷᠦ᠋ᠢᠬᠠᠨ ᠭᠦᠢᠴᠡᠳᠬᠡᠬᠦ︾ ᠶᠢ ᠪᠡᠶᠡᠯᠡᠭᠦᠯᠪᠡ᠃ ᠣᠷᠣᠨ ᠰᠠᠭᠤᠴᠠ ᠶᠢ ᠳᠠᠩᠰᠠᠯᠠᠬᠤ ᠨᠦᠬᠦᠴᠡᠯ | ᠪᠣᠯᠣᠨ ᠬᠢᠵᠠᠭᠠᠷᠯᠠᠯ ᠢ ᠤᠯᠠᠮ ᠨᠢᠭᠡ ᠠᠯᠬᠤᠮ ᠳᠦᠭᠦᠮᠴᠢᠯᠡᠬᠦ ᠪᠠ ᠠᠭᠤᠵᠢᠭᠤ ᠲᠠᠯᠪᠢᠵᠤ᠂ ︽ᠨᠢᠭᠡ ᠦᠨᠡᠮᠯᠡᠯ ᠳᠤ | ᠣᠯᠠᠨ ᠬᠠᠶ᠋ᠢᠭ ᠲᠠᠢ︾ ︽ᠨᠢᠭᠡ ᠬᠠᠶ᠋ᠢᠭ ᠲᠤ ᠣᠯᠠᠨ ᠦᠨᠡᠮᠯᠡᠯ ᠲᠠᠢ ᠪᠠᠶᠢᠯᠭᠠᠬᠤ᠂ ᠪᠦᠯᠦᠭᠯᠡᠨ ᠳᠠᠩᠰᠠᠯᠠᠬᠤ ᠶᠢ | ᠵᠥᠪᠰᠢᠶᠡᠷᠡᠨ᠎ᠡ᠃ ᠠᠵᠤ ᠠᠬᠤᠶᠢᠯᠠᠯ ᠨᠢ ᠳᠠᠩᠰᠠᠯᠠᠯᠲᠠ ᠶᠢ ᠬᠦᠴᠦᠨ ᠥᠬᠡᠶ ᠪᠣᠯᠭᠠᠬᠤ ᠪᠠᠷ ᠠᠯᠢ ᠴᠢᠳᠠᠬᠤ ᠪᠠᠷ ᠠᠵᠤ | ᠠᠬᠤᠶᠢᠯᠠᠯ ᠤᠨ ᠡᠵᠡᠨ ᠮᠡᠳᠡᠬᠦ ᠡᠷᠬᠡ ᠶᠢ ᠬᠦᠨᠳᠦᠳᠬᠡᠵᠦ᠂ ᠠᠵᠤ ᠠᠬᠤᠶᠢᠯᠠᠯ ᠥᠪᠡᠷ ᠢᠶᠠᠨ ᠡᠵᠡᠨ ᠮᠡᠳᠡᠵᠦ ᠡᠩ ᠤᠨ | ᠲᠠᠰ ᠳᠠᠷᠠᠭᠠᠯᠠᠯ ᠪᠤᠶᠤ ᠲᠥᠬᠦᠮ ᠲᠠᠰ ᠳᠠᠷᠠᠭᠠᠯᠠᠯ ᠢ ᠰᠣᠩᠭᠤᠨ ᠬᠦᠴᠦᠨ ᠥᠬᠡᠶ ᠪᠣᠯᠭᠠᠵᠤ᠂ ︽ᠠᠵᠤ | ᠠᠬᠤᠶᠢᠯᠠᠯ ᠤᠨ ᠠᠮᠠᠯᠠᠯᠲᠠ ᠶᠢᠨ ᠠᠵᠢᠯ ᠬᠡᠷᠡᠭ ᠤᠨ ᠳᠤᠮᠳᠠᠬᠢ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ | ᠬᠠᠮᠢᠶᠠᠷᠤᠯᠲᠠ︾ ᠪᠠ ᠠᠵᠤ ᠠᠬᠤᠶᠢᠯᠠᠯ ᠤᠨ ︽ᠨᠢᠭᠡ ᠰᠦᠯᠵᠢᠶ᠎ᠡ ᠪᠠᠷ ᠭᠦᠢᠴᠡᠳᠬᠡᠬᠦ︾ ᠦᠢᠯᠡᠴᠢᠯᠡᠭᠡ ᠶᠢ ᠬᠦᠴᠦᠨ | ᠥᠬᠡᠶ ᠪᠣᠯᠭᠠᠬᠤ ᠶᠢ ᠬᠡᠷᠡᠭᠵᠢᠭᠦᠯᠵᠦ᠂ ᠳᠠᠩᠰᠠᠯᠠᠯᠲᠠ ᠶᠢ ᠬᠦᠴᠦᠨ ᠥᠬᠡᠶ ᠪᠣᠯᠭᠠᠬᠤ ᠭᠠᠷᠳᠠᠮ ᠢ ᠦᠷᠭᠦᠯᠵᠢᠯᠡᠨ | ᠳᠥᠭᠦᠮᠴᠢᠯᠡᠵᠦ᠂ ᠠᠵᠤ ᠠᠬᠤᠶᠢᠯᠠᠯ ᠤᠨ ︽ᠳᠠᠩᠰᠠᠯᠠᠬᠤ ᠳᠤ ᠬᠦᠴᠢᠷᠲᠡᠶ︾ ᠠᠰᠠᠭᠤᠳᠠᠯ ᠢ ᠪᠦᠲᠦᠮᠵᠢᠲᠡᠶ | ᠰᠢᠢᠳᠪᠦᠷᠢᠯᠡᠨ᠎ᠡ᠃ | ᠰᠢᠨᠵᠢᠯᠡᠬᠦ ᠤᠬᠠᠭᠠᠨᠴᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ︽ᠲᠣᠭᠲᠠᠵᠤ | ᠳᠡᠶᠢᠯᠬᠦ᠂ ᠲᠦᠷᠭᠡᠨ ᠬᠥᠭᠵᠢᠬᠦ︾ ᠶᠢ ᠦᠨᠡᠨᠬᠦ ᠪᠠᠲᠤᠯᠠᠨ᠎ᠠ᠃ ᠪᠥᠬᠦ ᠲᠠᠯ᠎ᠠ ᠪᠠᠷ ᠳ᠋ᠢᠶᠠᠩᠬᠤᠸᠠ ᠪᠠᠷ ᠵᠢᠯᠣᠭᠤᠳᠬᠤ᠂ | ᠣᠬᠤᠷ ᠮᠡᠳᠡᠭᠡ ᠪᠠᠷ ᠰᠠᠨᠠᠭᠤᠯᠬᠤ ᠵᠡᠷᠭᠡ ᠠᠷᠭ᠎ᠠ ᠮᠠᠶ᠋ᠢᠭ ᠢ ᠠᠪᠴᠤ᠂ ᠤᠬᠠᠭᠤᠯᠵᠤ ᠬᠥᠲᠥᠯᠥᠨ ᠵᠢᠯᠣᠭᠤᠳᠬᠤ ᠪᠠᠨ | ᠲᠠᠰᠤᠷᠠᠯᠲᠠ ᠥᠬᠡᠶ ᠴᠢᠩᠭᠠᠳᠬᠠᠵᠤ᠂ ᠠᠵᠤ ᠠᠬᠤᠶᠢᠯᠠᠯ ᠢ ᠬᠠᠪᠰᠤᠷᠤᠨ ᠰᠢᠮᠳᠠᠭᠤᠯᠵᠤ ᠪᠠᠶᠢᠭᠠᠳ ᠣᠨ ᠤ | ᠮᠡᠳᠡᠭᠦᠯᠦᠯᠲᠡ ᠶᠢ ᠨᠢ ᠴᠠᠭ ᠲᠤᠬᠠᠶ ᠳᠤ ᠨᠢ ᠪᠡᠶᠡᠯᠡᠭᠦᠯᠵᠦ᠂ ᠴᠠᠭ ᠲᠤᠬᠠᠶ ᠳᠤ ᠨᠢ ᠣᠨ ᠤ ᠮᠡᠳᠡᠭᠦᠯᠦᠯᠲᠡ ᠬᠢᠭᠰᠡᠨ | ᠥᠬᠡᠶ ᠠᠴᠠ ᠪᠣᠯᠵᠣ ᠠᠵᠤ ᠠᠬᠤᠶᠢᠯᠠᠯ ᠤᠨ ᠢᠲᠡᠭᠡᠯ ᠬᠦᠨᠳᠦ ᠶᠢ ᠨᠥᠯᠥᠭᠡᠯᠡᠬᠦ ᠠᠴᠠ ᠵᠠᠶᠢᠯᠠᠰᠬᠢᠬᠦ ᠬᠡᠷᠡᠭᠲᠡᠶ᠃ ︽ | ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ | ᠠᠵᠤ ᠠᠬᠤᠶᠢᠯᠠᠯ ᠳᠤ ᠬᠠᠨᠳᠤᠭᠤᠯᠤᠭᠰᠠᠨ ᠣᠯᠠᠨ ᠲᠠᠯ᠎ᠠ ᠶᠢᠨ ᠪᠠᠶᠢᠴᠠᠭᠠᠯᠲᠠ᠂ ᠳᠠᠪᠬᠤᠷᠳᠠᠭᠤᠯᠤᠨ ᠪᠠᠶᠢᠴᠠᠭᠠᠬᠤ ᠶᠢ | ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠪᠥᠬᠦ ᠲᠠᠯ᠎ᠠ ᠪᠠᠷ | ᠠᠬᠢᠭᠤᠯᠵᠤ᠂ ᠠᠵᠤ ᠠᠬᠤᠶᠢᠯᠠᠯ ᠤᠨ ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠯ ᠠᠯᠳᠠᠭᠰᠠᠨ ᠪᠤᠶᠤ | ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠳᠤ ᠣᠷᠣᠪᠠᠯ ᠴᠥᠮ ᠦᠨᠡᠨᠴᠢ ᠢᠲᠡᠭᠡᠮᠵᠢ ᠶᠢᠨ | ᠰᠢᠯᠭᠠᠷᠠᠭᠤᠯᠤᠯᠲᠠ᠂ ᠢᠲᠡᠭᠡᠮᠵᠢᠲᠦ ᠵᠢᠭᠡᠯᠡᠯᠭᠡ ᠵᠡᠷᠭᠡ ᠣᠯᠠᠨ ᠰᠠᠯᠠᠭ᠎ᠠ ᠮᠥᠴᠢᠷ᠂ ᠣᠯᠠᠨ ᠬᠦᠷᠢᠶᠡᠨ ᠳᠤ | ᠬᠢᠵᠠᠭᠠᠷᠯᠠᠭᠳᠠᠬᠤ ᠪᠣᠯᠤᠨ᠎ᠠ᠃ ᠡᠭᠦᠨ ᠤ ᠬᠠᠮᠲᠤ᠂ ᠡᠭᠦᠷᠭᠡ ᠴᠢᠳᠠᠪᠤᠷᠢ ᠶᠢᠨ ᠦᠢᠯᠡᠴᠢᠯᠡᠭᠡᠨ ᠤ ᠣᠷᠣᠨ ᠵᠠᠶ ᠶᠢ | ᠤᠯᠠᠮ ᠨᠢᠭᠡ ᠠᠯᠬᠤᠮ ᠤᠷᠲᠤᠳᠬᠠᠵᠤ᠂ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠠᠵᠤ | ᠠᠬᠤᠶᠢᠯᠠᠯ ᠢ ᠬᠥᠭᠵᠢᠭᠦᠯᠬᠦ᠂ ᠵᠠᠷ ᠮᠡᠳᠡᠭᠡᠨ ᠤ ᠭᠡᠷ᠎ᠡ ᠶᠢᠨ ᠠᠵᠤ ᠠᠬᠤᠶᠢᠯᠠᠯ ᠢ ᠲᠤᠰᠠᠯᠠᠬᠤ᠂ ᠭᠡᠷᠡᠴᠢᠯᠡᠨ ᠰᠢᠯᠭᠠᠨ | ᠪᠠᠶᠢᠴᠠᠭᠠᠵᠤ ᠠᠵᠤ ᠠᠬᠤᠶᠢᠯᠠᠯ ᠢ ᠬᠠᠪᠰᠤᠷᠬᠤ︾ ᠶᠢ ᠭᠡᠷᠡᠴᠢᠯᠡᠬᠦ ᠦᠢᠯᠡᠴᠢᠯᠡᠭᠡᠨ ᠤ ᠠᠵᠢᠯᠯᠠᠭ᠎ᠠ ᠶᠢ ᠢᠳᠡᠪᠬᠢᠲᠡᠶ | ᠬᠡᠷᠡᠭᠵᠢᠭᠦᠯᠦᠨ᠎ᠡ᠃ ᠤᠷᠢᠳ ᠬᠤᠵᠢᠳ 29 ᠢᠳᠡᠭᠡᠨ ᠤ ᠦᠢᠯᠡᠳᠪᠦᠷᠢᠯᠡᠯ ᠤᠨ ᠠᠵᠤ ᠠᠬᠤᠶᠢᠯᠠᠯ ᠢ ᠬᠠᠪᠰᠤᠷᠤᠨ ︽ | ᠨᠢᠭᠡ ᠠᠵᠤ ᠠᠬᠤᠶᠢᠯᠠᠯ ᠨᠢᠭᠡ ᠲᠠᠩᠰᠠ ᠡᠪᠬᠡᠮᠡᠯ︾ ᠤᠨ ᠲᠦᠷᠢᠮ ᠢ ᠲᠡᠭᠦᠯᠳᠡᠷᠵᠢᠭᠦᠯᠵᠦ᠂ ᠬᠠᠷᠢᠶ᠎ᠠ ᠣᠷᠣᠨ ᠤ 2 | ᠢᠳᠡᠭᠡᠨ ᠤ ᠦᠢᠯᠡᠳᠪᠦᠷᠢᠯᠡᠯ ᠤᠨ ᠠᠵᠤ ᠠᠬᠤᠶᠢᠯᠠᠯ ᠪᠠ 1 ᠢᠳᠡᠭᠡᠨ ᠤ ᠦᠢᠯᠡᠳᠪᠦᠷᠢᠯᠡᠯ ᠤᠨ ᠵᠢᠵᠢᠭ | ᠦᠢᠯᠡᠳᠬᠡᠯ ᠤᠨ ᠭᠠᠵᠠᠷ ᠲᠤ ︽ᠮᠢᠩᠭᠠᠨ ᠠᠵᠤ ᠠᠬᠤᠶᠢᠯᠠᠯ ᠲᠦᠮᠡᠨ ᠦᠢᠯᠡᠳᠬᠡᠯ︾ ᠢ ᠬᠠᠪᠰᠤᠷᠤᠨ ᠲᠡᠳᠬᠦᠵᠦ᠂ | ᠠᠵᠤ ᠠᠬᠤᠶᠢᠯᠠᠯ ᠤᠨ ᠵᠢᠷᠤᠮᠵᠢᠭᠰᠠᠨ᠂ ᠪᠠᠷᠢᠮᠵᠢᠶᠠᠵᠢᠭᠰᠠᠨ ᠦᠢᠯᠡᠳᠪᠦᠷᠢᠯᠡᠯ ᠡᠵᠡᠩᠨᠡᠯᠲᠡ ᠶᠢ ᠠᠬᠢᠭᠤᠯᠪᠠ᠃ 1 | ᠠᠵᠤ ᠠᠬᠤᠶᠢᠯᠠᠯ ᠢ ᠵᠢᠯᠣᠭᠤᠳᠤᠨ ᠲᠠᠷᠢᠶᠠᠯᠠᠩ ᠢ ᠲᠤᠰᠠᠯᠠᠵᠤ ᠠᠵᠤ ᠠᠬᠤᠶᠢᠯᠠᠯ ᠢ ᠲᠤᠰᠠᠯᠠᠬᠤ ᠨᠡᠶᠢᠲᠡ ᠶᠢᠨ | ᠠᠰᠠᠷᠠᠮᠵᠢ ᠶᠢᠨ ᠤᠬᠠᠭᠤᠯᠭ᠎ᠠ ᠶᠢᠨ ᠵᠠᠷ ᠮᠡᠳᠡᠭᠡ ᠵᠣᠬᠢᠶᠠᠵᠤ᠂ ᠨᠢᠭᠡᠨᠲᠡ ᠤᠯᠠᠭᠠᠨᠴᠠᠪ ᠬᠤᠲᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠲᠤ | ᠨᠡᠶᠢᠲᠡᠯᠡᠪᠡ᠃ ᠶᠠᠰᠤ ᠴᠢᠨᠠᠷ ᠢᠶᠠᠷ ᠰᠢᠶᠠᠨ ᠢ ᠬᠦᠴᠦᠷᠬᠡᠭᠵᠢᠭᠦᠯᠬᠦ ᠱᠠᠭᠠᠷᠳᠠᠯᠭ᠎ᠠ ᠶᠣᠰᠣᠭᠠᠷ᠂ 5 ᠠᠵᠤ ᠠᠬᠤᠶᠢᠯᠠᠯ ᠢ | ᠵᠢᠯᠣᠭᠤᠳᠤᠨ ᠲᠦᠷᠦᠭᠦᠦ ᠶᠠᠰᠤ ᠴᠢᠨᠠᠷ ᠤᠨ ᠲᠤᠰᠢᠶᠠᠯᠲᠠᠨ ᠤ ᠲᠦᠷᠢᠮ ᠢ ᠪᠠᠶᠢᠭᠤᠯᠤᠭᠰᠠᠨ ᠪᠥᠭᠡᠳ 5 ᠠᠵᠤ | ᠠᠬᠤᠶᠢᠯᠠᠯ ᠢ ᠵᠣᠬᠢᠶᠠᠨ ᠪᠠᠶᠢᠭᠤᠯᠵᠤ ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ | ᠱᠠᠩᠨᠠᠯ ᠤᠨ ᠪᠣᠯᠪᠠᠰᠤᠷᠠᠭᠤᠯᠤᠯ ᠤᠨ ᠠᠵᠢᠯᠯᠠᠭ᠎ᠠ ᠳᠤ ᠣᠷᠣᠯᠴᠠᠭᠤᠯᠵᠤ᠂ 1 ᠠᠵᠤ ᠠᠬᠤᠶᠢᠯᠠᠯ ᠢ ᠰᠣᠩᠭᠤᠨ | ᠤᠯᠠᠭᠠᠨᠴᠠᠪ ᠬᠤᠲᠠ ᠶᠢᠨ ᠠᠵᠤ ᠠᠬᠤᠶᠢᠯᠠᠯ ᠤᠨ ᠪᠠᠷᠢᠮᠵᠢᠶᠠᠵᠢᠭᠤᠯᠤᠯᠲᠠ ᠶᠢ ᠤᠬᠠᠭᠤᠯᠤᠨ ᠲᠤᠤᠱᠯᠠᠭᠤᠯᠵᠤ | ᠪᠠᠷᠢᠮᠵᠢᠶ᠎ᠠ ᠳᠤ ᠬᠦᠷᠭᠡᠬᠦ ᠠᠵᠢᠯᠯᠠᠭ᠎ᠠ ᠳᠤ ᠣᠷᠣᠯᠴᠠᠭᠤᠯᠵᠤ᠂ ᠪᠠᠰᠠ ᠠᠵᠤ ᠠᠬᠤᠶᠢᠯᠠᠯ ᠢ ᠵᠣᠬᠢᠶᠠᠨ ᠪᠠᠶᠢᠭᠤᠯᠤᠨ | ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠭᠡᠳ ᠪᠠᠩᠬᠢ ᠳᠤ | ᠬᠦᠷᠴᠦ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠨᠵᠢᠯᠠᠭ᠎ᠠ ᠶᠢᠨ ᠪᠠᠯᠠ ᠲᠣᠬᠢᠷᠠᠭᠤᠯᠭ᠎ᠠ ᠶᠢᠨ | ᠲᠤᠬᠠᠶᠢᠯᠠᠭᠰᠠᠨ ᠠᠵᠢᠯ ᠢ ᠵᠣᠯᠭᠠᠭᠤᠯᠵᠤ᠂ ᠨᠢᠭᠡᠨᠲᠡ 2 ᠠᠵᠤ ᠠᠬᠤᠶᠢᠯᠠᠯ ᠢ ᠬᠠᠪᠰᠤᠷᠤᠨ ︽ᠪᠠᠷᠢᠮᠵᠢᠶ᠎ᠠ ᠶᠢ | ᠨᠠᠶᠢᠳᠠᠪᠤᠷᠢᠵᠢᠭᠤᠯᠬᠤ︾ ᠱᠠᠩᠨᠠᠯ ᠭᠥᠷᠳᠡᠵᠦ᠂ ᠪᠥᠬᠦ ᠬᠦᠴᠦᠨ ᠢᠶᠠᠷ ᠢᠶᠠᠨ ᠰᠤᠷᠲᠠᠯ ᠢᠶᠠᠨ ᠬᠤᠪᠢᠷᠠᠭᠤᠯᠵᠤ᠂ | ᠪᠣᠳᠠᠲᠠᠶ ᠠᠵᠢᠯ ᠬᠢᠵᠦ᠂ ᠠᠵᠤ ᠠᠬᠤᠶᠢᠯᠠᠯ ᠤᠨ ᠲᠦᠷᠭᠡᠨ ᠬᠥᠭᠵᠢᠨ ᠪᠤᠵᠠᠭᠠᠶᠢᠷᠠᠬᠤ ᠶᠢ ᠠᠬᠢᠭᠤᠯᠪᠠ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |