ᠵᠦᠸᠧᠽᠢ ᠰᠢᠶᠠᠨ ᠤ ᠹᠦ᠋ ᠬᠤ᠋ ᠲᠣᠰᠬᠤᠨ ᠤ ᠠᠷᠠᠳ ᠲᠤ ᠳᠥᠭᠦᠮ ᠦᠵᠡᠭᠦᠯᠬᠦ ᠬᠤᠭᠤᠯᠠᠨ ᠭᠡᠷ ᠵᠢᠩᠬᠢᠨᠢ ᠪᠠᠷ ᠠᠵᠢᠯ ᠡᠬᠢᠯᠡᠪᠡ
ᠨᠡᠶᠢᠲᠡᠯᠡᠭᠰᠡᠨ ᠴᠠᠭ᠄
2024/8/1
    ᠣᠶᠢᠷ᠎ᠠ ᠳᠤ᠂ ᠵᠦᠸᠧᠽᠢ ᠰᠢᠶᠠᠨ ᠤ ᠴᠢ ᠰᠢᠶᠠ ᠶᠢᠩ ᠪᠠᠯᠭᠠᠰᠤᠨ ᠤ ᠹᠦ᠋ ᠬᠤ᠋ ᠲᠣᠰᠬᠤᠨ ᠤ ︽ᠠᠷᠠᠳ ᠲᠤ ᠳᠥᠭᠦᠮ ᠦᠵᠡᠭᠦᠯᠬᠦ ᠬᠤᠭᠤᠯᠠᠨ ᠭᠡᠷ︾ ᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠵᠤ᠂ ᠡᠷᠬᠢᠨ ᠲᠣᠭᠤᠷᠢᠨ ᠤ ᠨᠠᠰᠤᠲᠠᠶᠢᠴᠤᠳ ᠲᠤ ᠪᠣᠳᠠᠲᠤ ᠠᠰᠢᠭ ᠬᠦᠷᠲᠡᠭᠡᠬᠦ ᠳᠥᠭᠦᠮ ᠳᠥᠲᠡ ᠬᠤᠭᠤᠯᠠᠯᠠᠬᠤ ᠦᠢᠯᠡᠴᠢᠯᠡᠭᠡ ᠬᠠᠩᠭᠠᠪᠠ᠃    ᠹᠦ᠋ ᠬᠤ᠋ ᠲᠣᠰᠬᠤᠨ ᠤ ︽ᠠᠷᠠᠳ ᠲᠤ ᠲᠥᠬᠦᠮ ᠦᠵᠡᠭᠦᠯᠬᠦ ᠬᠤᠭᠤᠯᠠᠨ ᠬᠡᠷ︾ ᠤᠨ ᠡᠵᠡᠯᠡᠬᠦ ᠭᠠᠵᠠᠷ ᠨᠢ 280 ᠲᠡᠭᠰᠢ ᠳᠥᠷᠪᠡᠯᠵᠢᠨ ᠮᠧᠳ᠋ᠷ ᠪᠠᠶᠢᠵᠤ᠂ ᠬᠠᠮᠲᠤ ᠳᠤᠨᠢ 50 ᠬᠥᠮᠦᠨ ᠢᠳᠡᠵᠦ ᠪᠣᠯᠤᠨ᠎ᠠ᠃ ᠬᠤᠭᠤᠯᠠᠨ ᠭᠡᠷ ᠲᠤ ᠣᠷᠣᠬᠤ ᠳᠤ᠂ ᠲᠠᠯᠠᠪᠠᠢ ᠲᠠᠯᠠᠪᠠᠢ ᠥᠷᠭᠡᠨ ᠰᠠᠷᠠᠭᠤᠯ᠂ ᠣᠷᠴᠢᠨ ᠲᠣᠭᠤᠷᠢᠨ ᠴᠡᠪᠡᠷ ᠠᠷᠢᠭᠤᠨ ᠴᠡᠪᠡᠷ᠂ ᠬᠤᠭᠤᠯᠠᠨ ᠰᠢᠷᠡᠭᠡ ᠬᠤᠭᠤᠯᠠ ᠪᠠ ᠠᠶᠠᠭ᠎ᠠ ᠰᠠᠪᠬ᠎ᠠ ᠲᠠᠢ ᠬᠤᠭᠤᠯᠠᠨ ᠤ ᠰᠠᠪᠠ ᠬᠡᠷᠡᠭᠰᠡᠯ ᠪᠦᠷᠢᠨ ᠲᠡᠭᠦᠯᠳᠡᠷ ᠪᠠᠶᠢᠳᠠᠭ᠃ ᠬᠤᠭᠤᠯᠠᠨ ᠬᠡᠷ ᠤᠨ ᠠᠵᠢᠯᠲᠠᠨ ᠤ ᠢᠯᠡᠷᠬᠡᠶᠢᠯᠡᠭᠰᠡᠨ ᠢᠶᠠᠷ᠂ ᠨᠣᠭᠤᠭ᠎ᠠ ᠶᠢᠨ ᠠᠮᠲᠠ ᠨᠢ ᠣᠶᠢᠷ᠎ᠠ ᠬᠠᠪᠢ ᠶᠢᠨ ᠰᠠᠭᠤᠭᠠᠯᠢ ᠠᠷᠠᠳ ᠵᠢᠴᠢ ᠨᠠᠰᠤᠲᠠᠶᠢᠴᠤᠳ ᠤᠨ ᠢᠳᠡᠭᠡᠨ ᠤᠮᠳᠠᠭᠠᠨ ᠤ ᠳᠠᠳᠬᠠᠯ ᠢ ᠦᠨᠳᠦᠰᠦᠯᠡᠨ ᠨᠠᠷᠢᠨ ᠨᠢᠮᠪᠠᠶ ᠳᠣᠭᠢᠷᠠᠭᠤᠯᠵᠤ᠂ ᠳᠠᠪᠤᠰᠤ ᠪᠠᠭ᠎ᠠ ᠲᠣᠰᠣ᠂ ᠮᠢᠬ᠎ᠠ ᠮᠢᠬ᠎ᠠ ᠪᠠᠭ᠎ᠠ ᠵᠡᠷᠭᠡ ᠶᠢ ᠳᠣᠭᠢᠷᠠᠭᠤᠯᠤᠨ᠂ ᠰᠢᠮ᠎ᠡ ᠲᠡᠵᠢᠭᠡᠯ ᠢ ᠲᠡᠩᠴᠡᠭᠦᠷᠢᠲᠡᠶ ᠪᠠᠶᠢᠯᠭᠠᠬᠤ ᠶᠢ ᠱᠠᠭᠠᠷᠳᠠᠪᠠ᠃ ᠡᠳᠦᠷ ᠪᠦᠷᠢ ᠶᠢᠨ ᠭᠤᠷᠪᠠᠨ ᠬᠤᠭᠤᠯᠠᠨ ᠤ ᠦᠨ᠎ᠡ ᠬᠠᠩᠰᠢ ᠪᠣᠯ ᠲᠣᠰ ᠲᠣᠰ ᠥᠷᠯᠥᠭᠡ ᠶᠢᠨ ᠬᠤᠭᠤᠯᠠ 5 ᠲᠥᠭᠦᠷᠢᠭ᠂ ᠦᠳᠡ ᠶᠢᠨ ᠬᠤᠭᠤᠯᠠ 7 ᠲᠥᠭᠦᠷᠢᠭ᠂ ᠣᠷᠣᠢ ᠶᠢᠨ ᠬᠤᠭᠤᠯᠠ 6 ᠲᠥᠭᠦᠷᠢᠭ ᠪᠣᠯᠤᠨ᠎ᠠ᠂ ᠴᠥᠮ ᠵᠠᠬ᠎ᠠ ᠳᠡᠯᠭᠡᠭᠦᠷ ᠤᠨ ᠦᠨ᠎ᠡ ᠠᠴᠠ ᠳᠣᠤᠷ᠎ᠠ ᠪᠥᠭᠡᠳ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠬᠠᠭᠠᠰ ᠦᠨ᠎ᠡ ᠶᠢᠨ ᠬᠠᠷᠠᠭᠠᠯᠵᠠᠯ ᠦᠵᠡᠭᠦᠯᠵᠦ᠂ ᠨᠠᠰᠤᠲᠠᠶᠢᠴᠤᠳ ᠢ ᠦᠨᠡᠨ ᠬᠦ ᠬᠠᠮᠤᠭ ᠤᠨ ᠪᠠᠭ᠎ᠠ ᠵᠣᠭᠤᠰ ᠵᠠᠷᠤᠴᠠᠭᠤᠯᠵᠤ ᠪᠠᠶᠢᠭᠠᠳ ᠬᠠᠮᠤᠭ ᠤᠨ ᠠᠮᠲᠠ ᠲᠠᠢ ᠬᠤᠭᠤᠯᠠ ᠪᠣᠯᠭᠠᠨ ᠢᠳᠡᠭᠦᠯᠦᠨ᠎ᠡ᠃ ᠡᠭᠦᠨ ᠤ ᠬᠠᠮᠲᠤ᠂ ᠬᠤᠭᠤᠯᠠᠨ ᠭᠡᠷ ᠲᠤ ᠪᠠᠰᠠ ᠨᠠᠰᠤᠲᠠᠶᠢᠴᠤᠳ ᠤᠨ ᠬᠥᠳᠡᠯᠭᠡᠭᠡᠨ ᠤ ᠥᠷᠥᠭᠡ ᠭᠠᠷᠭᠠᠵᠤ᠂ ᠲᠣᠰᠬᠤᠨ ᠤ ᠠᠷᠠᠳ ᠤᠨ ᠴᠠᠢ ᠶᠢᠨ ᠳᠠᠷᠠᠭᠠᠬᠢ ᠵᠤᠭ᠎ᠠ ᠴᠡᠩᠭᠡᠯ ᠳᠤ ᠵᠤᠭ᠎ᠠ ᠴᠡᠩᠭᠡᠯ ᠤᠨ ᠣᠷᠣᠨ ᠵᠠᠶ ᠬᠠᠩᠭᠠᠪᠠ᠃    ᠨᠠᠰᠤᠲᠠᠨ ᠳᠤ ᠦᠢᠯᠡᠴᠢᠯᠡᠬᠦ ᠨᠢ ᠦᠨᠡᠨ ᠰᠡᠳᠭᠢᠯ ᠢᠶᠠᠷ ᠠᠷᠠᠳ ᠲᠤ ᠳᠥᠭᠦᠮ ᠦᠵᠡᠭᠦᠯᠬᠦ ᠬᠤᠭᠤᠯᠠᠨ ᠭᠡᠷ ᠠᠷᠠᠳ ᠤᠨ ᠰᠡᠳᠭᠢᠯ ᠢ ᠳᠤᠯᠠᠭᠠᠴᠠᠭ ᠤᠯᠤᠨ᠎ᠠ᠃ ᠬᠤᠭᠤᠯᠠᠨ ᠰᠢᠷᠡᠭᠡᠨ ᠤ ᠡᠮᠦᠨ᠎ᠡ᠂ ᠲᠣᠰᠬᠤᠨ ᠤ ᠠᠷᠠᠳ ᠬᠦᠷᠢᠶᠡᠯᠡᠨ ᠰᠠᠭᠤᠵᠤ᠂ ᠨᠢᠭᠡ ᠲᠠᠯ᠎ᠠ ᠪᠠᠷ ᠢᠳᠡᠬᠦ ᠶᠢᠨ ᠳᠠᠭᠠᠤ ᠶᠠᠷᠢᠯᠴᠠᠵᠤ᠂ ᠢᠨᠢᠶᠡᠯᠴᠡᠵᠦ᠂ ᠠᠭᠤᠷ ᠠᠮᠢᠰᠬᠤᠯ ᠡᠶ᠎ᠡ ᠨᠠᠶᠢᠷᠲᠠᠢ ᠪᠠᠶᠢᠯ᠎ᠠ᠃    ᠴᠢ ᠰᠢᠶᠠ ᠶᠢᠩ ᠪᠠᠯᠭᠠᠰᠤᠨ ᠤ ᠵᠣᠬᠢᠶᠠᠨ ᠪᠠᠶᠢᠭᠤᠯᠬᠤ ᠭᠡᠰᠢᠭᠦᠨ ᠵᠢᠶᠠ ᠷᠦᠢ ᠵᠢᠶᠦ᠋ᠨ ᠢᠯᠡᠷᠬᠡᠶᠢᠯᠡᠬᠦ ᠳᠡᠭᠡᠨ᠂ ᠡᠨᠡ ᠬᠦ ᠬᠤᠭᠤᠯᠠᠨ ᠭᠡᠷ ᠠᠵᠢᠯ ᠡᠬᠢᠯᠡᠭᠰᠡᠨ ᠨᠢ ᠲᠣᠰᠬᠤᠨ ᠤ ᠨᠠᠰᠤᠲᠠᠶᠢᠴᠤᠳ ᠲᠤ ᠬᠢᠮᠳᠠ ᠪᠥᠭᠡᠳ ᠠᠮᠲᠠᠲᠠᠶ ᠪᠠᠷ ᠨᠢᠭᠡ ᠡᠳᠦᠷ ᠤᠨ ᠭᠤᠷᠪᠠᠨ ᠬᠤᠭᠤᠯᠠ ᠬᠠᠩᠭᠠᠵᠤ ᠪᠣᠯᠬᠤ ᠪᠠᠷ ᠪᠠᠷᠠᠬᠤ ᠥᠬᠡᠶ᠂ ᠪᠠᠰᠠ ᠲᠣᠰᠬᠤᠨ ᠤ ᠳᠣᠲᠣᠷᠠᠬᠢ ᠰᠢᠨ᠎ᠡ ᠶᠢ ᠡᠭᠦᠳᠦᠭᠴᠢ ᠶᠢᠨ ᠦᠢᠯᠡᠴᠢᠯᠡᠭᠡᠨ ᠤ ᠲᠥᠪ᠂ ᠮᠣᠷᠢᠨ ᠮᠡᠷᠭᠡᠵᠢᠯ ᠤᠨ ᠪᠣᠯᠪᠠᠰᠤᠷᠠᠯ ᠤᠨ ᠲᠠᠯᠠᠪᠤᠷ ᠵᠡᠷᠭᠡ ᠰᠣᠶᠣᠯ ᠵᠢᠭᠤᠯᠴᠢᠯᠠᠯ ᠤᠨ ᠲᠥᠷᠥᠯ ᠵᠦᠢᠯ ᠲᠠᠢ ᠵᠠᠯᠭᠠᠯᠳᠤᠭᠤᠯᠵᠤ᠂ ᠢᠳᠡᠬᠦ᠂ ᠰᠠᠭᠤᠬᠤ᠂ ᠵᠤᠭ᠎ᠠ ᠴᠡᠩᠭᠡᠯ ᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡᠨ ᠤ ᠲᠥᠷᠥᠯ ᠵᠦᠢᠯ ᠢ ᠪᠠᠶᠢᠭᠤᠯᠵᠤ᠂ ᠹᠦ᠋ ᠬᠤ᠋ ᠲᠣᠰᠬᠤᠨ ᠢ ᠡᠷᠲᠡᠬᠡᠨ ᠰᠣᠶᠣᠯ ᠵᠢᠭᠤᠯᠴᠢᠯᠠᠯ ᠤᠨ ᠵᠢᠵᠢᠭ ᠪᠠᠯᠭᠠᠰᠤ ᠪᠣᠯᠭᠠᠨ ᠪᠠᠶᠢᠭᠤᠯᠬᠤ ᠪᠠᠷ ᠴᠢᠷᠮᠠᠶᠢᠨ᠎ᠠ ᠭᠡᠵᠡᠶ᠃                      ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2