︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠪᠣᠯ ᠣᠯᠠᠨ ᠲᠦᠮᠡᠨ ᠤ ᠬᠠᠯᠠᠭᠤᠨ ᠳᠤᠯᠠᠭᠠᠨ ᠲᠠᠢ | ᠬᠤᠯᠪᠣᠭᠳᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ | ᠢᠨᠵᠧᠨᠧᠷᠢᠩ ᠮᠥᠨ᠃ ᠣᠶᠢᠷ᠎ᠠ ᠶᠢᠨ ᠡᠳᠦᠷ ᠤᠳ ᠲᠤ᠂ ᠵᠦᠸᠧᠽᠢ ᠰᠢᠶᠠᠨ ᠢᠯᠴᠢ ᠶᠢᠨ ᠢᠷᠡᠯᠲᠡ ᠶᠢᠨ ᠪᠠᠲᠤᠯᠠᠭ᠎ᠠ | ᠂ ᠢᠯᠴᠢ ᠶᠢᠨ ᠲᠣᠣᠷ ᠤᠨ ᠰᠢᠨᠡᠴᠢᠯᠡᠯᠲᠡ᠂ ᠢᠯᠴᠢ ᠶᠢᠨ ᠬᠦᠴᠦᠨ ᠤ ᠥᠷᠲᠡᠭᠡ ᠶᠢ ᠳᠡᠭᠡᠭᠰᠢᠯᠡᠭᠦᠯᠬᠦ᠂ ᠡᠷᠦᠬᠡ ᠶᠢᠨ | ᠳᠣᠲᠣᠷᠠᠬᠢ ᠥᠭᠡᠷᠡᠴᠢᠯᠡᠯᠲᠡ ᠵᠡᠷᠭᠡ ᠲᠠᠯ᠎ᠠ ᠪᠠᠷ ᠴᠠᠭ ᠢ ᠠᠮᠵᠢᠨ᠂ ᠠᠬᠢᠴᠠ ᠶᠢ ᠠᠳᠬᠤᠵᠤ᠂ ︽ᠳᠤᠯᠠᠭᠠᠨ | ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠪᠠ᠃ | ᠵᠦᠸᠧᠽᠢ ᠰᠢᠶᠠᠨ ᠤ ᠤᠲᠤᠮᠠᠯ ᠤᠷᠤᠰᠬᠠᠭᠳᠠᠯ ᠤᠨ ᠠᠵᠤ ᠦᠢᠯᠡᠰ ᠤᠨ ᠬᠦᠷᠢᠶᠡᠯᠡᠩ᠂ 110 ᠤᠯᠤᠰ ᠤᠨ | ᠵᠠᠮ ᠵᠡᠷᠭᠡ ᠤᠯᠠᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠴᠢᠳ ᠶᠠᠭ ᠬᠤᠭᠤᠯᠠᠢ ᠳᠡᠪᠢᠰᠴᠦ᠂ | ᠵᠠᠯᠭᠠᠭᠠᠰᠤ ᠶᠢ ᠭᠠᠩᠨᠠᠨ ᠵᠠᠯᠭᠠᠵᠤ᠂ ᠬᠤᠭᠤᠯᠠᠢ ᠶᠢᠨ ᠵᠠᠯᠭᠠᠭᠰᠠᠨ ᠭᠠᠵᠠᠷ ᠢ ᠪᠠᠬᠢᠵᠢᠭᠦᠯᠦᠨ ᠬᠠᠮᠠᠭᠠᠯᠠᠵᠤ᠂ | ᠲᠤᠬᠠᠢ ᠶᠢᠨ ᠲᠠᠯᠠᠪᠠᠢ ᠳᠤ ᠬᠦᠷ ᠬᠥᠭᠵᠢᠶᠡᠨ ᠲᠠᠢ ᠶᠠᠭᠠᠷᠠᠯᠲᠠᠢ ᠪᠠᠶᠢᠳᠠᠯ ᠢᠯᠡᠷᠡᠪᠡ᠃ | ᠵᠦᠸᠧᠽᠢ ᠰᠢᠶᠠᠨ ᠤ ᠢᠯᠴᠢ ᠴᠠᠬᠢᠯᠭᠠᠨ ᠤ ᠬᠠᠮᠲᠤᠷᠠᠨ ᠦᠢᠯᠡᠳᠪᠦᠷᠢᠯᠡᠵᠦ ᠢᠯᠴᠢ ᠬᠠᠩᠭᠠᠬᠤ ᠬᠢᠵᠠᠭᠠᠷᠲᠤ | ᠺᠣᠮᠫᠠᠨᠢ ᠶᠢᠨ ᠰᠡᠯᠪᠢᠨ ᠵᠠᠰᠠᠬᠤ ᠬᠡᠯᠲᠡᠰ ᠤᠨ ᠳᠠᠷᠤᠭ᠎ᠠ ᡂᠢ ᠭᠤᠤ ᠱᠧᠩ᠄ ︽ᠴᠠᠬᠢᠯᠭᠠᠨ ᠤ ᠦᠢᠯᠡᠳᠪᠦᠷᠢ ᠨᠢᠭᠡᠨᠲᠡ | ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠣᠳᠣᠬᠠᠨ ᠳᠤ ᠬᠤᠶᠠᠷ | ᠮᠠᠰᠢᠨ ᠴᠣᠭᠴᠠᠯᠠᠪᠤᠷᠢ ᠨᠢᠭᠡᠨᠲᠡ ᠢᠯᠴᠢ ᠬᠠᠩᠭᠠᠬᠤ ᠨᠥᠬᠦᠴᠡᠯ ᠢ ᠬᠠᠩᠭᠠᠪᠠ︾ ᠭᠡᠵᠦ ᠲᠠᠨᠢᠯᠴᠠᠭᠤᠯᠪᠠ᠃ | ᠵᠦᠸᠧᠽᠢ ᠰᠢᠶᠠᠨ ᠤ ᠵᠠᠮ ᠬᠠᠷᠢᠯᠴᠠᠭᠠᠨ ᠤ ᠴᠠᠭᠳᠠᠭ᠎ᠠ ᠶᠢᠨ ᠬᠦᠷᠢᠶᠡᠯᠡᠩ ᠤᠨ ᠰᠠᠭᠤᠭᠠᠯᠢ ᠲᠣᠭᠤᠷᠢᠭ ᠤᠨ | ᠳᠣᠲᠣᠷ᠎ᠠ᠂ ᠬᠤᠶᠠᠳᠤᠭᠠᠷ ᠤᠳᠠᠭᠠᠨ ᠤ ᠬᠤᠭᠤᠯᠠᠢ ᠲᠣᠣᠷ ᠤᠨ ᠡᠷᠦᠬᠡ ᠳᠤ ᠣᠷᠣᠬᠤ ᠥᠭᠡᠷᠡᠴᠢᠯᠡᠯᠲᠡ ᠶᠢ ᠶᠠᠭ | ᠡᠮᠬᠢ ᠵᠢᠷᠤᠮ ᠲᠠᠢ ᠥᠷᠨᠢᠭᠦᠯᠵᠦ ᠪᠠᠶᠢᠨ᠎ᠠ᠃ ᠵᠢᠵᠢᠭ ᠲᠣᠭᠤᠷᠢᠭ ᠤᠨ ᠳᠣᠲᠣᠷᠠᠬᠢ ᠡᠷᠦᠬᠡ ᠪᠦᠷᠢ ᠴᠥᠮ ᠰᠢᠨ᠎ᠡ | ᠨᠡᠭᠡᠯᠡᠬᠡᠢ ᠤᠭᠰᠠᠷᠠᠵᠤ᠂ ᠤᠤᠯ ᠤᠨ ︽ᠶᠡᠭᠡ ᠬᠡᠯᠬᠢ᠊ ᠡᠶ᠎ᠡ︾ ᠠᠴᠠ ᠡᠷᠦᠬᠡ ᠬᠤᠪᠢᠶᠠᠨ ᠡᠵᠡᠮᠳᠡᠬᠦ ᠪᠣᠯᠭᠠᠨ | ᠥᠭᠡᠷᠡᠴᠢᠯᠡᠵᠦ᠂ ᠬᠡᠷᠡᠭᠯᠡᠭᠴᠢᠳ ᠨᠡᠭᠡᠭᠡᠯᠭᠡ ᠶᠢ ᠴᠠᠭ ᠢᠮᠠᠭᠲᠠ ᠬᠠᠭᠠᠵᠤ᠂ ᠭᠡᠷ ᠳᠣᠲᠣᠷᠠᠬᠢ ᠳᠤᠯᠠᠭᠠᠨ ᠤ | ᠬᠡᠮᠵᠢᠶ᠎ᠡ ᠶᠢ ᠰᠡᠯᠪᠢᠨ ᠵᠠᠰᠠᠬᠤ ᠪᠤᠶᠤ ᠲᠣᠬᠢᠷᠠᠭᠤᠯᠵᠤ᠂ ᠪᠤᠰᠤᠳ ᠬᠡᠷᠡᠭᠯᠡᠭᠴᠢᠳ ᠲᠤ ᠨᠥᠯᠥᠭᠡ ᠪᠣᠯᠬᠤ ᠦᠭᠡᠢ᠃ | ᠡᠭᠦᠨ ᠤ ᠬᠠᠮᠲᠤ᠂ ᠠᠰᠠᠷ ᠤᠨ ᠰᠠᠭᠤᠷᠢ ᠬᠤᠭᠤᠯᠠᠶ ᠶᠢ ᠴᠥᠮ ᠴᠠᠶᠢᠷ ᠢᠶᠠᠷ ᠥᠩᠭᠡᠯᠡᠭᠰᠡᠨ ᠪᠣᠯᠣᠳ ᠬᠤᠭᠤᠯᠠᠶ ᠪᠠᠷ | ᠰᠣᠯᠢᠵᠤ᠂ ᠠᠵᠢᠯᠴᠢᠳ ᠬᠤᠭᠤᠯᠠᠶ ᠶᠢ ᠱᠦᠷᠭᠦᠵᠦ ᠢᠳᠡᠭᠳᠡᠭᠦᠯᠬᠦ ᠠᠴᠠ ᠰᠡᠷᠭᠡᠶᠢᠯᠡᠬᠦ ᠳᠠᠪᠬᠤᠷᠭ᠎ᠠ ᠪᠣᠯᠭᠠᠵᠤ᠂ | ᠳᠤᠯᠠᠭᠠᠨ ᠬᠥᠪᠥᠩ ᠢ ᠨᠡᠮᠡᠵᠦ᠂ ᠬᠤᠭᠤᠯᠠᠶ ᠶᠢᠨ ᠢᠳᠡᠭᠳᠡᠬᠦ ᠪᠤᠶᠤ ᠬᠥᠯᠳᠡᠵᠦ ᠬᠠᠭᠠᠷᠠᠬᠤ ᠠᠴᠠ ᠰᠡᠷᠭᠡᠶᠢᠯᠡᠬᠦ | ᠮᠥᠷᠲᠡᠭᠡᠨ ᠴᠠᠶᠢᠷ ᠢᠶᠠᠷ ᠥᠩᠭᠡᠯᠡᠭᠰᠡᠨ ᠪᠣᠯᠣᠳ ᠬᠤᠭᠤᠯᠠᠶ ᠶᠢᠨ ᠲᠤᠰ ᠪᠡᠶ᠎ᠡ ᠨᠢ ᠢᠳᠡᠭᠳᠡᠯ ᠳᠤ ᠳᠠᠭᠠᠭᠠᠮᠠᠭᠠᠶ᠂ | ᠥᠨᠳᠥᠷ ᠬᠠᠯᠠᠭᠤᠨ ᠳᠤ ᠲᠡᠰᠪᠦᠷᠢᠲᠡᠶ ᠵᠡᠷᠭᠡ ᠣᠨᠴᠠᠯᠢᠭ ᠲᠠᠢ ᠪᠠᠶᠢᠵᠤ᠂ ᠬᠡᠷᠡᠭᠯᠡᠬᠦ ᠠᠮᠢ ᠨᠠᠰᠤ ᠶᠢ ᠪᠦᠲᠦᠮᠵᠢᠲᠡᠶ | ᠤᠷᠲᠤᠳᠬᠠᠵᠤ ᠴᠢᠳᠠᠨ᠎ᠠ᠃ | ᠵᠠᠮ ᠬᠠᠷᠢᠯᠴᠠᠭᠠᠨ ᠤ ᠴᠠᠭᠳᠠᠭ᠎ᠠ ᠶᠢᠨ ᠶᠤᠸᠠᠨ ᠲᠣᠭᠤᠷᠢᠭ ᠤᠨ ᠰᠠᠭᠤᠭᠠᠯᠢ ᠠᠷᠠᠳ ᠤᠨ ᠲᠣᠭᠤᠷᠢᠭ ᠤᠨ | ᠰᠠᠭᠤᠭᠠᠯᠢ ᠠᠷᠠᠳ ᠸᠠᠩ ᠰᠢᠤ ᠶᠢᠩ᠄ ︽ᠡᠨᠡ ᠤᠳᠠᠭ᠎ᠠ ᠶᠢᠨ ᠪᠠᠷᠢᠯᠭ᠎ᠠ ᠶᠢᠨ ᠮᠠᠲ᠋ᠧᠷᠢᠶᠠᠯ ᠠᠴᠠ ᠬᠥᠮᠦᠨ ᠤ ᠬᠦᠴᠦ | ᠬᠦᠷᠲᠡᠯ᠎ᠡ ᠴᠥᠮ ᠨᠡᠯᠢᠶᠡᠳ ᠪᠣᠳᠠᠲᠠᠶᠢᠵᠢᠭᠰᠠᠨ ᠪᠥᠭᠡᠳ ᠬᠤᠷᠳᠤᠴᠠ ᠨᠢ ᠮᠠᠰᠢ ᠲᠦᠷᠭᠡᠨ ᠪᠠᠶᠢᠨ᠎ᠠ᠃ ᠪᠠᠷᠢᠯᠭ᠎ᠠ ᠶᠢᠨ | ᠠᠵᠢᠯ ᠬᠢᠭᠰᠡᠨ ᠤ ᠳᠠᠷᠠᠭ᠎ᠠ ᠪᠠᠰᠠ ᠠᠰᠠᠷ ᠤᠨ ᠵᠠᠮ ᠢ ᠪᠦᠷ ᠴᠡᠪᠡᠷᠯᠡᠨ ᠴᠡᠪᠡᠷᠯᠡᠵᠦ᠂ ᠨᠡᠭᠡᠯᠡᠬᠡᠶ ᠠᠮᠤᠷ ᠲᠦᠪᠰᠢᠨ | ᠪᠣᠯᠪᠠᠯ ᠤᠰᠤ ᠨᠡᠪᠲᠡᠷᠡᠵᠦ᠂ ᠠᠰᠠᠭᠤᠳᠠᠯ ᠪᠠᠶᠢᠪᠠᠯ ᠴᠠᠭ ᠲᠤᠬᠠᠶ ᠳᠤᠨᠢ ᠰᠢᠢᠳᠪᠦᠷᠢᠯᠡᠬᠦ ᠪᠣᠯᠤᠨ᠎ᠠ᠂ ᠪᠢᠳᠡ ᠮᠠᠰᠢ | ᠰᠡᠳᠬᠢᠯ ᠬᠠᠨᠤᠮᠵᠢᠲᠠᠶ ᠪᠠᠶᠢᠨ᠎ᠠ︾ ᠬᠡᠵᠡᠢ᠃ | ᠡᠨᠡ ᠵᠢᠯ᠂ ᠵᠦᠸᠧᠽᠢ ᠰᠢᠶᠠᠨ ᠨᠢᠭᠡᠳᠦᠭᠡᠷ ᠳᠡᠰ ᠤᠨ ᠢᠯᠴᠢ ᠬᠠᠩᠭᠠᠬᠤ ᠬᠤᠭᠤᠯᠠᠶ ᠶᠢᠨ ᠲᠣᠤᠷ ᠢ 2.02 | ᠺᠢᠯᠣᠮᠧᠳ᠋ᠷ ᠥᠭᠡᠷᠡᠴᠢᠯᠡᠭᠦᠯᠬᠦ ᠪᠠᠷ ᠲᠥᠯᠥᠪᠯᠡᠵᠦ᠂ ᠠᠰᠠᠷ ᠤᠨ ᠰᠠᠭᠤᠷᠢ ᠶᠢᠨ ᠪᠠᠶᠢᠭᠤᠯᠤᠭᠰᠠᠨ ᠬᠤᠭᠤᠯᠠᠶ ᠶᠢ 16 | ᠺᠢᠯᠣᠮᠧᠳ᠋ᠷ ᠥᠭᠡᠷᠡᠴᠢᠯᠡᠵᠦ᠂ 17 ᠪᠠᠭ᠎ᠠ ᠲᠣᠭᠤᠷᠢᠭ ᠤᠨ ᠬᠤᠶᠠᠳᠠᠬᠢ ᠤᠳᠠᠭᠠᠨ ᠤ ᠢᠯᠴᠢ ᠬᠠᠩᠭᠠᠬᠤ | ᠬᠤᠭᠤᠯᠠᠶ ᠶᠢᠨ ᠲᠣᠤᠷ ᠵᠢᠴᠢ ᠬᠦᠷᠢᠶᠡᠨ ᠤ ᠬᠤᠭᠤᠯᠠᠶ ᠶᠢᠨ ᠲᠣᠤᠷ ᠢ 12.5 ᠺᠢᠯᠣᠮᠧᠳ᠋ᠷ ᠥᠭᠡᠷᠡᠴᠢᠯᠡᠨ᠎ᠡ᠃ | ᠣᠳᠣᠬᠠᠨ ᠳᠤ᠂ ᠡᠯ᠎ᠡ ᠵᠦᠢᠯ ᠤᠨ ᠠᠵᠢᠯ ᠢ ᠶᠠᠭ ᠪᠥᠬᠦ ᠲᠠᠯ᠎ᠠ ᠪᠠᠷ ᠡᠮᠬᠢ ᠵᠢᠷᠤᠮ ᠲᠠᠢ ᠠᠬᠢᠭᠤᠯᠵᠤ ᠪᠠᠶᠢᠨ᠎ᠠ᠂ | ᠵᠢᠱᠢᠯᠲᠡ ᠪᠠᠷ 9 ᠰᠠᠷ᠎ᠠ ᠶᠢᠨ ᠰᠡᠭᠦᠯᠴᠢ ᠪᠠᠷ ᠪᠦᠬᠦᠨ ᠢ ᠳᠠᠭᠤᠰᠬᠠᠵᠤ᠂ ᠣᠯᠠᠨ ᠲᠦᠮᠡᠨ ᠤ ᠲᠠᠷᠠᠭᠠᠴᠢ ᠶᠢᠨ | ᠳᠤᠯᠠᠭᠠᠯᠠᠭ᠎ᠠ ᠶᠢᠨ ᠤᠯᠠᠷᠢᠯ ᠬᠦᠷᠴᠦ ᠢᠷᠡᠬᠦ ᠦᠶ᠎ᠡ ᠳᠤ ︽ᠳᠤᠯᠠᠭᠠᠨ ᠢᠨᠵᠧᠨᠧᠷᠢᠩ︾ ᠠᠴᠠ ᠪᠣᠯᠤᠭᠰᠠᠨ ᠢᠯᠡᠳᠲᠡ | ᠬᠤᠪᠢᠷᠠᠯᠲᠠ ᠶᠢ ᠦᠨᠡᠨ ᠬᠦ ᠪᠠᠲᠤᠯᠠᠬᠤ ᠶᠢ ᠦᠨᠡᠨ ᠬᠦ ᠪᠠᠲᠤᠯᠠᠨ᠎ᠠ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |