ᠨᠠᠮᠤᠷ ᠤᠨ ᠡᠬᠢᠨ ᠳᠤ ᠥᠪᠡᠳᠡᠭᠱᠢ ᠴᠤᠭᠯᠠᠷ ᠠᠨ᠎ᠠ᠃ 8 ᠰᠠᠷ᠎ᠠ ᠶᠢᠨ 9 ᠤ ᠤᠷᠤᠢ᠂ ︽ᠤᠯᠠᠭᠠᠨᠴᠠᠪ ᠤᠨ | ᠤᠤᠯ ᠠᠮᠲᠠ ᠶᠢᠨ ᠵᠠᠮ︾ ᠵᠦᠸᠧᠽᠢ ᠰᠢᠶᠠᠨ ᠤ ᠬᠤᠶᠠᠳᠤᠭᠠᠷ ᠬᠤᠭᠤᠴᠠᠭᠠᠨ ᠤ ᠤᠲᠤᠮᠠᠯ ᠲᠠᠬᠢᠶᠠᠨ ᠤ ᠰᠣᠶᠣᠯ | ᠵᠢᠭᠤᠯᠴᠢᠯᠠᠯ ᠤᠨ ᠨᠠᠶᠢᠷ ᠤᠨ ᠡᠬᠢᠯᠡᠯᠲᠡ ᠶᠢᠨ ᠶᠣᠰᠣᠯᠠᠯ ᠤᠨ ᠤᠷᠠᠨ ᠰᠠᠶᠢᠬᠠᠨ ᠤ ᠦᠳᠡᠰᠢᠯᠡᠭᠡ ᠵᠦᠸᠧᠽᠢ ᠱᠠᠨ | ᠪᠠᠯᠭᠠᠰᠤᠨ ᠤ ᠪᠢᠨ ᠾᠧ ᠵᠠᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ | | | | ᠦᠳᠡᠰᠢᠯᠡᠭᠡ ᠶᠢᠨ ᠲᠤᠬᠠᠶ ᠶᠢᠨ ᠲᠠᠯᠠᠪᠠᠶ ᠳᠤ ᠥᠩᠭᠡᠲᠦ ᠳ᠋ᠧᠩ ᠳᠤᠸᠠᠯᠠᠵᠤ᠂ ᠬᠥᠮᠦᠰ ᠨᠠᠰᠢ ᠴᠠᠰᠢ | ᠰᠦᠯᠵᠢᠯᠳᠦᠨ᠎ᠡ᠃ ᠡᠬᠢᠯᠡᠯᠲᠡ ᠶᠢᠨ ᠲᠤᠮᠤ ᠬᠡᠯᠪᠡᠷᠢ ᠶᠢᠨ ᠪᠥᠵᠢᠭ ︽ᠡᠷᠡᠭᠴᠢᠨ ᠳᠠᠬᠢᠶ᠎ᠠ ᠶᠢ ᠬᠠᠩᠭᠢᠨᠠᠭᠤᠯᠤᠮᠠᠭᠴᠠ | ᠲᠤᠷᠤᠨ᠎ᠠ ᠶᠢᠨ ᠦᠵᠡᠮᠵᠢ︾ ᠭᠡᠬᠦ ᠪᠥᠵᠢᠭ ᠨᠢ ᠶᠡᠷᠦ ᠪᠤᠰᠤ ᠶᠢᠨ ᠬᠠᠷᠠᠭ᠎ᠠ ᠲᠠᠢ᠂ ᠵᠦᠸᠧᠽᠢ ᠶᠢᠨ ᠤᠲᠤᠮᠠᠯ | ᠲᠠᠬᠢᠶ᠎ᠠ ᠶᠢᠨ ᠠᠵᠤ ᠦᠢᠯᠡᠰ ᠤᠨ ᠥᠷᠨᠢᠨ ᠬᠥᠭᠵᠢᠵᠦ᠂ ᠡᠳᠦᠷ ᠠᠴᠠ ᠡᠳᠦᠷ ᠥᠭᠡᠳᠡᠯᠡᠨ ᠰᠠᠶᠢᠵᠢᠷᠠᠭᠰᠠᠨ | ᠪᠠᠶᠢᠳᠠᠯ ᠢ ᠢᠯᠡᠷᠡᠭᠦᠯᠪᠡ᠃ ᠡᠬᠢᠯᠡᠯᠲᠡ ᠶᠢᠨ ᠶᠣᠰᠣᠯᠠᠯ ᠤᠨ ᠤᠷᠠᠨ ᠰᠠᠶᠢᠬᠠᠨ ᠤ ᠦᠳᠡᠰᠢᠯᠡᠭᠡ ᠶᠢ ︽ᠦᠨᠳᠦᠰᠦ | ᠡᠷᠢᠬᠦ︾᠂ ︽ᠮᠥᠷᠥᠭᠡᠳᠦᠯ︾᠂ ︽ᠬᠦᠰᠡᠯ ᠵᠡᠭᠦᠳᠦ ᠪᠠᠨ ᠡᠷᠢᠯᠬᠢᠯᠡᠬᠦ︾ ᠭᠡᠬᠦ ᠭᠤᠷᠪᠠᠨ ᠪᠦᠯᠦᠭ ᠬᠤᠪᠢᠶᠠᠵᠤ᠂ | ᠣᠷᠣᠨ ᠤ ᠳᠣᠲᠣᠨ᠎ᠠ ᠭᠠᠳᠠᠨᠠᠬᠢ ᠮᠠᠰᠢ ᠤᠯᠠᠨ ᠨᠡᠷᠡᠳᠦ ᠳᠠᠭᠤᠴᠢᠨ ᠪᠠ ᠤᠷᠠᠯᠢᠭᠴᠢᠳ ᠲᠠᠯᠠᠪᠠᠢ ᠳᠤ ᠭᠠᠷᠴᠤ | ᠤᠷᠠᠯᠢᠭ ᠡᠷᠭᠦᠵᠦ᠂ ᠵᠦᠸᠧᠽᠢ ᠰᠢᠶᠠᠨ ᠤ ᠬᠤᠶᠠᠳᠤᠭᠠᠷ ᠬᠤᠭᠤᠴᠠᠭᠠᠨ ᠤ ᠤᠲᠤᠮᠠᠯ ᠲᠠᠬᠢᠶᠠᠨ ᠤ ᠰᠣᠶᠣᠯ | ᠵᠤᠭᠠᠴᠠᠯ ᠤᠨ ᠨᠠᠶᠢᠷ ᠲᠤ ᠦᠩᠭᠡ ᠭᠡᠷᠡᠯ ᠨᠡᠮᠡᠷᠢᠯᠡᠪᠡ᠃ ᠦᠵᠡᠭᠳᠡᠯᠲᠦ ᠳᠠᠭᠤᠤ ᠵᠢᠷᠤᠭ ᠤᠨ ︽ᠦᠨᠦᠷ ᠠᠮᠲᠠ ᠨᠢ | ᠵᠠᠭᠤᠨ ᠵᠢᠯ︾ ᠢ ᠵᠦᠸᠧᠽᠢ ᠶᠢᠨ ᠤᠷᠠᠨ ᠪᠢᠴᠢᠯᠭᠡ ᠤᠷᠠᠨ ᠵᠢᠷᠤᠭ ᠲᠤ ᠪᠠᠭ᠋ᠠᠲᠠᠶ ᠬᠥᠮᠦᠰ ᠲᠤᠬᠠᠶ ᠶᠢᠨ ᠲᠠᠯᠠᠪᠤᠷ ᠲᠤ | ᠪᠢᠷ ᠪᠠᠷᠢᠵᠤ ᠵᠢᠷᠤᠭᠯᠠᠵᠤ᠂ ᠵᠦᠸᠧᠽᠢ ᠶᠢᠨ ᠭᠦᠨ ᠵᠤᠵᠠᠭᠠᠨ ᠤᠳᠬ᠎ᠠ ᠵᠣᠬᠢᠶᠠᠯ ᠤᠨ ᠰᠠᠭᠤᠷᠢ ᠪᠠ ᠭᠡᠷᠡᠯ | ᠰᠠᠴᠤᠷᠠᠩᠭᠤᠶ ᠤᠲᠤᠮᠠᠯ ᠲᠠᠬᠢᠶᠠᠨ ᠤ ᠰᠣᠶᠣᠯ ᠢ ᠳᠡᠯᠭᠡᠨ ᠦᠵᠡᠭᠦᠯᠪᠡ᠃ ᠠᠯᠳᠠᠷᠲᠤ ᠳᠠᠭᠤᠴᠢ ᠶᠦᠨ ᠹᠸᠢ ᠭᠦᠨ | ᠰᠡᠳᠬᠢᠯᠭᠡ ᠲᠠᠢ ᠪᠠᠷ ᠳᠠᠭᠤᠯᠠᠵᠤ᠂ ᠦᠳᠡᠰᠢᠯᠡᠭᠡ ᠶᠢᠨ ᠠᠭᠤᠷ ᠠᠮᠢᠰᠬᠤᠯ ᠢ ᠣᠷᠭᠢᠯ ᠳᠤ ᠨᠢ ᠬᠦᠷᠭᠡᠪᠡ᠃ | ᠳᠠᠭᠤᠴᠢᠨ ᠤᠷᠠᠨ ᠨᠠᠷᠢᠯᠢᠭ ᠤᠷ᠎ᠠ ᠮᠡᠷᠭᠡᠵᠢᠯ ᠪᠣᠯᠤᠨ ᠭᠦᠨ ᠵᠤᠵᠠᠭᠠᠨ ᠬᠠᠶᠢᠷ᠎ᠠ ᠰᠡᠳᠭᠢᠯᠭᠡ ᠶᠢᠨ ᠲᠣᠭᠯᠠᠯᠲᠠ ᠨᠢ | ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠪᠣᠯᠤᠨ ᠮᠠᠭᠲᠠᠭᠠᠯ ᠰᠠᠶᠢᠰᠢᠶᠠᠯ ᠢ | ᠤᠯᠪᠠ᠃ ᠡᠬᠢᠯᠡᠯᠲᠡ ᠶᠢᠨ ᠶᠣᠰᠣᠯᠠᠯ ᠤᠨ ᠤᠷᠠᠨ ᠰᠠᠶᠢᠬᠠᠨ ᠤ ᠦᠳᠡᠰᠢᠯᠡᠭᠡ ︽ᠳᠤᠮᠳᠠᠳᠤ ᠶᠢᠨ ᠭᠠᠷ ᠭᠠᠷ ᠢᠶᠠᠨ | ᠬᠤᠯᠪᠤᠯᠴᠠᠭᠰᠠᠨ ᠨᠢ︾ ᠭᠡᠬᠦ ᠢᠷᠠᠭᠤ ᠨᠠᠶᠢᠷᠠᠭ ᠤᠨ ᠠᠶᠠᠰ ᠳᠤᠮᠳᠠ ᠲᠡᠭᠦᠰ ᠠᠮᠵᠢᠯᠲᠠ ᠲᠠᠢ ᠥᠨᠳᠥᠷᠯᠡᠪᠡ᠃ | | | | | | ᠨᠠᠮᠤᠷ ᠤᠨ ᠰᠡᠭᠦᠯᠴᠢ ᠶᠢᠨ ᠦᠳᠡᠰᠢ ᠶᠢᠨ ᠲᠤᠶᠠᠭᠠᠨ᠂ ᠤᠳᠬ᠎ᠠ ᠤᠷᠠᠯᠢᠭ ᠤᠨ ᠲᠠᠪᠴᠠᠩ ᠥᠩᠭᠡ ᠢᠯᠭᠠᠷᠠᠵᠤ | ᠪᠠᠶᠢᠯ᠎ᠠ᠃ ᠪᠦᠬᠦ᠋ᠢᠯᠡ ᠲᠣᠭᠯᠠᠯᠲᠠ ᠨᠢ ᠭᠤᠶᠢᠳᠠ ᠰᠠᠶᠢᠬᠠᠨ ᠪᠠᠶᠢᠵᠤ᠂ ᠰᠣᠶᠣᠯ ᠤᠨ ᠠᠭᠤᠯᠤᠭᠳᠠᠬᠤᠨ ᠡᠯᠪᠡᠭ | ᠪᠠᠶᠠᠯᠢᠭ ᠪᠠᠶᠢᠵᠤ᠂ ᠰᠢᠨ᠎ᠡ ᠶᠢ ᠡᠭᠦᠳᠬᠦ ᠴᠢᠨᠠᠷ᠂ ᠰᠣᠨᠢᠷᠬᠠᠬᠤ ᠴᠢᠨᠠᠷ᠂ ᠣᠷᠣᠯᠴᠠᠬᠤ ᠴᠢᠨᠠᠷ ᠢ ᠨᠢᠭᠡ ᠴᠣᠭᠴᠠ | ᠪᠣᠯᠭᠠᠵᠤ᠂ ︽ᠤᠯᠠᠭᠠᠨᠴᠠᠪ ᠤᠨ ᠤᠤᠯ ᠠᠮᠲᠠ ᠶᠢᠨ ᠵᠠᠮ︾ ᠵᠦᠸᠧᠽᠢ ᠰᠢᠶᠠᠨ ᠤ ᠬᠤᠶᠠᠳᠤᠭᠠᠷ ᠬᠤᠭᠤᠴᠠᠭᠠᠨ ᠤ | ᠤᠲᠤᠮᠠᠯ ᠲᠠᠬᠢᠶᠠᠨ ᠤ ᠰᠣᠶᠣᠯ ᠵᠢᠭᠤᠯᠴᠢᠯᠠᠯ ᠤᠨ ᠨᠠᠶᠢᠷ ᠲᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃ | | ᠤᠷᠴᠢᠭᠤᠯᠤᠭᠴᠢ ᠨᠠᠶᠢᠷᠠᠭᠤᠯᠤᠭᠴᠢ ᠪᠠᠶᠠᠨᠪᠠᠲᠦ |