ᠵᠦᠸᠧᠽᠢ ᠰᠢᠶᠠᠨ ᠤ ᠬᠠᠯᠠᠭᠠᠶᠢᠲᠤ ᠲᠣᠰᠬᠤᠨ᠄ ᠪᠡᠶ᠎ᠡ ᠤᠬᠢᠶᠠᠬᠤ ᠭᠠᠵᠠᠷ ᠨᠢ ᠲᠣᠰᠬᠤᠨ ᠤ ᠠᠷᠠᠳ ᠢ ᠦᠨ᠎ᠡ ᠲᠥᠯᠥᠪᠦᠷᠢ ᠦᠭᠡᠢ ᠪᠠᠷ ᠤᠬᠢᠶᠠᠵᠤ ᠪᠠᠶᠢᠨ᠎ᠠ
ᠨᠡᠶᠢᠲᠡᠯᠡᠭᠰᠡᠨ ᠴᠠᠭ᠄
2024/8/20
    ᠣᠶᠢᠷ᠎ᠠ ᠳᠤ᠂ ᠵᠦᠸᠧᠽᠢ ᠰᠢᠶᠠᠨ ᠤ ᠱᠢ ᠪᠠ ᠲᠠᠢ ᠪᠠᠯᠭᠠᠰᠤᠨ ᠤ ᠬᠠᠯᠠᠭᠠᠶᠢᠲᠤ ᠲᠣᠰᠬᠤᠨ ᠤ ᠠᠷᠠᠳ ᠤᠨ ᠵᠥᠪᠯᠡᠯ ᠤᠨ ᠬᠠᠵᠠᠭᠤ ᠳᠤ᠂ ᠳᠤᠮᠳᠠᠳᠤ ᠤᠯᠤᠰ ᠤᠨ ᠳᠠᠯᠠᠢ ᠶᠢᠨ ᠲᠣᠰᠣᠨ ᠤ ᠲᠤᠰᠠᠯᠠᠨ ᠪᠠᠶᠢᠭᠤᠯᠤᠭᠰᠠᠨ ᠣᠯᠠᠨ ᠨᠡᠶᠢᠲᠡ ᠶᠢᠨ ᠪᠡᠶ᠎ᠡ ᠤᠬᠢᠶᠠᠬᠤ ᠲᠠᠰᠤᠭ ᠢ ᠪᠠᠶᠢᠭᠤᠯᠤᠭᠰᠠᠨ ᠪᠥᠭᠡᠳ ᠲᠣᠰᠬᠤᠨ ᠤ ᠠᠷᠠᠳ ᠲᠤ ᠠᠯᠪᠠᠨ ᠶᠣᠰᠣᠭᠠᠷ ᠦᠨ᠎ᠡ ᠲᠥᠯᠥᠪᠦᠷᠢ ᠦᠭᠡᠢ ᠪᠠᠷ ᠨᠡᠭᠡᠭᠡᠪᠡ᠃ ᠠᠳᠡ ᠬᠡᠳᠦᠨ ᠠᠷᠪᠠᠨ ᠵᠢᠯ ᠠᠮᠢᠳᠤᠷᠠᠵᠤ ᠪᠠᠶᠢᠭ᠎ᠠ ᠲᠣᠰᠬᠤᠨ ᠤ ᠠᠷᠠᠳ ᠠᠩᠬ᠎ᠠ ᠤᠳᠠᠭ᠎ᠠ ᠭᠡᠷ ᠤᠨ ᠡᠭᠦᠳᠡᠨ ᠳᠤ ᠠᠭᠤᠳᠠᠮ ᠪᠥᠭᠡᠳ ᠲᠠᠭᠠᠯᠠᠮᠵᠢᠲᠠᠶ᠂ ᠴᠡᠪᠡᠷ ᠲᠡᠭᠰᠢ ᠳᠥᠭᠦᠮ ᠳᠥᠲᠡ ᠪᠡᠶ᠎ᠡ ᠤᠬᠢᠶᠠᠬᠤ ᠣᠷᠴᠢᠨ ᠲᠣᠭᠤᠷᠢᠨ ᠢ ᠪᠡᠶᠡᠴᠢᠯᠡᠨ ᠣᠶᠢᠯᠠᠭᠠᠪᠠ᠃    ᠤᠤᠯ ᠨᠢ ᠲᠣᠰᠬᠤᠨ ᠤ ᠬᠥᠮᠦᠰ ᠪᠡᠶ᠎ᠡ ᠪᠠᠨ ᠤᠬᠢᠶᠠᠬᠤ ᠨᠢ ᠮᠠᠰᠢ ᠳᠥᠭᠦᠮ ᠦᠭᠡᠢ᠂ ᠪᠡᠶ᠎ᠡ ᠪᠠᠨ ᠤᠭᠢᠶᠠᠬᠤ ᠭᠡᠪᠡᠯ ᠪᠠᠰᠠ ᠬᠤᠲᠠ ᠶᠢᠨ ᠵᠦᠭ ᠭᠦᠶᠦᠳᠡᠭ᠃ ᠣᠳᠣ ᠲᠣᠰᠬᠤᠨ ᠳᠤ ᠨᠡᠶᠢᠲᠡ ᠶᠢᠨ ᠤᠬᠢᠶᠠᠯᠭ᠎ᠠ ᠶᠢᠨ ᠭᠡᠷ ᠭᠠᠷᠭᠠᠵᠤ᠂ ᠭᠡᠷ ᠤᠨ ᠡᠭᠦᠳᠡᠨ ᠳᠤ ᠪᠡᠶ᠎ᠡ ᠤᠬᠢᠶᠠᠵᠤ ᠳᠡᠶᠢᠯᠬᠦ ᠦᠭᠡᠢ᠂ ᠢᠯᠠᠩᠭᠤᠶ᠎ᠠ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠳ ᠲᠤ ᠠᠪᠴᠤ ᠬᠡᠯᠡᠪᠡᠯ ᠦᠨᠡᠬᠡᠷ ᠳᠥᠭᠦᠮ ᠦᠭᠡᠢ︾ ᠭᠡᠪᠡ᠃ ᠬᠠᠯᠠᠭᠠᠶᠢᠲᠤ ᠲᠣᠰᠬᠤᠨ ᠤ ᠠᠷᠠᠳ ᠵᠡᠦ ᠶᠦᠩ ᠰᠢᠶᠠ ᠠᠮᠠ ᠬᠠᠮᠲᠠᠷᠠᠬᠤ ‍ᠦᠭᠡᠢ᠃    ᠲᠣᠰᠬᠤᠨ ᠳᠤ ᠪᠡᠶ᠎ᠡ ᠪᠠᠨ ᠤᠭᠢᠶᠠᠬᠤ ᠲᠠᠩᠬᠢᠮ ᠲᠠᠢ᠂ ᠰᠡᠳᠬᠢᠯ ᠳᠡᠭᠡᠨ ᠳᠤᠯᠠᠭᠠᠨ᠃ ᠬᠠᠯᠢᠲᠤ ᠲᠣᠰᠬᠤᠨ ᠤ ᠣᠯᠠᠨ ᠨᠡᠶᠢᠲᠡ ᠶᠢᠨ ᠤᠬᠢᠶᠠᠯᠭ᠎ᠠ ᠶᠢᠨ ᠲᠠᠰᠤᠭ ᠨᠢ ᠲᠣᠰᠬᠤᠨ ᠤ ᠠᠷᠠᠳ ᠤᠨ ᠪᠡᠶ᠎ᠡ ᠤᠬᠢᠶᠠᠬᠤ ᠳᠤ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠥᠬᠡᠶ᠂ ᠪᠠᠰᠠ ᠲᠣᠰᠬᠤᠨ ᠤ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠳᠠᠳᠬᠠᠯ ᠲᠠᠢ ᠪᠣᠯᠭᠠᠵᠤ᠂ ᠭᠤᠶᠣ ᠰᠠᠶᠢᠬᠠᠨ ᠬᠥᠳᠡᠭᠡ ᠲᠣᠰᠬᠤᠨ ᠳᠤ ᠵᠣᠯ ᠵᠢᠷᠭᠠᠯ ᠤᠨ ᠰᠠᠭᠤᠷᠢ ᠥᠩᠭᠡ ᠨᠡᠮᠡᠷᠢᠯᠡᠭᠰᠡᠨ ᠪᠠᠶᠢᠨ᠎ᠠ᠃     ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2