ᠵᠦᠸᠧᠽᠢ ᠰᠢᠶᠠᠨ ᠤ ᠪᠠᠶᠠᠨᠰᠢᠯᠢ ᠪᠠᠯᠭᠠᠰᠤ᠄ ᠡᠪᠳᠡᠭᠳᠡᠭᠰᠡᠨ ᠵᠠᠮ ᠤᠨ ᠵᠠᠮ ᠢ ᠰᠡᠯᠪᠢᠨ ᠵᠠᠰᠠᠵᠤ ᠠᠷᠠᠳ ᠣᠯᠠᠨ ᠤ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠪᠡ
ᠨᠡᠶᠢᠲᠡᠯᠡᠭᠰᠡᠨ ᠴᠠᠭ᠄
2024/8/20
    ᠣᠶᠢᠷ᠎ᠠ ᠳᠤ᠂ ᠣᠳᠣᠬᠠᠨ ᠤ ᠦᠶᠡᠷ ᠢ ᠰᠡᠷᠭᠡᠶᠢᠯᠡᠬᠦ ᠪᠠᠶᠢᠳᠠᠯ ᠳᠤ ᠴᠢᠭᠯᠡᠭᠦᠯᠦᠨ᠂ ᠵᠦᠸᠧᠽᠢ ᠰᠢᠶᠠᠨ ᠤ ᠪᠠᠶᠠᠨᠰᠢᠯᠢ ᠪᠠᠯᠭᠠᠰᠤᠨ ᠤ ᠵᠤᠤ ᠮᠢᠶᠣᠣ ᠲᠣᠰᠬᠤᠨ ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷ᠎ᠠ᠂ ᠮᠠᠰᠢᠨ ᠮᠧᠬᠠᠨᠢᠭ᠂ ᠬᠥᠮᠦᠨ ᠤ ᠬᠦᠴᠦ ᠪᠠᠷ ᠲᠣᠰᠬᠤᠨ ᠤ ᠳᠣᠲᠣᠷᠠᠬᠢ ᠡᠪᠳᠡᠭᠳᠡᠭᠰᠡᠨ ᠵᠠᠮ᠂ ᠭᠤᠣᠯ ᠤᠨ ᠵᠠᠮ ᠢ ᠰᠡᠯᠪᠢᠨ ᠵᠠᠰᠠᠬᠤ ᠠᠵᠢᠯ ᠢ ᠦᠳᠲᠡᠷ ᠲᠦᠷᠭᠡᠨ ᠬᠢᠵᠦ᠂ ᠦᠶᠡᠷ ᠢ ᠰᠡᠷᠭᠡᠶᠢᠯᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠣᠯᠠᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠰᠠᠭᠠᠳ ᠦᠭᠡᠢ ᠨᠡᠪᠲᠡᠷᠡᠬᠦ᠂ ᠲᠠᠷᠢᠶᠠᠯᠠᠩ ᠤᠨ ᠦᠢᠯᠡᠳᠪᠦᠷᠢᠯᠡᠯ ᠤᠨ ᠠᠵᠢᠯᠯᠠᠭ᠎ᠠ ᠶᠢᠨ ᠬᠡᠪ ᠤᠨ ᠶᠣᠰᠣᠭᠠᠷ ᠥᠷᠨᠢᠬᠦ ᠶᠢ ᠦᠨᠡᠨᠬᠦ ᠪᠠᠲᠤᠯᠠᠪᠠ᠃    ᠪᠠᠷᠢᠯᠭ᠎ᠠ ᠶᠢᠨ ᠲᠤᠬᠠᠶ ᠶᠢᠨ ᠲᠠᠯᠠᠪᠠᠢ ᠳᠤ᠂ ᠠᠵᠢᠯᠴᠢᠳ ᠥᠨᠳᠥᠷ ᠬᠠᠯᠠᠭᠤᠨ ᠪᠤᠯᠵᠤ᠂ ᠪᠠᠷᠢᠯᠭ᠎ᠠ ᠶᠢᠨ ᠲᠥᠯᠥᠪᠯᠡᠭᠡ ᠶᠣᠰᠣᠭᠠᠷ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠱᠦᠢᠨᠢ ᠨᠠᠭᠠᠵᠤ᠂ ᠴᠢᠯᠠᠭᠤ ᠨᠡᠭᠦᠯᠭᠡᠵᠦ᠂ ᠲᠡᠮᠦᠷ ᠲᠣᠣᠷ ᠨᠡᠬᠡᠵᠦ᠂ ᠶᠠᠭᠠᠷᠠᠯᠲᠠᠢ ᠡᠮᠬᠢ ᠵᠢᠷᠤᠮ ᠲᠠᠢ ᠠᠵᠢᠯᠯᠠᠬᠤ ᠦᠵᠡᠭᠳᠡᠯ ᠪᠠᠶᠢᠯ᠎ᠠ᠃ ᠣᠶᠢᠯᠠᠭᠠᠭᠰᠠᠨ ᠢᠶᠠᠷ᠂ ᠲᠣᠰ ᠤᠳᠠᠭ᠎ᠠ ᠡᠪᠳᠡᠭᠳᠡᠭᠰᠡᠨ ᠵᠠᠮ ᠤᠨ ᠭᠠᠳᠠᠷᠭᠤ᠂ ᠭᠤᠤᠯ ᠤᠨ ᠵᠠᠮ ᠤᠨ ᠣᠷᠳᠣ ᠨᠢ ᠨᠡᠶᠢᠲᠡ 780 ᠮᠧᠳ᠋ᠷ᠂ ᠰᠡᠯᠪᠢᠨ ᠵᠠᠰᠠᠬᠤ ᠵᠠᠷᠤᠳᠠᠯ ᠨᠢ ᠲᠦᠮᠡ ᠰᠢᠬᠠᠮ ᠲᠥᠭᠦᠷᠢᠭ ᠪᠠᠶᠢᠵᠤ᠂ 5 ᠡᠳᠦᠷ ᠤᠨ ᠳᠣᠲᠣᠷ᠎ᠠ ᠰᠡᠯᠪᠢᠨ ᠵᠠᠰᠠᠬᠤ ᠠᠵᠢᠯ ᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠰᠡᠯᠪᠢᠨ ᠵᠠᠰᠠᠵᠤ ᠳᠠᠭᠤᠰᠤᠭᠰᠠᠨ ᠤ ᠳᠠᠷᠠᠭ᠎ᠠ᠂ ᠦᠶᠡᠷ ᠤᠨ ᠬᠤᠭᠤᠴᠠᠭᠠᠨ ᠳᠠᠬᠢ ᠲᠣᠰᠬᠤᠨ ᠤ ᠭᠠᠮᠰᠢᠭ ᠲᠠᠢ ᠲᠡᠮᠡᠴᠡᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠵᠠᠮ ᠤᠨ ᠭᠠᠳᠠᠷᠭᠤ ᠶᠢᠨ ᠬᠤᠲᠣᠭᠤᠷ ᠤᠰᠤ ᠬᠤᠷᠠᠵᠤ ᠪᠠᠶᠢᠭ᠎ᠠ ᠪᠠᠶᠢᠳᠠᠯ ᠢ ᠰᠠᠶᠢᠵᠢᠷᠠᠭᠤᠯᠵᠤ᠂ ᠲᠣᠰᠬᠤᠨ ᠤ ᠠᠷᠠᠳ ᠤᠨ ᠲᠠᠷᠢᠶᠠᠯᠠᠩ ᠤᠨ ᠦᠢᠯᠡᠳᠪᠦᠷᠢᠯᠡᠯ ᠤᠨ ᠠᠵᠢᠯᠯᠠᠭ᠎ᠠ ᠬᠢᠬᠦ ᠶᠢ ᠪᠠᠲᠤᠯᠠᠬᠤ ᠪᠣᠯᠤᠨ᠎ᠠ᠃    ᠪᠠᠶᠠᠨᠰᠢᠯᠢ ᠪᠠᠯᠭᠠᠰᠤᠨ ᠤ ᠵᠣᠣ ᠮᠢᠶᠣᠣ ᠲᠣᠰᠬᠤᠨ ᠤ ᠨᠠᠮ ᠤᠨ ᠡᠭᠦᠷ ᠤᠨ ᠱᠦᠵᠢ᠂ ᠡᠷᠬᠢᠯᠡᠭᠴᠢ ᠯᠢᠦ ᠵᠢᠶᠦ᠋ᠨ ᠸᠧᠨ᠄ ︽ᠡᠨᠡ ᠬᠦ ᠵᠠᠮ ᠪᠣᠯ ᠴᠠᠷᠭᠠᠰᠤ᠂ ᠡᠮᠦᠨᠡᠲᠦ ᠬᠤᠸᠠᠷ᠂ ᠳ᠋ᠧᠩ ᠤᠨ ᠠᠰᠠᠷ ᠵᠡᠷᠭᠡ ᠵᠢᠷᠭᠤᠭᠠᠨ ᠠᠶᠢᠯ ᠲᠣᠰᠬᠤᠨ ᠤ ᠵᠠᠪᠠᠯ ᠥᠩᠭᠡᠷᠡᠬᠦ ᠵᠠᠮ ᠮᠥᠨ᠂ ᠪᠠᠰᠠ ᠴᠤ ᠬᠠᠳᠠᠳᠣ ᠵᠦᠭ ᠵᠠᠯᠭᠠᠯᠳᠤᠬᠤ ᠬᠠᠮᠤᠭ ᠤᠨ ᠣᠶᠢᠷ᠎ᠠ ᠵᠠᠮ ᠮᠥᠨ᠃ ᠭᠠᠵᠠᠷ ᠵᠦᠢ ᠶᠢᠨ ᠪᠠᠶᠢᠷᠢᠰᠢᠯ ᠤᠨ ᠰᠢᠯᠲᠠᠭᠠᠨ ᠠᠴᠠ ᠪᠣᠯᠵᠤ ᠵᠢᠯ ᠪᠥᠷᠢ ᠦᠶᠡᠷ ᠤᠨ ᠬᠤᠭᠤᠴᠠᠭ᠎ᠠ ᠬᠦᠷᠲᠡᠯ᠎ᠡ ᠡᠨᠡ ᠬᠤᠲᠣᠭᠤᠷ ᠵᠠᠮ ᠠᠮᠠᠷᠬᠠᠨ ᠤᠰᠤ ᠬᠤᠷᠠᠳᠠᠭ᠃ ᠢᠯᠠᠩᠭᠤᠶ᠎ᠠ ᠬᠤᠷ᠎ᠠ ᠪᠣᠷᠣᠭᠠᠨ ᠡᠯᠪᠡᠭ ᠵᠢᠯ ᠳᠤ ᠂ ᠲᠤᠰᠬᠤᠨ ᠤ ᠠᠷᠠᠳ ᠰᠠᠨᠠᠭ᠎ᠠ ᠵᠣᠪᠠᠵᠤ ᠪᠠᠶᠢᠨ᠎ᠠ᠃ ᠡᠨᠡ ᠤᠳᠠᠭ᠎ᠠ ᠭᠠᠴᠠᠭᠠᠨ ᠤ ᠠᠷᠠᠳ ᠤᠨ ᠵᠥᠪᠯᠡᠯ ᠶᠡᠭᠡ ᠬᠠᠰᠢᠯᠭ᠎ᠠ ᠶᠢ ᠰᠡᠯᠪᠢᠨ ᠵᠠᠰᠠᠵᠤ ᠪᠠᠬᠢᠵᠢᠭᠦᠯᠵᠦ᠂ ᠲᠣᠰᠬᠤᠨ ᠤ ᠠᠷᠠᠳ ᠤᠨ ᠠᠮᠤᠷ ᠲᠦᠪᠰᠢᠨ ᠢᠶᠠᠷ ᠭᠠᠳᠠᠭᠰᠢ ᠭᠠᠷᠬᠤ ᠪᠠ ᠲᠠᠷᠢᠶᠠᠯᠠᠩ ᠤᠨ ᠦᠢᠯᠡᠳᠪᠦᠷᠢᠯᠡᠯ ᠳᠤ ᠬᠦᠴᠦᠲᠡᠶ ᠪᠠᠲᠤᠯᠠᠭ᠎ᠠ ᠬᠠᠩᠭᠠᠪᠠ᠃︾    ᠡᠨᠡ ᠤᠳᠠᠭ᠎ᠠ ᠶᠢᠨ ᠠᠶᠤᠯ ᠠᠴᠠ ᠠᠪᠤᠷᠠᠵᠤ ᠰᠡᠯᠪᠢᠨ ᠵᠠᠰᠠᠬᠤ ᠨᠢ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠭᠰᠡᠨ ᠢᠶᠠᠷ ᠪᠠᠷᠠᠬᠤ ᠦᠭᠡᠢ ᠪᠠᠰᠠ ︽ᠠᠷᠠᠳ ᠤᠨ ᠰᠡᠳᠬᠢᠯ ᠤᠨ ᠰᠠᠭᠤᠷᠢ︾ ᠶᠢ ᠪᠠᠲᠤ ᠴᠣᠭᠴᠠᠯᠠᠵᠠᠢ᠃ ᠪᠠᠶᠠᠨᠰᠢᠯᠢ ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠦᠷᠭᠦᠯᠵᠢᠯᠡᠨ ᠪᠣᠳᠠᠲᠤ ᠪᠠᠶᠢᠳᠠᠯ ᠳᠤ ᠰᠠᠭᠤᠷᠢᠯᠠᠨ᠂ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠴᠢᠩᠭ᠎ᠠ ᠠᠩᠬᠠᠷᠴᠤ᠂ ᠬᠥᠳᠡᠭᠡ ᠲᠣᠰᠬᠤᠨ ᠤ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠦᠨ᠂ ᠠᠷᠠᠳ ᠣᠯᠠᠨ ᠤ ᠠᠮᠤᠷ ᠲᠦᠪᠰᠢᠨ ᠤ ᠲᠥᠷᠥᠭᠳᠡᠯ᠂ ᠬᠠᠷᠢᠶᠠᠯᠠᠭᠳᠠᠬᠤ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠢ ᠨᠠᠩ ᠲᠡᠭᠦᠯᠳᠡᠷ᠂ ᠨᠠᠩ ᠪᠠᠲᠤᠯᠠᠭ᠎ᠠ ᠲᠠᠢ᠂ ᠨᠠᠩ ᠦᠷᠭᠦᠯᠵᠢᠯᠡᠬᠦ ᠪᠣᠯᠭᠠᠨ᠎ᠠ ᠭᠡᠵᠡᠶ᠃     ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2