ᠪᠡᠭᠡᠵᠢᠩ ᠬᠤᠲᠠ ᠶᠢᠨ ᠳ᠋ᠠ ᠰᠢᠩ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠰᠢᠨᠵᠢᠯᠡᠨ ᠪᠠᠶᠢᠴᠠᠭᠠᠬᠤ ᠪᠦᠯᠬᠦᠮ ᠵᠦᠸᠧᠽᠢ ᠰᠢᠶᠠᠨ ᠳᠤ ᠢᠷᠡᠵᠦ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠥᠷᠥᠯ ᠵᠦᠢᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/9/21
    8 ᠰᠠᠷ᠎ᠠ ᠶᠢᠨ 28 ᠤ ᠡᠳᠦᠷ᠂ ᠪᠡᠭᠡᠵᠢᠩ ᠬᠤᠳᠠ ᠶᠢᠨ ᠳ᠋ᠠ ᠰᠢᠩ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠢᠦᠢ ᠰᠢᠤᠸᠠᠢ ᠶᠢᠨ ᠨᠠᠷ ᠵᠦᠸᠧᠽᠢ ᠰᠢᠶᠠᠨ ᠳᠤ ᠢᠷᠡᠵᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠦᠷᠦᠯ ᠵᠦᠢᠯ ᠢ ᠰᠢᠨᠵᠢᠯᠡᠨ ᠪᠠᠶᠢᠴᠠᠭᠠᠪᠠ᠃ ᠳ᠋ᠠ ᠰᠢᠩ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠷᠧᠨ ᠰᠢ ᠵᠢᠶᠦ᠋ᠨ᠂ ᠤᠯᠠᠭᠠᠨᠴᠠᠪ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠶᠤᠸᠠᠢ ᠶᠠᠨ ᠮᠧᠶ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠶᠢᠨ᠂ ᠵᠦᠸᠧᠽᠢ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠳ᠋ᠠ ᠾᠧ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠶ ᡁᠢ ᠫᠢᠩ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠶᠢᠨ ᠰᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
   ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠵᠦᠸᠧᠽᠢ ᠰᠢᠶᠠᠨ ᠤ ᠤᠲᠤᠮᠠᠯ ᠲᠠᠬᠢᠶᠠᠨ ᠤ ᠮᠦᠽᠧᠢ ᠶᠢ ᠲᠣᠭᠤᠷᠢᠨ ᠦᠵᠡᠵᠦ᠂ ᠵᠦᠸᠧᠽᠢ ᠶᠢᠨ ᠤᠲᠤᠮᠠᠯ ᠲᠠᠬᠢᠶᠠᠨ ᠤ ᠲᠡᠦᠬᠡ ᠰᠣᠶᠣᠯ᠂ ᠦᠢᠯᠡᠳᠬᠦ ᠤᠷ᠎ᠠ ᠮᠡᠷᠭᠡᠵᠢᠯ ᠵᠢᠴᠢ ᠤᠲᠤᠮᠠᠯ ᠲᠠᠬᠢᠶᠠᠨ ᠤ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠢ ᠨᠠᠷᠢᠨ ᠣᠶᠢᠯᠠᠭᠠᠪᠠ᠃ ᠢᠦᠶ ᠰᠢᠤᠸᠠᠢ ᠶᠢᠨ ᠬᠡᠯᠡᠬᠦ ᠳᠡᠭᠡᠨ᠂ ᠵᠦᠸᠧᠽᠢ ᠶᠢᠨ ᠤᠲᠤᠮᠠᠯ ᠲᠠᠬᠢᠶ᠎ᠠ ᠪᠣᠯ ᠵᠦᠸᠧᠽᠢ ᠰᠢᠶᠠᠨ ᠤ ᠣᠨᠴᠠᠯᠢᠭᠲᠤ ᠠᠮᠲᠠᠲᠤ ᠢᠳᠡᠭᠡᠨ ᠮᠥᠨ᠂ ᠵᠦᠸᠧᠽᠢ ᠶᠢᠨ ᠤᠲᠤᠮᠠᠯ ᠲᠠᠬᠢᠶᠠᠨ ᠤ ᠲᠡᠦᠬᠡ ᠰᠣᠶᠣᠯ ᠤᠨ ᠡᠯᠧᠮᠧᠨ᠋ᠲ ᠢ ᠭᠦᠨᠵᠡᠭᠡᠶ ᠠᠭᠤᠳᠠᠯᠵᠤ᠂ ᠵᠦᠸᠧᠽᠢ ᠶᠢᠨ ᠤᠲᠤᠮᠠᠯ ᠲᠠᠬᠢᠶ᠎ᠠ ᠶᠢᠨ ᠠᠭᠤᠯᠤᠭᠳᠠᠬᠤᠨ ᠪᠠ ᠠᠭᠤᠯᠬᠤᠨ ᠢᠶᠠᠨ ᠲᠠᠰᠤᠷᠠᠯᠲᠠ ᠦᠭᠡᠢ ᠲᠡᠭᠦᠯᠳᠡᠷᠵᠢᠭᠦᠯᠦᠨ ᠪᠠᠶᠠᠯᠢᠭᠵᠢᠭᠤᠯᠵᠤ᠂ ᠲᠡᠭᠦᠨ ᠢ ᠰᠢᠨ᠎ᠡ ᠰᠣᠷᠭᠤᠭ ᠭᠠᠵᠠᠷ ᠣᠷᠣᠨ ᠤ ᠰᠣᠶᠣᠯ ᠤᠨ ᠲᠡᠮᠳᠡᠭ ᠪᠣᠯᠭᠠᠵᠤ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃    ᠸᠠᠩ ᠳ᠋ᠠ ᠾᠧ᠂ ᠵᠦᠸᠧᠽᠢ ᠶᠢᠨ ᠤᠲᠤᠮᠠᠯ ᠲᠠᠬᠢᠶᠠᠨ ᠤ ᠰᠣᠶᠣᠯ ᠤᠨ ᠰᠠᠭᠤᠷᠢ ᠭᠦᠨ ᠵᠤᠵᠠᠭᠠᠨ᠂ ᠠᠵᠤ ᠦᠢᠯᠡᠰ ᠤᠨ ᠬᠥᠭᠵᠢᠯᠲᠡ ᠶᠢᠨ ᠢᠷᠡᠭᠡᠳᠦᠢ ᠥᠷᠭᠡᠨ ᠠᠭᠤᠳᠠᠮ ᠪᠠᠶᠢᠨ᠎ᠠ᠃ ᠢᠯᠠᠩᠭᠤᠶ᠎ᠠ ᠣᠶᠢᠷ᠎ᠠ ᠶᠢᠨ ᠵᠢᠯ ᠠᠴᠠ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠲᠥᠷᠥᠯ ᠵᠦᠢᠯ ᠤᠨ ᠠᠬᠢᠭᠤᠯᠤᠯ ᠳᠣᠣᠷ᠎ᠠ᠂ ᠵᠦᠸᠧᠽᠢ ᠤᠲᠤᠮᠠᠯ ᠲᠠᠬᠢᠶ᠎ᠠ ᠨᠢ ᠬᠥᠭᠵᠢᠯᠲᠡ ᠶᠢᠨ ᠲᠦᠷᠭᠡᠨ ᠵᠠᠮ ᠳᠤ ᠣᠷᠣᠵᠠᠢ᠃ ᠵᠦᠸᠧᠽᠢ ᠰᠢᠶᠠᠨ ᠤ ᠬᠢᠨ ᠬᠥᠭᠵᠢᠯᠲᠡ ᠶᠢᠨ ᠠᠷᠭ᠎ᠠ ᠵᠠᠮ ᠢ ᠦᠷᠭᠦᠯᠵᠢᠯᠡᠨ ᠨᠠᠷᠢᠨ ᠬᠢᠨᠠᠮᠠᠭᠠᠢ ᠲᠥᠯᠥᠪᠵᠢᠭᠦᠯᠵᠦ᠂ ᠬᠠᠮᠵᠢᠯᠴᠠᠬᠤ ᠨᠢᠭᠡᠴᠡ ᠯᠦᠭᠡ ᠶᠢᠨ ᠭᠦᠨᠵᠡᠭᠡᠢ ᠵᠣᠯᠭᠠᠯᠴᠠᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠬᠠᠮᠲᠤᠷᠠᠯᠴᠠᠭᠠᠨ ᠤ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠠᠮᠵᠢᠯᠴᠠᠬᠤ ᠠᠵᠤ ᠦᠢᠯᠡᠰ ᠤᠨ ᠶᠠᠰᠤ ᠴᠢᠨᠠᠷ ᠦᠷ᠎ᠡ ᠠᠰᠢᠭ ᠤᠨ ᠳᠡᠭᠡᠭᠰᠢᠯᠡᠯᠲᠡ ᠶᠢ ᠪᠦᠲᠦᠮᠵᠢᠲᠡᠢ ᠠᠬᠢᠭᠤᠯᠵᠤ᠂ ᠰᠢᠨ᠎ᠡ ᠴᠠᠭ ᠦᠶ᠎ᠡ ᠶᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠤᠨ ᠲᠠᠬᠢᠨ ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠵᠦ ᠢᠯᠡᠳᠬᠡᠪᠡ᠃
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2