ᠠᠷᠪᠠᠨ ᠲᠠᠪᠤᠳᠤᠭᠠᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠨᠢᠭᠡᠳᠦᠭᠡᠷ ᠴᠠᠭᠳᠠᠨ ᠪᠠᠶᠢᠴᠠᠭᠠᠬᠤ ᠳᠤᠭᠤᠶᠢᠯᠠᠩ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠠᠮ ᠵᠠᠭᠤᠴᠢᠯᠠᠭᠤᠷ ᠤᠨ ᠲᠥᠪ ᠤᠨ ᠠᠵᠢᠯ ᠢ ᠴᠠᠭᠳᠠᠨ ᠪᠠᠶᠢᠴᠠᠭᠠᠬᠤ ᠳᠠᠶᠢᠴᠢᠯᠠᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/9/21
   9 ᠰᠠᠷ᠎ᠠ ᠶᠢᠨ 2 ᠤᠨ ᠡᠳᠦᠷ᠂ ᠠᠷᠪᠠᠨ ᠲᠠᠪᠤᠳᠤᠭᠠᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠨᠠᠢᠮᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠨᠢᠭᠡᠳᠦᠭᠡᠷ ᠴᠠᠭᠳᠠᠨ ᠪᠠᠶᠢᠴᠠᠭᠠᠬᠤ ᠳᠤᠭᠤᠶᠢᠯᠠᠩ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠠᠵᠢᠯ ᠤᠨ ᠲᠠᠶᠢᠴᠢᠯᠠᠯᠳᠠ ᠶᠢᠨ ᠬᠤᠷᠠᠯ ᠬᠤᠷᠠᠯᠳᠤᠪᠠ᠃
   ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠨᠢᠭᠡᠳᠦᠭᠡᠷ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠬᠤᠷᠠᠯ ᠳᠡᠭᠡᠷ᠎ᠡ ᠲᠤᠰ ᠤᠳᠠᠭᠠᠨ ᠤ ᠴᠠᠭᠳᠠᠨ ᠪᠠᠶᠢᠴᠠᠭᠠᠬᠤ ᠠᠵᠢᠯ ᠤᠨ ᠭᠤᠣᠯ ᠡᠭᠦᠷᠭᠡ᠂ ᠴᠠᠭᠳᠠᠨ ᠪᠠᠶᠢᠴᠠᠭᠠᠬᠤ ᠠᠭᠤᠯᠭ᠎ᠠ ᠵᠢᠴᠢ ᠠᠷᠭ᠎ᠠ ᠬᠡᠮᠵᠢᠶ᠎ᠡ ᠠᠯᠬᠤᠮ ᠳᠠᠷᠠᠭ᠎ᠠ ᠪᠣᠯᠤᠨ ᠠᠵᠢᠯ ᠤᠨ ᠲᠤᠬᠢᠷᠠᠭᠤᠯᠤᠯᠳᠠ ᠶᠢ ᠮᠡᠳᠡᠭᠳᠡᠭᠰᠡᠨ ᠪᠥᠭᠡᠳ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠪᠣᠯᠤᠨ ᠰᠢᠶᠠᠨ ᠤ ᠨᠠᠮ ᠤᠨ ᠬᠤᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠰᠢᠶᠠᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠪᠦᠷᠢᠯᠳᠦᠬᠦᠨ ᠲᠣᠰ ᠤᠳᠠᠭᠠᠨ ᠤ ᠴᠠᠭᠳᠠᠨ ᠪᠠᠶᠢᠴᠠᠭᠠᠬᠤ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠪᠠ᠃ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠣᠯᠤᠨ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠬᠠᠷᠢᠭᠤᠴᠠᠯᠭᠠᠲᠠᠨ ᠲᠤᠰ ᠲᠤᠰ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃    ᠰᠢᠶᠠᠨ ᠤ ᠨᠠᠮ ᠤᠨ ᠬᠤᠷᠢᠶᠠᠨ ᠤ ᠨᠢᠭᠡᠳᠦᠭᠡᠷ ᠴᠠᠭᠳᠠᠨ ᠪᠠᠶᠢᠴᠠᠭᠠᠬᠤ ᠳᠤᠭᠤᠶᠢᠯᠠᠩ ᠤᠨ ᠪᠦᠬᠦ ᠪᠦᠷᠢᠯᠳᠦᠬᠦᠨ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠣᠯᠤᠨ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠪᠦᠬᠦ ᠺᠠᠳ᠋ᠷ ᠬᠤᠷᠠᠯ ᠳᠤ ᠣᠷᠣᠯᠴᠠᠪᠠ᠃
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2