ᠣᠳᠣ ᠠᠯᠮᠤᠷᠠᠳ ᠤᠨ ᠡᠯᠪᠡᠭ ᠬᠤᠷᠢᠶᠠᠯᠲᠠ ᠶᠢᠨ ᠤᠯᠠᠷᠢᠯ ᠪᠣᠯᠤᠭᠰᠠᠨ ᠪᠠᠶᠢᠨ᠎ᠠ᠃ ᠵᠦᠸᠧᠽᠢ ᠰᠢᠶᠠᠨ ᠤ ᠯᠢ | ᠬᠤᠸᠠ ᠪᠠᠯᠭᠠᠰᠤᠨ ᠤ ᠠᠯᠮᠤᠷᠠᠳ ᠪᠣᠯᠪᠠᠰᠤᠷᠠᠵᠤ᠂ ᠴᠥᠭᠡᠨ ᠪᠤᠰᠤ ᠵᠤᠭᠠᠴᠠᠭᠰᠠᠳ ᠤᠨ ᠠᠩᠬᠠᠷᠤᠯ ᠢ ᠲᠠᠲᠠᠪᠠ᠃ | ᠵᠦᠸᠧᠽᠢ ᠰᠢᠶᠠᠨ ᠤ ᠯᠢ ᠬᠤᠸᠠ ᠪᠠᠯᠭᠠᠰᠤᠨ ᠤ ᠲᠦ᠋ ᠴᠧᠩ ᠽᠢ ᠲᠣᠰᠬᠤᠨ ᠤ ᠵᠢᠮᠢᠰ ᠤᠨ ᠬᠦᠷᠢᠶᠡᠯᠡᠩ ᠳᠤ | ᠣᠷᠣᠬᠤ ᠳᠤ᠂ ᠨᠢᠭᠡᠨ ᠲᠣᠮᠣ ᠵᠢᠭᠳᠡ ᠮᠦᠷᠲᠡᠭᠡᠨ ᠵᠢᠮᠢᠰ ᠤᠨ ᠭᠤᠯᠢᠷ ᠳᠦᠭᠦᠷᠡᠩ᠂ ᠠᠩᠬᠢᠯᠤᠮ᠎ᠠ ᠦᠨᠦᠷ | ᠬᠠᠩᠬᠤᠯᠵᠤ᠂ ᠠᠩᠬᠢᠯᠤᠮ᠎ᠠ ᠦᠨᠦᠷ ᠬᠠᠩᠬᠤᠯᠵᠤ ᠪᠠᠶᠢᠯ᠎ᠠ᠃ ᠲᠡᠭᠦᠬᠦ ᠪᠠᠷ ᠢᠷᠡᠭᠰᠡᠨ ᠵᠢᠭᠤᠯᠴᠢᠯᠠᠭᠴᠢᠳ ᠵᠢᠮᠢᠰ ᠤᠨ | ᠬᠦᠷᠢᠶᠡᠯᠡᠩ ᠢᠶᠠᠷ ᠰᠦᠯᠵᠢᠯᠳᠦᠵᠦ᠂ ᠭᠠᠷ ᠲᠤ ᠪᠠᠨ ᠳᠠᠮᠨᠠᠬᠤ ᠬᠤᠭᠤᠷᠣᠨᠳᠤ᠂ ᠨᠢᠭᠡ ᠠᠯᠮᠤᠷᠠᠳ ᠨᠢ ᠣᠷᠣᠯᠭ᠎ᠠ ᠶᠢᠨ | ᠤᠭᠤᠲᠠᠨ ᠳᠤ ᠪᠠᠭᠯᠠᠭᠳᠠᠵᠤ᠂ ᠨᠢᠭᠡ ᠬᠠᠶᠢᠷᠴᠠᠭ ᠬᠠᠶᠢᠷᠴᠠᠭ ᠠᠯᠮᠤᠷᠠᠳ ᠨᠢ ᠵᠢᠭᠤᠯᠴᠢᠯᠠᠭᠰᠠᠳ ᠢᠶᠠᠷ ᠳᠠᠮᠵᠢᠨ | ᠥᠪᠡᠷ ᠤᠨ ᠭᠠᠷ ᠢᠶᠠᠷ ᠢᠶᠠᠨ ᠲᠡᠭᠦᠵᠦ᠂ ᠪᠣᠭᠤᠳᠠᠯᠯᠠᠭᠰᠠᠨ ᠤ ᠳᠠᠷᠠᠭ᠎ᠠ ᠠᠪᠴᠢᠷᠠᠭᠰᠠᠨ ᠪᠠᠶᠢᠨ᠎ᠠ᠃ | ᠵᠢᠮᠢᠰ ᠤᠨ ᠲᠠᠷᠢᠶᠠᠴᠢᠨ ᠬᠠᠨ ᠰᠢᠤᠸᠠᠢ ᠹᠧᠩ ᠨᠢᠭᠡᠨᠲᠡ 20 ᠭᠠᠷᠤᠶ ᠵᠢᠯ ᠵᠢᠮᠢᠰ ᠤᠨ ᠮᠣᠳᠣ ᠳᠠᠷᠢᠵᠤ᠂ | ᠵᠢᠮᠢᠰ ᠤᠨ ᠬᠦᠷᠢᠶᠡᠯᠡᠩ 30 ᠮᠥ ᠭᠠᠵᠠᠷ ᠡᠵᠡᠯᠡᠵᠦ᠂ 1600 ᠭᠠᠷᠤᠶ ᠵᠢᠮᠢᠰ ᠤᠨ ᠮᠣᠳᠣ ᠲᠠᠷᠢᠵᠤ᠂ ᠵᠢᠯ ᠤᠨ | ᠭᠠᠷᠤᠯᠲᠠ 6 ᠲᠦᠮᠡ ᠭᠠᠷᠤᠶ ᠵᠢᠩ ᠬᠦᠷᠴᠡᠶ᠃ ᠵᠦᠸᠧᠽᠢ ᠰᠢᠶᠠᠨ ᠤ ᠲᠠᠯᠠᠢ ᠶᠢᠨ ᠲᠦᠪᠰᠢᠨ ᠠᠴᠠ ᠨᠡᠯᠢᠶᠡᠳ | ᠥᠨᠳᠥᠷ᠂ ᠭᠡᠷᠡᠯ ᠤᠨ ᠲᠤᠰᠤᠯᠲᠠ ᠭᠦᠢᠴᠡᠳ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ ᠵᠡᠷᠭᠡ ᠥᠪᠡᠷᠮᠢᠴᠡ | ᠪᠠᠶᠢᠭᠠᠯᠢ ᠶᠢᠨ ᠭᠠᠵᠠᠷ ᠵᠦᠶ ᠶᠢᠨ ᠣᠨᠴᠠᠯᠢᠭ ᠲᠤ ᠲᠦᠰᠢᠭᠯᠡᠨ᠂ ᠵᠢᠮᠢᠰ ᠤᠨ ᠬᠦᠷᠢᠶᠡᠯᠡᠩ ᠤᠨ ᠠᠯᠮᠤᠷᠠᠳ ᠨᠢ | ᠤᠯᠠᠨ ᠠᠴᠠ ᠣᠨᠴᠠᠭᠠᠢ ᠲᠠᠷᠢᠮᠠᠯ ᠤᠨ ᠣᠷᠴᠢᠨ ᠲᠣᠭᠤᠷᠢᠨ ᠲᠠᠢ ᠪᠠᠶᠢᠳᠠᠭ᠃ ᠡᠭᠦᠨ ᠤ ᠬᠠᠮᠲᠤ᠂ ᠵᠢᠮᠢᠰ ᠤᠨ | ᠬᠦᠷᠢᠶᠡᠯᠡᠩ ᠨᠢ ᠠᠶᠠᠨᠳᠠᠭᠠᠨ ᠦᠰᠦᠨ ᠪᠤᠶᠢᠵᠢᠬᠤ ᠶᠢ ᠪᠠᠲᠤᠯᠠᠵᠤ᠂ ᠲᠠᠷᠢᠶᠠᠨ ᠡᠮ ᠬᠡᠷᠡᠭᠯᠡᠬᠦ ᠦᠭᠡᠢ᠂ ᠯᠠ ᠴᠣᠬᠢᠬᠤ | ᠦᠭᠡᠢ᠂ ᠪᠣᠯᠪᠠᠰᠤᠷᠠᠬᠤ ᠶᠢ ᠱᠠᠭᠠᠷᠳᠠᠬᠤ ᠦᠭᠡᠢ᠂ ᠠᠯᠮᠤᠷᠠᠳ ᠤᠨ ᠬᠠᠮᠤᠭ ᠤᠨ ᠠᠩᠬᠠᠨ ᠤ ᠪᠠᠶᠢᠭᠠᠯᠢ ᠶᠢᠨ ᠦᠨᠦᠷ | ᠠᠮᠲᠠ ᠶᠢ ᠪᠠᠲᠤᠯᠠᠵᠤ᠂ ᠬᠡᠷᠡᠭᠯᠡᠭᠴᠢᠳ ᠤᠨ ᠳᠤᠷ᠎ᠠ ᠪᠠᠬ᠎ᠠ ᠶᠢ ᠲᠠᠲᠠᠭᠰᠠᠨ ᠪᠠᠶᠢᠨ᠎ᠠ᠃ | ᠬᠠᠨ ᠰᠢᠤᠸᠠᠢ ᠹᠧᠩ ᠬᠡᠯᠡᠭᠰᠡᠨ ᠨᠢ ᠵᠢᠮᠢᠰ ᠤᠨ ᠬᠦᠷᠢᠶᠡᠯᠡᠩ ᠨᠡᠶᠢᠲᠡ 3 ᠲᠥᠷᠥᠯ ᠵᠦ᠋ᠶ᠋ᠯ ᠪᠠᠶᠢᠨ᠎ᠠ᠃ | ᠡᠭᠦᠨ ᠳᠤ᠂ ᠨᠣᠭᠤᠭᠠᠨ ᠠᠯᠮᠤᠷᠠᠳ ᠨᠢ 8 ᠰᠠᠷ᠎ᠠ ᠶᠢᠨ 15 ᠤ ᠡᠳᠦᠷ ᠠᠴᠠ ᠡᠬᠢᠯᠡᠨ ᠪᠣᠯᠪᠠᠰᠤᠷᠠᠵᠤ᠂ ᠲᠣᠮᠣ | ᠮᠥᠰᠥᠨ ᠵᠢᠮᠢᠰ 8 ᠰᠠᠷ᠎ᠠ ᠶᠢᠨ 25 ᠤ ᠡᠳᠦᠷ ᠠᠴᠠ ᠡᠬᠢᠯᠡᠨ ᠪᠣᠯᠪᠠᠰᠤᠷᠠᠵᠤ᠂ 123 ᠠᠯᠮᠤᠷᠠᠳ ᠤᠨ 9 | ᠰᠠᠷ᠎ᠠ ᠶᠢᠨ 5 ᠤ ᠡᠳᠦᠷ ᠠᠴᠠ ᠡᠬᠢᠯᠡᠨ ᠪᠣᠯᠪᠠᠰᠤᠷᠠᠪᠠ᠃ ᠵᠢᠮᠢᠰ ᠤᠨ ᠬᠦᠷᠢᠶᠡᠯᠡᠩ 9 ᠰᠠᠷ᠎ᠠ ᠶᠢᠨ 20 ᠤ | ᠡᠳᠦᠷ ᠤᠨ ᠣᠷᠴᠢᠮ ᠢᠶᠠᠷ ᠲᠡᠭᠦᠬᠦ ᠪᠠᠨ ᠳᠠᠭᠤᠰᠬᠠᠵᠤ᠂ ᠤᠯᠠᠨ ᠢᠶᠠᠷ ᠢᠶᠠᠨ ᠢᠷᠡᠵᠦ ᠠᠮᠲᠠᠯᠠᠬᠤ ᠶᠢ ᠪᠠᠶᠠᠷᠯᠠᠨ | ᠤᠭᠲᠤᠵᠤ ᠪᠠᠶᠢᠨ᠎ᠠ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |