ᠵᠦᠸᠧᠽᠢ ᠰᠢᠶᠠᠨ ᠤ 2025 ᠣᠨ ᠤ ᠨᠢᠭᠡᠳᠦᠭᠡᠷ ᠤᠳᠠᠭᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/13
    1 ᠰᠠᠷ᠎ᠠ ᠶᠢᠨ 6 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠢᠨ ᠵᠢᠱᠢᠭᠳᠡᠭᠴᠢ ᠶᠤᠤ ᠬᠠᠶ ᠮᠢᠩ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠮᠠᠨ ᠤ ᠰᠢᠶᠠᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠰᠤᠳᠤᠯᠵᠤ᠂ ᠴᠢᠬᠤᠯᠠ ᠶᠡᠭᠡ ᠲᠥᠷᠥᠯ ᠵᠦᠢᠯ᠂ ᠠᠶᠤᠯᠭᠦᠶ ᠦᠢᠯᠡᠳᠪᠦᠷᠢᠯᠡᠯ᠂ ᠭᠠᠯ ᠤᠨᠲᠠᠷᠠᠭᠠᠬᠤ᠂ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾ ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠵᠡᠷᠭᠡ ᠠᠵᠢᠯ ᠢ ᠰᠤᠳᠤᠯᠪᠠ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠤᠯᠠᠭᠠᠨᠴᠠᠪ ᠬᠤᠳᠠ ᠶᠢᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠠᠵᠤ ᠠᠬᠤᠶ ᠶᠢᠨ ᠪᠠᠶᠢᠳᠠᠯ ᠤᠨ ᠲᠤᠬᠠᠶ ᠰᠢᠨᠵᠢᠯᠡᠬᠦ ᠤᠬᠠᠭᠠᠨᠴᠢ ᠮᠠᠭᠠᠳᠯᠠᠯᠲᠠ ᠶᠢ ᠭᠦᠨᠵᠡᠭᠡᠶ ᠡᠵᠡᠮᠰᠢᠵᠦ᠂ ᠰᠢᠨᠵᠢᠯᠡᠬᠦ ᠤᠬᠠᠭᠠᠨᠴᠢ ᠠᠷᠭ᠎ᠠ ᠶᠢᠨ ᠣᠨᠣᠯ ᠢᠶᠠᠷ ᠰᠢᠶᠠᠨ ᠤ ᠬᠡᠪᠴᠢᠶᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠬᠤ ᠬᠡᠷᠡᠭᠲᠡᠶ᠃ ᠬᠤᠶᠠᠷ ᠲᠤ᠂ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠠᠮᠵᠢᠵᠤ᠂ ᠬᠤᠷᠸ᠎ᠠ ᠲᠦᠷᠦ ᠶᠢᠨ ᠪᠤᠳᠤᠯᠭ᠎ᠠ ᠶᠢᠨ ᠬᠠᠨᠳᠤᠰᠢ ᠶᠢ ᠣᠨᠣᠪᠴᠢᠲᠠᠢ ᠡᠵᠡᠮᠳᠡᠵᠦ᠂ ᠵᠤᠷᠪᠤᠰ ᠳᠠᠷᠠᠭᠠᠯᠠᠨ ᠡᠮᠬᠢᠯᠡᠵᠦ᠂ ᠪᠠᠶᠢᠩᠭᠤᠵᠢᠭᠤᠯᠤᠨ ᠥᠨᠳᠥᠷ ᠪᠦᠲᠦᠮᠵᠢᠲᠡᠢ ᠵᠣᠯᠭᠠᠭᠤᠯᠵᠤ᠂ ᠬᠠᠮᠤᠭ ᠤᠨ ᠶᠡᠭᠡ ᠬᠡᠮᠵᠢᠶ᠎ᠡ ᠪᠠᠷ ᠪᠡᠯᠡ ᠮᠥᠩᠭᠦ ᠶᠢ ᠣᠯᠵᠤ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠲᠦᠷᠦᠯ ᠵᠦᠢᠯ ᠢ ᠲᠥᠯᠥᠪᠵᠢᠭᠦᠯᠬᠦ ᠬᠡᠷᠡᠭᠲᠡᠢ᠃ ᠭᠤᠷᠪᠠ ᠳᠤ᠂ ᠬᠤᠷᠢᠭ᠎ᠠ ᠱᠤᠭᠤᠮ ᠤᠨ ᠤᠯᠠᠭᠠᠨ ᠱᠤᠭᠤᠮ ᠢ ᠪᠠᠲᠤ ᠰᠠᠬᠢᠵᠤ᠂ ᠵᠢᠯ ᠤᠨ ᠡᠴᠦᠰ ᠵᠢᠯ ᠤᠨ ᠡᠬᠢᠨ ᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠮᠤᠷ ᠲᠦᠪᠰᠢᠨ ᠲᠣᠭᠲᠠᠭᠤᠨ᠂ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ᠂ ᠠᠵᠤ ᠠᠬᠤᠶᠢᠯᠠᠯ ᠢ ᠰᠤᠷᠪᠤᠯᠵᠢᠯᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠬᠤ ᠬᠡᠷᠡᠭᠲᠡᠢ᠃    ᠬᠤᠷᠠᠯ ᠠᠴᠠ 2025 ᠣᠨ ᠤ ᠴᠢᠬᠤᠯᠠ ᠶᠡᠭᠡ ᠲᠦᠷᠦᠯ ᠵᠦᠢᠯ ᠤᠨ ᠲᠥᠯᠥᠪᠵᠢᠭᠦᠯᠭᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠰᠠᠶᠢᠲᠤᠷ ᠬᠢᠬᠦ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ᠃ ᠬᠤᠷᠠᠯ ᠠᠴᠠ᠂ ᠲᠦᠷᠦᠯ ᠵᠦᠢᠯ ᠪᠣᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠰᠠᠭᠤᠷᠢ ᠮᠥᠨ᠂ ︽ᠲᠦᠷᠦᠯ ᠵᠦᠢᠯ ᠢᠶᠠᠷ ᠭᠤᠣᠯ ᠪᠣᠯᠭᠠᠬᠤ︾ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠡᠮᠦᠨᠡᠬᠢ ᠬᠤᠭᠤᠴᠠᠭᠠᠨ ᠤ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠬᠤ᠂ ᠰᠢᠨ᠎ᠡ ᠪᠠᠷ ᠠᠵᠢᠯ ᠡᠬᠢᠯᠡᠭᠦᠯᠬᠦ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠤ ᠠᠵᠢᠯ ᠡᠬᠢᠯᠡᠭᠦᠯᠬᠦ᠂ ᠪᠠᠶᠢᠭᠤᠯᠵᠤ ᠪᠠᠶᠢᠭ᠎ᠠ ᠲᠦᠷᠦᠯ ᠵᠦᠢᠯ ᠢ ᠲᠦᠷᠭᠡᠨ ᠠᠬᠢᠭᠤᠯᠬᠤ᠂ ᠪᠠᠷᠢᠯᠭ᠎ᠠ ᠳᠠᠭᠤᠰᠤᠭᠰᠠᠨ ᠲᠦᠷᠦᠯ ᠵᠦᠢᠯ ᠢ ᠲᠦᠷᠭᠡᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠬᠤ ᠬᠡᠷᠡᠭᠲᠡᠢ᠃ ᠠᠷᠠᠯᠵᠢᠶᠠᠴᠢᠨ ᠤᠷᠢᠬᠤ ᠡᠷᠴᠢᠮ ᠢᠶᠠᠨ ᠴᠢᠩᠭᠠᠷᠠᠭᠤᠯᠵᠤ᠂ ᠠᠷᠠᠯᠵᠢᠶᠠᠴᠢᠨ ᠤᠷᠢᠬᠤ ᠠᠷᠭ᠎ᠠ ᠬᠡᠯᠪᠡᠷᠢ ᠶᠢ ᠰᠢᠯᠢᠳᠡᠭᠵᠢᠭᠦᠯᠵᠦ᠂ ᠠᠷᠠᠯᠵᠢᠶᠠᠴᠢᠨ ᠤᠷᠢᠬᠤ ᠰᠠᠭᠤᠷᠢ ᠶᠢ ᠪᠠᠬᠢᠵᠢᠭᠦᠯᠵᠦ᠂ ᠠᠷᠠᠯᠵᠢᠶᠠᠴᠢᠨ ᠤᠷᠢᠬᠤ ᠲᠣᠭᠲᠠᠴᠠ ᠶᠢ ᠲᠡᠭᠦᠯᠳᠡᠷᠵᠢᠭᠦᠯᠵᠦ᠂ ᠠᠷᠠᠯᠵᠢᠶᠠᠴᠢᠨ ᠤᠷᠢᠬᠤ ᠲᠦᠷᠦ ᠶᠢᠨ ᠪᠤᠳᠤᠯᠭ᠎ᠠ ᠶᠢ ᠰᠠᠶᠢᠵᠢᠷᠠᠭᠤᠯᠵᠤ᠂ ᠠᠷᠠᠯᠵᠢᠶᠠᠴᠢᠨ ᠤᠷᠢᠬᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃    ᠬᠤᠷᠠᠯ ᠠᠴᠠ ᠠᠶᠤᠯᠭᠦᠢ ᠦᠢᠯᠡᠳᠪᠦᠷᠢᠯᠡᠯ ᠪᠣᠯᠤᠨ ᠭᠠᠯ ᠤᠨᠲᠠᠷᠠᠭᠠᠬᠤ ᠠᠵᠢᠯ ᠢ ᠰᠤᠳᠤᠯᠵᠤ᠂ ᠠᠶᠤᠯ ᠲᠦᠭᠰᠢᠭᠦᠷᠢ ᠶᠢᠨ ᠤᠬᠠᠮᠰᠠᠷ ᠪᠣᠯᠤᠨ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠨᠠᠭᠰᠢᠳᠠ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ︽ᠶᠢᠰᠦᠨ ᠪᠠᠭ᠎ᠠ︾ ᠲᠠᠯᠠᠪᠤᠷ ᠭᠠᠵᠠᠷ᠂ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠤᠯᠢᠮᠠᠭ ᠡᠵᠡᠩᠨᠡᠯᠲᠡ ᠶᠢᠨ ᠲᠠᠯᠠᠪᠤᠷ ᠭᠠᠵᠠᠷ᠂ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠢ ᠴᠢᠩᠭ᠎ᠠ ᠠᠩᠬᠠᠷᠴᠤ᠂ ᠠᠶᠤᠯ ᠥᠬᠡᠶ ᠦᠢᠯᠡᠳᠪᠦᠷᠢᠯᠡᠯ ᠪᠠ ᠭᠠᠯ ᠤᠨᠲᠠᠷᠠᠭᠠᠬᠤ ᠰᠡᠷᠭᠡᠶᠢᠯᠡᠯᠲᠡ ᠶᠢ ᠲᠣᠪᠤᠶᠢᠮ᠎ᠠ ᠰᠠᠶᠢᠲᠤᠷ ᠠᠳᠬᠤᠨ᠎ᠠ᠃ ᠵᠠᠮ ᠬᠠᠷᠢᠯᠴᠠᠭ᠎ᠠ ᠲᠡᠭᠡᠭᠡᠪᠦᠷᠢ᠂ ᠰᠢᠲᠠᠮᠠᠬᠠᠶ ᠬᠡᠶ᠂ ᠬᠤᠸᠠᠷ ᠫᠤᠤᠵᠢᠩ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠶᠢ ᠴᠢᠩᠭ᠎ᠠ ᠠᠩᠬᠠᠷᠴᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠠᠮᠤᠷ ᠲᠦᠪᠰᠢᠨ ᠲᠣᠭᠲᠠᠭᠤᠨ ᠢ ᠦᠨᠡᠨᠬᠦ ᠪᠠᠲᠤᠯᠠᠨ᠎ᠠ᠃ ᠴᠠᠭᠠᠨ ᠰᠠᠷ᠎ᠠ ᠶᠢᠨ ᠡᠮᠦᠨ᠎ᠡ ᠬᠤᠶᠢᠨ᠎ᠠ ᠵᠡᠷᠭᠡ ᠭᠤᠣᠯᠳᠠᠯᠭ᠎ᠠ ᠲᠠᠢ ᠴᠠᠭ ᠬᠤᠭᠤᠴᠠᠭ᠎ᠠ ᠶᠢ ᠴᠢᠩᠭ᠎ᠠ ᠠᠩᠬᠠᠷᠴᠤ᠂ ᠤᠯᠠᠷᠢᠯ ᠤᠨ ᠴᠢᠨᠠᠷᠲᠠᠢ ᠠᠳᠡᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠨᠢᠮᠪᠠᠢ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠢᠶᠠᠷ ᠰᠠᠶᠢᠵᠢᠷᠠᠬᠤ ᠶᠢ ᠦᠷᠭᠦᠯᠵᠢᠯᠡᠨ ᠠᠬᠢᠭᠤᠯᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠪᠠᠲᠤᠯᠠᠬᠤ ᠬᠡᠷᠡᠭᠲᠡᠢ᠃    ᠬᠤᠷᠠᠯ ᠠᠴᠠ ᠪᠠᠰᠠ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾᠂ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠲᠥᠯᠥᠪᠵᠢᠭᠦᠯᠬᠦ ᠵᠡᠷᠭᠡ ᠪᠤᠰᠤᠳ ᠵᠦᠢᠯᠡᠰ ᠢ ᠰᠤᠳᠤᠯᠵᠠᠢ᠃    ᠤᠷᠴᠢᠭᠤᠯᠤᠭᠴᠢ  ᠨᠠᠶᠢᠷᠠᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2