ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 6 ᠤ ᠴᠠᠭᠢᠯᠭᠠᠨ ᠮᠡᠳᠡᠭᠡ ᠲᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 6 ᠤ ᠦᠳᠡ ᠶᠢᠨ ᠡᠮᠦᠨ᠎ᠡ ᠳᠤᠮᠳᠠᠳᠤ ᠤᠯᠤᠰ ᠤᠨ ᠡᠪ ᠬᠠᠮᠲᠤ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠭᠦᠳᠡ | ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠢᠨ᠎ᠡ ᠴᠠᠭ ᠦᠶ᠎ᠡ ᠠᠴᠠ ᠨᠠᠭᠠᠰᠢ᠂ ᠪᠦᠭᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠪᠠ ᠢᠯᠵᠢᠷᠡᠯ ᠢ ᠡᠰᠡᠷᠭᠦᠴᠡᠬᠦ ᠲᠡᠮᠡᠴᠡᠯ ᠢ ᠠᠬᠢᠭᠤᠯᠬᠤ ᠡᠷᠴᠢᠮ ᠤᠷᠢᠳ ᠡᠮᠦᠨ᠎ᠡ ᠪᠠᠶᠢᠭ᠎ᠠ ᠦᠭᠡᠢ | ᠴᠢᠩᠭᠠᠷᠠᠵᠤ᠂ ᠦᠷ᠎ᠡ ᠪᠦᠲᠦᠮᠵᠢ ᠨᠢ ᠤᠯᠠᠨ ᠤ ᠠᠩᠬᠠᠷᠤᠯ ᠢ ᠲᠠᠲᠠᠭᠰᠠᠨ ᠪᠠᠶᠢᠨ᠎ᠠ᠃ ᠢᠯᠵᠢᠷᠡᠯ ᠢ ᠡᠰᠡᠷᠭᠦᠴᠡᠬᠦ ᠠᠵᠢᠯ | ᠡᠭᠦᠷᠢᠳᠡ ᠵᠣᠭᠰᠣᠰᠢ ᠦᠭᠡᠢ ᠪᠠᠶᠢᠬᠤ ᠡᠷᠡᠰ ᠪᠠᠲᠤ ᠪᠠᠷᠢᠮᠲᠠᠯᠠᠯ ᠢ ᠢᠮᠠᠭᠲᠠ ᠪᠠᠲᠤᠯᠠᠵᠤ᠂ ᠪᠠᠶᠢᠯᠳᠤᠬᠤ ᠪᠣᠳᠣᠯᠭ᠎ᠠ ᠶᠢᠨ | ᠲᠣᠭᠲᠠᠯ ᠬᠦᠴᠦᠨ ᠪᠠ ᠥᠨᠳᠥᠷ ᠳᠠᠷᠤᠯᠲᠠᠲᠤ ᠪᠠᠶᠢᠳᠠᠯ ᠢ ᠪᠠᠲᠤᠯᠠᠵᠤ᠂ ᠨᠢᠭᠡ ᠠᠯᠬᠤᠮ ᠴᠤ ᠵᠣᠭᠰᠣᠯ ᠦᠭᠡᠢ᠂ ᠬᠠᠭᠠᠰ | ᠠᠯᠬᠤᠮ ᠴᠤ ᠤᠬᠤᠷᠢᠬᠤ ᠦᠭᠡᠢ ᠪᠠᠶᠢᠵᠤ᠂ ᠢᠯᠵᠢᠷᠡᠬᠦ ᠠᠴᠠ ᠵᠢᠷᠦᠬᠡᠰᠢᠶᠡᠬᠦ᠂ ᠢᠯᠵᠢᠷᠡᠵᠦ ᠪᠤᠯᠬᠤ ᠦᠭᠡᠢ᠂ ᠢᠯᠵᠢᠷᠡᠬᠦ ᠶᠢ | ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠡᠨᠡ ᠬᠦ ᠪᠣᠭᠤᠮᠲᠠ ᠰᠢᠪᠲᠤᠯᠬᠤ ᠳᠠᠶᠢᠯᠠᠯᠳᠤᠭᠠᠨ᠂ | ᠤᠳᠠᠭᠠᠨ ᠳᠠᠭᠠᠭᠠᠮᠠᠭᠠᠢ ᠳᠠᠶᠢᠯᠠᠯᠳᠤᠭᠠᠨ᠂ ᠶᠡᠷᠦᠩᠬᠡᠢ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ ᠭᠡᠵᠦ | ᠴᠢᠬᠤᠯᠠᠴᠢᠯᠠᠪᠠ᠃ | | | 1 ᠰᠠᠷ᠎ᠠ ᠶᠢᠨ 6 ᠤ ᠡᠳᠦᠷ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ | ᠳᠥᠷᠪᠡᠳᠦᠭᠡᠷ ᠪᠦᠭᠦᠳᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ | ᠰᠢᠤᠸᠠᠢ ᠷᠧᠨ ᠰᠡᠭᠦᠳᠡᠷᠯᠡᠪᠡ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ | ᠰᠢᠶᠠᠩ ᠬᠤᠷᠠᠯ ᠳᠤ ᠣᠷᠣᠯᠴᠠᠪᠠ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ | ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ | ᠯᠢ ᠰᠢ ᠬᠤᠷᠠᠯ ᠢ ᠡᠷᠭᠢᠯᠡᠪᠡ᠃ ᠰᠢ ᠶᠢᠨ ᠫᠢᠩ᠂ 2024 ᠣᠨ ᠳᠤ᠂ ᠨᠠᠮ ᠤᠨ ᠲᠥᠪ ᠬᠤᠷᠢᠶ᠎ᠠ ᠠᠴᠠ ᠨᠠᠮ ᠤᠨ ᠥᠪᠡᠷ | ᠪᠡᠶ᠎ᠡ ᠶᠢᠨ ᠬᠤᠪᠢᠰᠬᠠᠯ ᠢᠶᠠᠷ ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠪᠦᠭᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠶᠢ ᠢᠮᠠᠭᠲᠠ ᠲᠤᠭᠤᠰᠢᠯᠠᠭᠤᠯᠵᠤ᠂ ᠰᠢᠨ᠎ᠡ ᠠᠬᠢᠴᠠ ᠪᠠ ᠦᠷ᠎ᠡ ᠪᠦᠲᠦᠮᠵᠢ ᠣᠯᠪᠠ᠃ ᠪᠦᠭᠦ | ᠨᠠᠮ ᠢᠶᠠᠷ ᠢᠶᠠᠨ ᠥᠪᠡᠷ ᠪᠡᠶ᠎ᠡ ᠶᠢᠨ ᠬᠤᠪᠢᠰᠬᠠᠯ ᠬᠢᠬᠦ ᠡᠨᠡ ᠬᠦ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠲᠠᠨᠢᠯᠲᠠ ᠨᠢ | ᠨᠡᠩ ᠰᠡᠷᠭᠡᠭ ᠪᠣᠯᠵᠤ᠂ ᠦᠢᠯᠡ ᠠᠵᠢᠯᠯᠠᠭ᠎ᠠ ᠨᠢ ᠨᠡᠩ ᠡᠷᠡᠰ ᠪᠠᠲᠤ ᠪᠤᠯᠪᠠ︔ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠪᠦᠭᠦ ᠨᠠᠮ ᠤᠨ ᠨᠥᠬᠦᠳ ᠤᠨ ᠳᠦᠷᠢᠮ ᠲᠣᠭᠲᠠᠭᠠᠯ ᠢ | ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠤᠬᠠᠮᠰᠠᠷ ᠢᠯᠡᠳᠲᠡ ᠴᠢᠩᠭᠠᠷᠠᠪᠠ︔ ᠢᠯᠵᠢᠷᠡᠯ ᠢ ᠡᠰᠡᠷᠭᠦᠴᠡᠬᠦ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠢᠯᠵᠢᠷᠡᠯ ᠤᠨ ᠡᠭᠦᠰᠦᠨ ᠳᠡᠯᠭᠡᠷᠡᠬᠦ ᠬᠥᠷᠥᠰᠥ ᠰᠢᠷᠣᠢ ᠪᠠ ᠨᠥᠬᠦᠴᠡᠯ ᠢ ᠠᠷᠢᠯᠭᠠᠪᠠ︔ | ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ | ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠤᠯᠠᠨ ᠲᠦᠮᠡᠨ ᠤ ᠲᠤᠰᠬᠠᠯ ᠴᠢᠩᠭ᠎ᠠ ᠠᠯᠢ ᠤᠯᠠᠨ ᠲᠣᠪᠤᠶᠢᠮ᠎ᠠ ᠠᠰᠠᠭᠤᠳᠠᠯ ᠢ | ᠰᠢᠢᠳᠪᠦᠷᠢᠯᠡᠪᠡ︔ ᠳᠦᠷᠢᠮ ᠢᠶᠠᠷ ᠨᠠᠮ ᠢ ᠵᠠᠰᠠᠬᠤ᠂ ᠲᠣᠭᠲᠠᠭᠠᠯ ᠢᠶᠠᠷ ᠨᠠᠮ ᠢ ᠵᠠᠰᠠᠬᠤ ᠶᠢ ᠭᠦᠨᠵᠡᠭᠡᠶᠢᠷᠡᠭᠦᠯᠵᠦ᠂ ᠨᠠᠮ ᠠᠴᠠ | ᠢᠯᠵᠢᠷᠡᠯ ᠢ ᠡᠰᠡᠷᠭᠦᠴᠡᠬᠦ ᠲᠡᠮᠡᠴᠡᠯ ᠢ ᠤᠳᠤᠷᠢᠳᠬᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ | ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠢᠯᠵᠢᠷᠡᠯ ᠪᠣᠯ | ᠮᠠᠨ ᠤ ᠨᠠᠮ ᠳᠤ ᠲᠤᠯᠭᠠᠷᠠᠵᠤ ᠪᠠᠶᠢᠭ᠎ᠠ ᠬᠠᠮᠤᠭ ᠤᠨ ᠶᠡᠭᠡ ᠰᠦᠷᠳᠡᠭᠦᠯᠦᠯ ᠮᠥᠨ᠂ ᠢᠯᠵᠢᠷᠡᠯ ᠢ ᠡᠰᠡᠷᠭᠦᠴᠡᠬᠦ ᠪᠣᠯ | ᠬᠠᠮᠤᠭ ᠤᠨ ᠲᠦᠢᠯᠪᠤᠷᠢᠲᠠᠢ ᠥᠪᠡᠷ ᠪᠡᠶ᠎ᠡ ᠶᠢᠨ ᠬᠤᠪᠢᠰᠬᠠᠯ ᠪᠣᠯᠣᠨ᠎ᠠ᠃ ᠰᠢᠨ᠎ᠡ ᠴᠠᠭ ᠦᠶ᠎ᠡ ᠳᠤ ᠣᠷᠣᠵᠤ᠂ ᠨᠠᠮ ᠤᠨ | ᠳᠣᠲᠣᠭᠠᠳᠤ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠤᠨ | ᠲᠣᠪᠤᠶᠢᠮ᠎ᠠ ᠠᠰᠠᠭᠤᠳᠠᠯ ᠤᠨ ᠡᠮᠦᠨ᠎ᠡ᠂ ᠪᠢᠳᠡ ᠢᠯᠵᠢᠷᠡᠭᠰᠠᠳ ᠪᠠᠶᠢᠪᠠᠯ ᠯᠠᠪᠲᠠᠢ ᠡᠰᠡᠷᠭᠦᠴᠡᠬᠦ᠂ ᠱᠠᠮᠰᠢᠭᠰᠠᠳ ᠪᠠᠶᠢᠪᠠᠯ | ᠯᠠᠪᠲᠠᠢ ᠠᠷᠢᠯᠭᠠᠬᠤ ᠶᠢ ᠪᠠᠷᠢᠮᠲᠠᠯᠠᠵᠤ᠂ ᠺᠠᠳ᠋ᠷ ᠤᠨ ᠡᠩᠨᠡᠭᠡ ᠶᠢ ᠲᠠᠰᠤᠷᠠᠯᠳᠠ ᠦᠭᠡᠢ ᠴᠡᠪᠡᠷᠰᠢᠭᠦᠯᠵᠦ᠂ ᠨᠠᠮ ᠤᠨ ᠳᠦᠷᠢ | ᠲᠥᠷᠬᠦ ᠶᠢ ᠬᠠᠮᠠᠭᠠᠯᠠᠨ᠂ ᠬᠤᠪᠢᠰᠬᠠᠯᠲᠤ ᠲᠦᠷᠦ ᠭᠦᠷᠦᠨ ᠢ ᠪᠠᠬᠢᠵᠢᠭᠦᠯᠵᠦ᠂ ᠨᠠᠮ ᠤᠨ ᠴᠢᠨᠠᠷ ᠬᠤᠪᠢᠷᠠᠬᠤ ᠦᠭᠡᠢ᠂ | ᠥᠩᠭᠡ ᠬᠤᠪᠢᠷᠠᠬᠤ ᠦᠭᠡᠢ᠂ ᠰᠤᠷᠲᠠᠯ ᠬᠤᠪᠢᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠲᠡᠦᠬᠡᠨ ᠰᠠᠨᠠᠭᠠᠴᠢᠯᠠᠭᠠᠲᠤ | ᠡᠷᠬᠡ ᠶᠢ ᠣᠯᠵᠤ᠂ ᠨᠠᠮ ᠠᠴᠠ ᠪᠦᠭᠦ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠦᠷᠬᠡᠭ ᠤᠯᠤᠰ ᠤᠨ | ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠲᠥᠯᠥᠭᠡ ᠬᠠᠮᠲᠤ ᠪᠠᠷ | ᠲᠡᠮᠡᠴᠡᠬᠦ ᠲᠡᠦᠬᠡᠨ ᠰᠠᠨᠠᠭᠠᠴᠢᠯᠠᠭᠠᠲᠤ ᠡᠷᠬᠡ ᠶᠢ ᠣᠯᠪᠠ ᠭᠡᠵᠦ ᠴᠢᠬᠤᠯᠠᠴᠢᠯᠠᠪᠠ᠃ ᠰᠢ ᠶᠢᠨ ᠫᠢᠩ᠂ ᠣᠳᠣᠬᠠᠨ ᠤ | ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠨ᠎ᠠ᠃ | ᠢᠯᠵᠢᠷᠡᠯ ᠤᠨ ᠦᠯᠡᠳᠡᠭᠳᠡᠯ ᠬᠡᠮᠵᠢᠶ᠎ᠡ ᠶᠢ ᠬᠠᠷᠠᠬᠠᠨ ᠠᠷᠢᠯᠭᠠᠭᠠᠳᠤᠢ ᠪᠠᠶᠢᠵᠤ᠂ ᠨᠡᠮᠡᠭᠳᠡᠯ ᠤᠨ ᠬᠡᠮᠵᠢᠶ᠎ᠡ ᠪᠠᠰᠠ ᠦᠷᠭᠦᠯᠵᠢᠯᠡᠨ | ᠡᠭᠦᠰᠴᠦ᠂ ᠢᠯᠵᠢᠷᠡᠯ ᠤᠨ ᠡᠭᠦᠰᠦᠨ ᠳᠡᠯᠭᠡᠷᠡᠬᠦ ᠬᠥᠷᠥᠰᠥ ᠰᠢᠷᠣᠢ ᠪᠠ ᠨᠥᠬᠦᠴᠡᠯ ᠢ ᠠᠷᠢᠯᠭᠠᠬᠤ ᠡᠭᠦᠷᠭᠡ ᠮᠥᠨ ᠯᠡ | ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠶᠢᠨ᠎ᠠ᠃ ᠢᠯᠵᠢᠷᠡᠯ ᠢ ᠡᠰᠡᠷᠭᠦᠴᠡᠬᠦ ᠲᠡᠮᠡᠴᠡᠯ ᠢ ᠲᠠᠨᠢᠬᠤ ᠳᠤ ᠵᠠᠪᠠᠯ ᠲᠡᠦᠬᠡᠨ | ᠬᠠᠷᠠᠴᠠ᠂ ᠪᠠᠶᠢᠯᠳᠤᠬᠤ ᠪᠣᠳᠣᠯᠭ᠎ᠠ ᠶᠢᠨ ᠥᠨᠳᠥᠷᠴᠡ ᠲᠠᠢ ᠪᠠᠶᠢᠵᠤ᠂ ᠨᠠᠮ ᠤᠨ ᠡᠭᠦᠷᠭᠡ ᠬᠠᠷᠢᠭᠤᠴᠠᠯᠭ᠎ᠠ ᠶᠢ ᠪᠡᠶᠡᠯᠡᠭᠦᠯᠬᠦ ᠶᠢ | ᠪᠣᠳᠣᠯᠬᠢᠯᠠᠬᠤ ᠬᠡᠷᠡᠭᠲᠡᠢ᠃ ᠢᠯᠵᠢᠷᠡᠯ ᠢ ᠡᠰᠡᠷᠭᠦᠴᠡᠬᠦ ᠲᠡᠮᠡᠴᠡᠯ ᠨᠢ ᠡᠷᠬᠡᠪᠰᠢ ᠡᠷᠡᠰ ᠭᠤᠶᠢᠪᠢᠰᠢ ᠦᠭᠡᠢ ᠪᠠᠶᠢᠵᠤ᠂ ᠶᠠᠮᠠᠷᠪᠠ | ᠡᠷᠡᠭᠡᠯᠵᠡᠬᠦ ᠭᠤᠶᠢᠪᠢᠯᠵᠠᠬᠤ᠂ ᠰᠤᠯᠠᠷᠠᠬᠤ ᠢᠯᠳᠠᠷ ᠬᠠᠶᠠᠬᠤ ᠪᠤᠶᠤ ᠳᠤᠲᠠᠭᠤ ᠲᠣᠷᠭᠤᠨ ᠵᠣᠬᠰᠣᠬᠤ ᠨᠢ ᠴᠥᠮ | ᠨᠤᠷᠠᠭᠠᠯᠲᠠ ᠶᠢᠨ ᠴᠢᠨᠠᠷᠲᠠᠢ ᠠᠯᠳᠠᠭ᠎ᠠ ᠭᠠᠷᠭᠠᠬᠤ ᠪᠣᠯᠣᠨ᠎ᠠ᠃ ᠡᠯ᠎ᠡ ᠵᠦᠢᠯ ᠤᠨ ᠪᠤᠷᠤᠭᠤ ᠲᠠᠨᠢᠯᠲᠠ ᠶᠢ ᠡᠷᠡᠰ | ᠲᠣᠳᠣᠷᠬᠠᠶᠢᠯᠠᠵᠤ᠂ ᠦᠵᠡᠯ ᠰᠠᠨᠠᠭᠠᠨ ᠤ ᠲᠥᠭᠡᠷᠢᠭᠳᠡᠯ ᠢ ᠠᠷᠢᠯᠭᠠᠨ᠂ ᠢᠯᠵᠢᠷᠡᠯ ᠢ ᠡᠰᠡᠷᠭᠦᠴᠡᠬᠦ ᠲᠡᠮᠡᠴᠡᠯ ᠤᠨ ᠡᠷᠡᠰ ᠵᠣᠷᠢᠭ | ᠪᠠ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ | ᠰᠢᠨ᠎ᠡ ᠴᠠᠭ ᠦᠶ᠎ᠡ ᠰᠢᠨ᠎ᠡ ᠠᠶᠠᠨ ᠳᠤ᠂ ᠡᠷᠬᠡᠪᠰᠢ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠣᠨ ᠴᠢᠩᠭ᠎ᠠ ᠪᠠᠶᠢᠬᠤ | ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ᠂ ᠨᠡᠩ ᠶᠡᠭᠡ ᠦᠷ᠎ᠡ ᠪᠦᠲᠦᠮᠵᠢ ᠣᠯᠬᠤ ᠪᠠᠷ | ᠴᠢᠷᠮᠠᠶᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠭᠤᠷᠪᠠᠳᠤᠭᠠᠷ ᠪᠦᠭᠦᠳᠠ ᠬᠤᠷᠠᠯ ᠤᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠨᠠᠮ ᠤᠨ | ᠢᠮᠠᠭᠲᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠪᠠᠲᠤ ᠴᠢᠩᠭ᠎ᠠ ᠤᠳᠤᠷᠢᠳᠬᠤ | ᠭᠤᠣᠯᠯᠠᠭᠴᠢ ᠪᠤᠯᠬᠤ ᠶᠢ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠯᠠᠪᠳᠠᠭᠤᠨ ᠢᠶᠠᠷ ᠬᠤᠯᠠ | ᠠᠶᠠᠯᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠤᠯᠤᠰ ᠲᠦᠷᠦ ᠶᠢᠨ ᠬᠢᠨᠠᠯᠲᠠ ᠲᠠᠯᠪᠢᠬᠤ ᠶᠢ ᠪᠣᠳᠠᠲᠠᠶᠢᠵᠢᠭᠤᠯᠬᠤ᠂ ᠣᠨᠣᠪᠴᠢᠲᠠᠢ ᠪᠤᠯᠭᠠᠬᠤ᠂ | ᠪᠠᠶᠢᠩᠭᠤᠵᠢᠭᠤᠯᠬᠤ ᠶᠢ ᠠᠬᠢᠭᠤᠯᠬᠤ ᠬᠡᠷᠡᠭᠲᠡᠢ᠃ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ | ᠪᠠᠶᠢᠬᠤ ᠶᠢ ᠡᠷᠬᠡᠪᠰᠢ ᠬᠡᠯᠡᠭᠰᠡᠨ ᠳᠡᠭᠡᠨ ᠭᠦᠷᠲᠡᠯ᠎ᠡ ᠬᠢᠬᠦ ᠬᠡᠷᠡᠭᠲᠡᠢ᠃ ᠦᠵᠡᠯ ᠰᠠᠨᠠᠭᠠᠨ ᠤ ᠲᠠᠯ᠎ᠠ ᠪᠠᠷ᠂ ᠨᠠᠮ ᠤᠨ ᠰᠢᠨ᠎ᠡ ᠶᠢ | ᠡᠭᠦᠳᠦᠭᠰᠡᠨ ᠤᠨᠤᠯ ᠢᠶᠠᠷ ᠵᠡᠪᠰᠡᠭᠯᠡᠬᠦ ᠶᠢ ᠴᠥᠬᠦᠷᠡᠰᠢ ᠦᠭᠡᠢ ᠴᠢᠩᠭᠠᠳᠬᠠᠵᠤ᠂ ᠨᠠᠮ ᠤᠨ ᠲᠥᠪ ᠬᠤᠷᠢᠶ᠎ᠠ ᠶᠢᠨ ᠲᠤᠰ | ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠬᠦᠷᠢᠶᠡᠨ ᠤ ᠥᠭᠡᠷᠡᠴᠢᠯᠡᠯᠲᠡ ᠬᠥᠭᠵᠢᠯᠲᠡ ᠶᠢᠨ ᠲᠤᠬᠠᠢ ᠬᠠᠷᠠᠯᠲᠠ ᠪᠠᠶᠢᠷᠢ | ᠲᠣᠭᠲᠠᠭᠠᠯᠲᠠ ᠪᠠ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠦᠵᠡᠯ ᠰᠠᠨᠠᠭ᠎ᠠ ᠨᠢᠭᠡᠳᠦᠯᠲᠡᠢ᠂ | ᠴᠢᠭᠯᠡᠯ ᠨᠢᠭᠡᠳᠦᠯᠲᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠤᠯᠤᠰ ᠲᠦᠷᠦ ᠶᠢᠨ ᠲᠠᠯ᠎ᠠ ᠪᠠᠷ᠂ ᠨᠠᠮ ᠤᠨ ᠲᠥᠪ | ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠲᠦᠷᠦ ᠶᠢᠨ ᠰᠠᠬᠢᠯᠭ᠎ᠠ ᠪᠠᠲᠤ | ᠪᠣᠯᠣᠨ ᠤᠯᠤᠰ ᠲᠦᠷᠦ ᠶᠢᠨ ᠶᠣᠰᠣ ᠳᠦᠷᠢᠮ ᠢ ᠴᠢᠩᠳᠠᠯᠠᠵᠤ᠂ ︽ᠲᠤᠯᠤᠭᠠᠨ ᠪᠠᠶᠢᠬᠤ︾ ᠶᠢ ᠤᠬᠳᠤ ᠵᠥᠪᠰᠢᠶᠡᠷᠡᠬᠦ ᠦᠭᠡᠢ | ᠂ ᠦᠭᠡ ᠶᠠᠷᠢᠶ᠎ᠠ ᠦᠢᠯᠡ ᠠᠵᠢᠯᠯᠠᠭ᠎ᠠ ᠨᠢᠭᠡᠳᠦᠯᠲᠡᠢ ᠪᠠᠶᠢᠬᠤ᠂ ᠵᠠᠷᠯᠢᠭ ᠴᠠᠭᠠᠵᠠ ᠶᠢ ᠲᠠᠭᠠᠬᠤ ᠶᠢ ᠪᠠᠲᠤᠯᠠᠬᠤ ᠬᠡᠷᠡᠭᠲᠡᠢ᠃ | ᠦᠢᠯᠡ ᠠᠵᠢᠯᠯᠠᠭ᠎ᠠ ᠶᠢᠨ ᠲᠠᠯ᠎ᠠ ᠪᠠᠷ᠂ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠤᠯᠤᠰ ᠲᠦᠷᠦ ᠶᠢᠨ ᠬᠢᠨᠠᠯᠲᠠ ᠲᠠᠯᠪᠢᠬᠤ ᠭᠤᠣᠯᠳᠠᠯᠭ᠎ᠠ | ᠪᠤᠯᠭᠠᠵᠤ᠂ ᠬᠦᠴᠦ ᠪᠠᠨ ᠬᠠᠮᠲᠤᠳᠬᠠᠨ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠶᠢ ᠠᠬᠢᠭᠤᠯᠵᠤ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠨᠠᠮ ᠤᠨ ᠰᠠᠬᠢᠯᠭ᠎ᠠ ᠪᠠᠲᠤ ᠶᠢᠨ | ᠪᠠᠶᠢᠭᠤᠯᠤᠯᠲᠠ ᠶᠢ ᠴᠢᠩᠭᠠᠳᠬᠠᠬᠤ ᠪᠣᠯ ᠨᠢᠭᠡ ᠵᠦᠢᠯ ᠤᠨ ᠪᠠᠶᠢᠩᠭᠤ ᠶᠢᠨ ᠴᠢᠨᠠᠷᠲᠠᠢ ᠠᠵᠢᠯ ᠪᠣᠯᠣᠨ᠎ᠠ᠂ ᠨᠠᠮ ᠤᠨ ᠭᠡᠰᠢᠭᠦᠨ᠂ | ᠺᠠᠳ᠋ᠷ ᠢ ᠬᠥᠲᠥᠯᠥᠨ ᠵᠢᠯᠤᠭᠤᠳᠴᠤ ᠪᠠᠶᠢᠭᠠᠳ ᠪᠤᠰᠤᠳ ᠢᠶᠠᠷ ᠱᠠᠭᠠᠷᠳᠠᠭᠤᠯᠬᠤ ᠶᠢ ᠪᠡᠶ᠎ᠡ ᠪᠠᠨ ᠪᠠᠷᠢᠬᠤ ᠪᠤᠯᠭᠠᠵᠤ᠂ | ᠳᠣᠲᠣᠷ᠎ᠠ ᠪᠠᠨ ᠰᠠᠭᠤᠭᠳᠠᠭᠤᠯᠵᠤ ᠡᠳᠦᠷ ᠳᠤᠲᠤᠮ ᠤᠨ ᠠᠮᠢᠳᠤᠷᠠᠯ ᠳᠠᠭᠠᠨ ᠬᠡᠷᠡᠭᠯᠡᠵᠦ ᠳᠠᠳᠤᠭᠰᠠᠨ ᠦᠭᠡ ᠶᠠᠷᠢᠶ᠎ᠠ ᠦᠢᠯᠡ | ᠠᠵᠢᠯᠯᠠᠭ᠎ᠠ ᠶᠢᠨ ᠪᠠᠷᠢᠮᠵᠢᠶ᠎ᠠ ᠪᠣᠯᠭᠠᠨ ᠬᠤᠪᠢᠷᠠᠭᠤᠯᠬᠤ ᠬᠡᠷᠡᠭᠲᠡᠢ᠃ ᠪᠠᠶᠢᠩᠭᠤᠵᠢᠭᠰᠠᠨ ᠤᠷᠲᠤ ᠬᠤᠭᠤᠴᠠᠭᠠᠨ ᠤ | ᠪᠦᠲᠦᠮᠵᠢᠲᠡᠶ ᠰᠠᠬᠢᠯᠭ᠎ᠠ ᠪᠠᠲᠤ ᠶᠢᠨ ᠬᠥᠮᠦᠵᠢᠯ ᠤᠨ ᠲᠣᠭᠲᠠᠴᠠ ᠶᠢ ᠪᠠᠶᠢᠭᠤᠯᠵᠤ᠂ ᠰᠠᠬᠢᠯᠭ᠎ᠠ ᠪᠠᠲᠤ ᠶᠢᠨ ᠬᠥᠮᠦᠵᠢᠯ ᠢ | ᠺᠠᠳ᠋ᠷ ᠤᠨ ᠦᠰᠦᠨ ᠪᠤᠶᠢᠵᠢᠬᠤ ᠪᠦᠭᠦ ᠦᠶᠡᠯᠡᠯ ᠳᠤ ᠲᠤᠭᠤᠰᠢᠯᠠᠭᠤᠯᠵᠤ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ | ᠪᠦᠭᠦ ᠶᠠᠪᠤᠴᠠ ᠳᠤ ᠠᠭᠤᠰᠬᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ᠂ ︽ᠲᠦᠷᠪᠡᠨ | ᠵᠦᠢᠯ ᠤᠨ ᠭᠡᠯᠪᠡᠷᠢ ᠪᠠᠶᠢᠳᠠᠯ︾ ᠢ ᠵᠥᠪ ᠣᠨᠣᠪᠴᠢᠲᠠᠢ ᠬᠡᠷᠡᠭᠯᠡᠨ᠂ ᠦᠨᠡᠨ ᠠᠴᠠ ᠵᠥᠪ ᠢ ᠡᠷᠢᠵᠦ᠂ ᠬᠢᠯᠢᠰᠳᠡᠭᠦᠯᠬᠦ ᠦᠭᠡᠢ | ᠪᠠᠰᠠ ᠳᠤᠷ᠎ᠠ ᠪᠠᠷ ᠨᠢ ᠲᠠᠯᠪᠢᠬᠤ ᠦᠭᠡᠢ᠂ ᠡᠷᠲᠡ ᠠᠴᠠ ᠠᠳᠬᠤᠵᠤ᠂ ᠪᠠᠭ᠎ᠠ ᠳᠡᠭᠡᠷ᠎ᠡ ᠨᠢ ᠰᠡᠷᠭᠡᠶᠢᠯᠡᠵᠦ᠂ ᠴᠢᠩᠭ᠎ᠠ | ᠬᠠᠮᠢᠶᠠᠷᠤᠨ ᠬᠢᠨᠠᠬᠤ ᠪᠠ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠬᠤ ᠶᠢ ᠨᠢᠭᠡᠳᠬᠡᠵᠦ᠂ ᠺᠠᠳ᠋ᠷᠴᠤᠳ ᠢ ᠳᠦᠷᠢᠮ | ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠳᠤᠮᠳᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠂ ᠠᠵᠢᠯ | ᠬᠢᠵᠦ ᠦᠢᠯᠡᠰ ᠪᠣᠰᠬᠠᠬᠤ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠤᠷᠲᠠᠯ ᠢᠯᠵᠢᠷᠡᠯ ᠢ ᠬᠠᠮᠲᠤ ᠪᠠᠷ ᠪᠠᠶᠢᠴᠠᠭᠠᠵᠤ ᠬᠠᠮᠲᠤ ᠪᠠᠷ ᠵᠠᠰᠠᠬᠤ ᠠᠵᠢᠯ ᠢ ᠭᠦᠨᠵᠡᠭᠡᠢ | ᠠᠬᠢᠭᠤᠯᠬᠤ ᠬᠡᠷᠡᠭᠲᠡᠢ᠃ ᠤᠬᠲᠤ ᠠᠭᠤᠴᠢᠯᠠᠬᠤ ᠦᠭᠡᠢ ᠪᠠᠶᠢᠬᠤ ᠶᠢ ᠢᠮᠠᠭᠲᠠ ᠪᠠᠷᠢᠮᠲᠠᠯᠠᠵᠤ᠂ ᠲᠥᠪ ᠤᠨ ᠨᠠᠢᠮᠠᠨ | ᠲᠣᠭᠲᠠᠭᠠᠯ ᠢ ᠲᠡᠮᠦᠷ ᠶᠣᠰᠣ᠂ ᠬᠠᠲᠠᠭᠤ ᠪᠠᠷᠢᠮᠵᠢᠶ᠎ᠠ ᠪᠤᠯᠭᠠᠵᠤ᠂ ᠥᠰᠢᠯᠳᠦᠨ ᠰᠠᠬᠢᠯᠭ᠎ᠠ ᠪᠠᠲᠤ ᠶᠢ ᠵᠥᠷᠢᠴᠡᠭᠰᠡᠨ᠂ | ᠳᠠᠯᠳᠠᠭᠤᠷ ᠣᠨᠳᠣᠣᠰᠢᠭᠰᠠᠨ ︽ᠲᠦᠷᠪᠡᠨ ᠰᠤᠷᠲᠠᠯ︾ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ | ᠨᠠᠮ ᠤᠨ ᠭᠡᠰᠢᠭᠦᠨ᠂ ᠺᠠᠳ᠋ᠷᠴᠤᠳ ᠤᠨ ᠣᠨᠴᠠ ᠡᠷᠬᠡ ᠶᠢᠨ ᠦᠵᠡᠯ ᠰᠠᠨᠠᠭ᠎ᠠ ᠪᠠ ᠣᠨᠴᠠ ᠡᠷᠬᠡ ᠶᠢᠨ ᠦᠵᠡᠭᠳᠡᠯ ᠢ ᠡᠷᠡᠰ | ᠡᠰᠡᠷᠭᠦᠴᠡᠬᠦ ᠶᠢ ᠱᠠᠯᠠᠪᠳᠠᠭᠤᠯᠵᠤ᠂ ᠡᠷᠬᠡ ᠶᠢᠨ ᠲᠤᠬᠠᠢ ᠵᠥᠪ ᠦᠵᠡᠯᠲᠡ᠂ ᠠᠯᠪᠠᠨ ᠠᠮᠵᠢᠯᠲᠠ ᠶᠢᠨ ᠲᠤᠬᠠᠢ ᠵᠥᠪ | ᠦᠵᠡᠯᠲᠡ᠂ ᠠᠵᠢᠯ ᠦᠢᠯᠡᠰ ᠤᠨ ᠲᠤᠬᠠᠢ ᠵᠥᠪ ᠦᠵᠡᠯᠲᠡ ᠶᠢ ᠪᠠᠲᠤ ᠪᠤᠢ ᠪᠤᠯᠭᠠᠬᠤ ᠬᠡᠷᠡᠭᠲᠡᠢ᠃ ᠢᠯᠵᠢᠷᠡᠯ ᠢ ᠡᠰᠡᠷᠭᠦᠴᠡᠬᠦ | ᠰᠦᠷ ᠬᠦᠴᠦᠲᠦ ᠪᠠᠶᠢᠳᠠᠯ ᠢ ᠢᠮᠠᠭᠲᠠ ᠪᠠᠲᠤᠯᠠᠵᠤ᠂ ᠭᠤᠣᠯᠳᠠᠯᠭ᠎ᠠ ᠲᠠᠢ ᠠᠰᠠᠭᠤᠳᠠᠯ᠂ ᠭᠤᠣᠯᠳᠠᠯᠭ᠎ᠠ ᠲᠠᠢ ᠬᠦᠷᠢᠶ᠎ᠡ᠂ | ᠭᠤᠣᠯᠳᠠᠯᠭ᠎ᠠ ᠲᠠᠢ ᠡᠲᠡᠭᠡᠳ ᠢ ᠭᠤᠣᠯᠳᠠᠯᠭ᠎ᠠ ᠲᠠᠢ ᠠᠳᠬᠤᠵᠤ᠂ ᠬᠡᠭᠡᠯᠢ ᠢᠳᠡᠵᠦ ᠬᠠᠭ᠋ᠤᠤᠯᠢ ᠲᠦᠯᠬᠢᠬᠦ ᠶᠢ ᠬᠠᠮᠲᠤ ᠳᠤᠨᠢ | ᠪᠠᠶᠢᠴᠠᠭᠠᠬᠤ ᠠᠵᠢᠯ ᠢ ᠬᠦᠴᠦᠯᠡᠨ ᠭᠦᠨᠵᠡᠭᠡᠶᠢᠷᠡᠭᠦᠯᠵᠦ᠂ ᠰᠢᠰᠲ᠋ᠧᠮ ᠤᠨ ᠴᠢᠨᠠᠷᠲᠠᠢ ᠢᠯᠵᠢᠷᠡᠯ ᠤᠨ ᠠᠶᠤᠯ ᠲᠦᠭᠰᠢᠭᠦᠷᠢ ᠭᠡᠮ | ᠰᠣᠭᠤᠭ ᠢ ᠡᠷᠡᠰ ᠠᠷᠢᠯᠭᠠᠬᠤ ᠬᠡᠷᠡᠭᠲᠡᠢ᠃ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠵᠤ ᠵᠠᠰᠠᠯᠲᠠ ᠶᠢ ᠠᠬᠢᠭᠤᠯᠬᠤ ᠪᠣᠳᠠᠲᠤ | ᠦᠷ᠎ᠡ ᠪᠦᠲᠦᠮᠵᠢ ᠶᠢ ᠴᠢᠩᠭᠠᠳᠬᠠᠵᠤ᠂ ᠡᠷᠬᠡ ᠶᠢᠨ ᠲᠣᠬᠢᠷᠠᠭᠤᠯᠤᠯᠲᠠ ᠶᠢᠨ ᠠᠵᠢᠯᠯᠠᠭᠠᠨ ᠤ ᠬᠢᠵᠠᠭᠠᠷᠯᠠᠯ ᠪᠠ ᠬᠢᠨᠠᠯᠲᠠ | ᠲᠠᠯᠪᠢᠬᠤ ᠲᠣᠭᠲᠠᠴᠠ ᠶᠢ ᠠᠬᠢᠭᠤᠯᠤᠨ ᠲᠡᠭᠦᠯᠳᠡᠷᠵᠢᠭᠦᠯᠵᠦ᠂ ᠰᠢᠨ᠎ᠡ ᠮᠠᠶ᠋ᠢᠭ ᠤᠨ ᠢᠯᠵᠢᠷᠡᠯ ᠪᠠ ᠲᠠᠯᠳᠠ ᠢᠯᠵᠢᠷᠡᠯ ᠢ | ᠰᠡᠷᠭᠡᠶᠢᠯᠡᠨ ᠵᠠᠰᠠᠬᠤ ᠪᠦᠲᠦᠮᠵᠢᠲᠡᠢ ᠠᠷᠭ᠎ᠠ ᠶᠢ ᠪᠠᠶᠠᠯᠢᠭᠵᠢᠭᠤᠯᠬᠤ ᠬᠡᠷᠡᠭᠲᠡᠢ᠃ ᠰᠤᠷᠲᠠᠯ ᠢ ᠲᠥᠪ ᠪᠣᠯᠭᠠᠨ ᠰᠠᠬᠢᠯᠭ᠎ᠠ | ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ︽ᠬᠠᠮᠲᠤ ᠪᠠᠷ | ᠪᠠᠶᠢᠴᠠᠭᠠᠬᠤ︾ ᠪᠠᠷ ᠰᠤᠷᠲᠠᠯ ᠢᠯᠵᠢᠷᠡᠯ ᠰᠣᠯᠪᠢᠴᠠᠭᠰᠠᠨ ᠠᠰᠠᠭᠤᠳᠠᠯ ᠢ ᠴᠢᠩᠭ᠎ᠠ ᠰᠢᠢᠳᠬᠡᠵᠦ᠂ ︽ᠬᠠᠮᠲᠤ ᠪᠠᠷ ᠵᠠᠰᠠᠬᠤ︾ | ᠪᠠᠷ ᠰᠤᠷᠲᠠᠯ ᠢᠯᠵᠢᠷᠡᠯ ᠤᠨ ᠨᠡᠶᠢᠲᠡᠴᠢ ᠴᠢᠨᠠᠷ ᠤᠨ ᠦᠨᠳᠦᠰᠦ ᠰᠤᠷᠪᠤᠯᠵᠢ ᠶᠢ ᠠᠷᠢᠯᠭᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠣᠯᠣᠨ ᠬᠢᠨᠠᠯᠲᠠ | ᠲᠠᠯᠪᠢᠬᠤ ᠬᠠᠷᠢᠭᠤᠴᠠᠯᠭ᠎ᠠ ᠶᠢ ᠴᠢᠩᠭᠠᠳᠬᠠᠬᠤ ᠬᠡᠷᠡᠭᠲᠡᠢ᠃ ᠨᠠᠮ ᠤᠨ ᠬᠤᠷᠢᠶ᠎ᠠ ᠰᠠᠨᠠᠭᠠᠴᠢᠯᠠᠭ᠎ᠠ ᠠᠴᠠ ᠪᠠᠨ ᠠᠳᠬᠤᠵᠤ᠂ | ᠰᠠᠨᠠᠭᠠᠴᠢᠯᠠᠭ᠎ᠠ ᠠᠴᠠ ᠪᠠᠨ ᠬᠠᠮᠢᠶᠠᠷᠴᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠲᠤᠰᠬᠠᠢ ᠬᠠᠷᠢᠭᠤᠴᠠᠯᠭ᠎ᠠ ᠶᠢᠨ | ᠬᠢᠨᠠᠯᠲᠠ ᠶᠢ ᠰᠠᠶᠢᠲᠤᠷ ᠭᠦᠢᠴᠡᠳᠬᠡᠵᠦ᠂ ᠭᠤᠣᠯ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠭᠤᠣᠯ | ᠠᠵᠢᠯ ᠢᠶᠠᠨ ᠰᠠᠶᠢᠲᠤᠷ ᠬᠢᠵᠦ᠂ ᠡᠯ᠎ᠡ ᠬᠠᠷᠢᠭᠤᠴᠠᠯᠭ᠎ᠠ ᠶᠢᠨ ᠭᠤᠣᠯ ᠴᠣᠭᠴᠠ ᠴᠥᠮ ᠬᠠᠷᠢᠭᠤᠴᠠᠯᠭ᠎ᠠ ᠪᠠᠨ ᠮᠡᠳᠡᠵᠦ᠂ | ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠰᠢᠯᠭᠠᠨ ᠦᠨᠡᠯᠡᠬᠦ ᠲᠣᠭᠲᠠᠴᠠ ᠶᠢ ᠰᠢᠯᠢᠳᠡᠭᠵᠢᠭᠦᠯᠵᠦ᠂ ᠲᠤᠰᠢᠶᠠᠯ ᠳᠠᠭᠠᠨ ᠤᠰᠤᠯᠳᠤᠵᠤ | ᠬᠠᠷᠢᠭᠤᠴᠠᠯᠭ᠎ᠠ ᠪᠠᠨ ᠠᠯᠳᠠᠭᠰᠠᠳ ᠠᠴᠠ ᠣᠨᠣᠴᠠᠲᠠᠢ ᠰᠢᠨᠵᠢᠯᠡᠬᠦ ᠤᠬᠠᠭᠠᠨᠴᠢ ᠪᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ | ᠭᠡᠵᠦ ᠴᠢᠬᠤᠯᠠᠴᠢᠯᠠᠪᠠ᠃ ᠰᠢ ᠶᠢᠨ ᠫᠢᠩ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠨᠳᠦᠰᠦᠨ ᠱᠠᠲᠤ ᠲᠡᠶᠢᠰᠢ | ᠦᠷᠭᠦᠯᠵᠢᠯᠡᠭᠦᠯᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠢᠯᠠᠩᠭᠤᠶ᠎ᠠ ᠬᠤᠲᠠ | ᠰᠢᠶᠠᠨ ᠤ ᠨᠠᠮ ᠤᠨ ᠬᠤᠷᠢᠶ᠎ᠠ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ | ᠴᠡᠭᠴᠡᠯᠡᠨ ᠵᠠᠰᠠᠬᠤ ᠶᠢ ᠴᠢᠬᠤᠯᠠ ᠡᠭᠦᠷᠭᠡ ᠪᠣᠯᠭᠠᠨ ᠪᠠᠶᠢᠩᠭᠤᠵᠢᠭᠤᠯᠤᠨ ᠠᠳᠬᠤᠵᠤ᠂ ᠠᠷᠠᠳ ᠤᠯᠠᠨ ᠳᠤ ᠪᠠᠶᠠᠷᠲᠤ | ᠲᠥᠷᠥᠭᠳᠡᠯ ᠥᠭᠬᠦ ᠬᠡᠷᠡᠭᠲᠡᠢ᠃ ᠦᠨᠳᠦᠰᠦᠨ ᠱᠠᠲᠤᠨ ᠤ ᠬᠢᠨᠠᠯᠲᠠ ᠲᠠᠯᠪᠢᠬᠤ ᠪᠠᠶᠢᠭᠤᠯᠤᠮᠵᠢ ᠲᠣᠭᠲᠠᠴᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠶᠢ ᠦᠨᠳᠦᠰᠦᠨ ᠱᠠᠲᠤᠨ ᠤ | ᠴᠠᠭᠳᠠᠨ ᠪᠠᠶᠢᠴᠠᠭᠠᠬᠤ ᠲᠠᠢ ᠤᠶᠠᠯᠳᠤᠭᠤᠯᠵᠤ᠂ ᠡᠯ᠎ᠡ ᠲᠠᠯ᠎ᠠ ᠶᠢᠨ ᠬᠢᠨᠠᠯᠲᠠ ᠲᠠᠢ ᠨᠢᠭᠡᠳᠦᠯᠲᠡᠢ ᠲᠥᠯᠥᠪᠯᠡᠬᠦ ᠬᠡᠷᠡᠭᠲᠡᠢ᠃ | ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠶᠢ ᠨᠠᠶᠢᠳᠠᠪᠤᠷᠢᠵᠢᠭᠤᠯᠬᠤ ᠶᠢ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠪᠤᠯᠭᠠᠵᠤ᠂ ᠥᠷᠭᠡᠨ ᠤᠯᠠᠨ ᠦᠨᠳᠦᠰᠦᠨ ᠱᠠᠲᠤᠨ ᠤ | ᠺᠠᠳ᠋ᠷᠴᠤᠳ ᠲᠤ ᠨᠠᠶᠢᠳᠠᠪᠤᠷᠢᠵᠢᠭᠤᠯᠤᠯᠲᠠ ᠶᠢ ᠠᠳᠬᠤᠬᠤ ᠨᠡᠩ ᠤᠯᠠᠨ ᠤᠶᠤᠨ ᠴᠢᠳᠠᠯ ᠲᠠᠢ ᠪᠤᠯᠭᠠᠬᠤ ᠬᠡᠷᠡᠭᠲᠡᠢ ᠭᠡᠵᠦ | ᠵᠢᠭᠠᠵᠤ ᠭᠠᠷᠭᠠᠪᠠ᠃ ᠰᠢ ᠶᠢᠨ ᠫᠢᠩ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠣᠯ ᠨᠠᠮ ᠤᠨ | ᠥᠪᠡᠷ ᠪᠡᠶ᠎ᠡ ᠶᠢᠨ ᠬᠤᠪᠢᠰᠬᠠᠯ ᠬᠢᠬᠦ ᠶᠢ ᠠᠬᠢᠭᠤᠯᠬᠤ ᠴᠢᠬᠤᠯᠠ ᠬᠦᠴᠦᠨ ᠮᠥᠨ᠂ ᠨᠠᠮ ᠪᠣᠯᠣᠨ ᠠᠷᠠᠳ ᠲᠦᠮᠡᠨ ᠡᠨᠡ ᠬᠦ | ᠡᠩᠨᠡᠭᠡ ᠳᠤ ᠢᠲᠡᠭᠡᠯ ᠭᠦᠢᠴᠡᠳ᠂ ᠬᠦᠰᠡᠯ ᠡᠷᠡᠮᠡᠯᠵᠡᠯ ᠢᠶᠠᠷ ᠳᠦᠭᠦᠷᠡᠩ ᠪᠠᠶᠢᠨ᠎ᠠ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠷᠬᠡ ᠣᠯᠭᠤᠬᠤ ᠪᠠ ᠡᠷᠬᠡ ᠡᠵᠡᠮᠳᠡᠬᠦ ᠶᠢ | ᠤᠶᠠᠯᠳᠤᠭᠤᠯᠬᠤ ᠶᠢ ᠪᠠᠷᠢᠮᠲᠠᠯᠠᠵᠤ᠂ ᠡᠷᠬᠡ ᠶᠢ ᠳᠦᠷᠢᠮ ᠤᠨ ᠰᠢᠩᠭᠡᠯᠢᠭ ᠲᠤ ᠬᠤᠷᠢᠬᠤ ᠬᠡᠷᠡᠭᠲᠡᠢ᠃ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠵᠢᠷᠦᠮᠵᠢᠯᠲᠡ ᠬᠠᠤᠯᠢᠵᠢᠯᠲᠠ ᠵᠢᠩᠬᠢᠨᠢᠴᠢᠯᠡᠯᠲᠡ ᠶᠢᠨ ᠪᠠᠶᠢᠭᠤᠯᠤᠯᠲᠠ ᠶᠢ | ᠬᠦᠴᠦᠯᠡᠨ ᠴᠢᠩᠭᠠᠳᠬᠠᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ | ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠭᠤᠣᠯ ᠰᠡᠳᠦᠪᠲᠦ ᠬᠥᠮᠦᠵᠢᠯ ᠪᠣᠯᠣᠨ ᠬᠥᠮᠦᠵᠢᠯ ᠢᠶᠠᠷ | ᠴᠡᠭᠴᠡᠯᠡᠬᠦ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠲᠡᠮᠦᠷ ᠢ ᠳᠠᠪᠲᠠᠬᠤ ᠳᠤ ᠥᠪᠡᠷ ᠢᠶᠠᠨ ᠵᠠᠪᠠᠯ ᠬᠠᠲᠠᠭᠤ | ᠪᠠᠶᠢᠬᠤ ᠶᠢ ᠪᠠᠷᠢᠮᠲᠠᠯᠠᠵᠤ᠂ ᠴᠢᠩᠭ᠎ᠠ ᠬᠠᠮᠢᠶᠠᠷᠴᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠦᠨᠡᠨᠴᠢ ᠰᠢᠳᠤᠷᠭᠤ ᠠᠷᠢᠭᠤᠨ | ᠴᠢᠬᠡᠴᠢ ᠬᠠᠷᠢᠭᠤᠴᠠᠯᠭ᠎ᠠ ᠲᠠᠢ᠂ ᠵᠣᠷᠢᠭᠲᠠᠢ ᠴᠢᠳᠠᠮᠠᠭᠠᠢ ᠲᠡᠮᠡᠴᠡᠳᠡᠭ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠲᠡᠮᠦᠷ ᠴᠡᠷᠢᠭ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠯᠢ ᠰᠢ ᠬᠤᠷᠠᠯ ᠡᠷᠭᠢᠯᠡᠭᠦ ᠳᠡᠭᠡᠨ᠂ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠠ ᠶᠠᠷᠢᠶ᠎ᠠ ᠨᠢ᠂ ᠥᠩᠭᠡᠷᠡᠭᠰᠡᠨ ᠨᠢᠭᠡ ᠵᠢᠯ ᠤᠨ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠠᠵᠢᠯ ᠤᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠠᠯᠤᠰ ᠭᠡᠳᠤ ᠶᠢᠨ ᠲᠡᠦᠬᠡ ᠶᠢᠨ | ᠬᠠᠷᠠᠴᠠ ᠪᠠᠷ ᠢᠯᠵᠢᠷᠡᠯ ᠢ ᠡᠰᠡᠷᠭᠦᠴᠡᠬᠦ ᠲᠡᠮᠡᠴᠡᠯ ᠤᠨ ᠦᠨᠳᠦᠰᠦᠨ ᠵᠢᠮ᠎ᠡ ᠶᠣᠰᠣ ᠶᠢ ᠭᠦᠨᠵᠡᠭᠡᠢ ᠡᠵᠡᠮᠳᠡᠵᠦ᠂ ᠣᠳᠣᠬᠠᠨ ᠤ | ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠢ ᠭᠦᠨᠵᠡᠭᠡᠢ ᠵᠠᠳᠠᠯᠵᠤ᠂ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠣᠭᠤᠮᠲᠠ | ᠰᠢᠪᠲᠤᠯᠬᠤ ᠳᠠᠶᠢᠯᠠᠯᠳᠤᠭᠠᠨ᠂ ᠤᠳᠠᠭᠠᠨ ᠳᠠᠭᠠᠭᠠᠮᠠᠭᠠᠢ ᠳᠠᠶᠢᠯᠠᠯᠳᠤᠭᠠᠨ᠂ ᠶᠡᠷᠦᠩᠬᠡᠢ ᠳᠠᠶᠢᠯᠠᠯᠳᠤᠭᠠᠨ ᠢ ᠡᠷᠡᠰ ᠰᠠᠶᠢᠲᠤᠷ | ᠬᠢᠬᠦ ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ | ᠠᠬᠢᠭᠤᠯᠬᠤ ᠳᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ ᠥᠭᠴᠡᠢ᠃ ᠶᠠᠷᠢᠶ᠎ᠠ ᠨᠢ ᠥᠨᠳᠥᠷ ᠲᠤ ᠵᠣᠭᠰᠣᠨ | ᠠᠯᠤᠰ ᠢ ᠪᠠᠷᠠᠯᠠᠵᠦ᠂ ᠦᠵᠡᠯ ᠰᠠᠨᠠᠭ᠎ᠠ ᠭᠦᠨ ᠭᠦᠨᠵᠡᠭᠡᠢ᠂ ᠠᠰᠠᠭᠤᠳᠠᠯ ᠳᠤ ᠰᠢᠭᠤᠳ ᠬᠠᠨᠳᠤᠵᠤ᠂ ᠬᠥᠮᠥᠰ ᠢ | ᠰᠡᠩᠬᠡᠷᠡᠭᠦᠯᠵᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ | ᠠᠬᠢᠭᠤᠯᠬᠤ ᠳᠤ ᠴᠢᠬᠤᠯᠠ ᠵᠢᠷᠤᠮᠯᠠᠯ ᠬᠠᠩᠭᠠᠵᠠᠢ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ | ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ | ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠢᠲᠡᠭᠡᠯ ᠵᠣᠷᠢᠭ ᠢᠶᠠᠨ ᠪᠠᠲᠤᠳᠬᠠᠵᠤ᠂ | ᠵᠣᠷᠢᠭᠲᠠᠢ ᠪᠠᠷ ᠲᠡᠮᠡᠴᠡᠵᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠨᠠᠷᠢᠨ | ᠬᠢᠨᠠᠮᠠᠭᠠᠢ ᠭᠦᠢᠴᠡᠳᠬᠡᠵᠦ᠂ ᠢᠯᠵᠢᠷᠠᠬᠤ ᠠᠴᠠ ᠵᠢᠷᠦᠬᠡᠰᠢᠶᠡᠬᠦ᠂ ᠢᠯᠵᠢᠷᠡᠵᠦ ᠪᠤᠯᠬᠤ ᠦᠭᠡᠢ᠂ ᠢᠯᠵᠢᠷᠠᠬᠤ ᠶᠢ ᠪᠤᠳᠤᠬᠤ | ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ | ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ | ᠨᠥᠬᠦᠳ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ | ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ | ᠬᠤᠯᠪᠣᠭᠳᠠᠯ ᠪᠦᠬᠦᠢ ᠤᠳᠤᠷᠢᠳᠬᠤ ᠨᠥᠬᠦᠳ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠳ | ᠬᠤᠷᠠᠯ ᠳᠤ ᠣᠷᠣᠯᠴᠠᠪᠠ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠡᠰᠢᠭᠦᠨ᠂ ᠲᠥᠪ ᠤᠨ ᠪᠠ | ᠲᠦᠷᠦ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠭᠦᠮ ᠤᠨ ᠭᠤᠣᠯ ᠬᠠᠷᠢᠭᠤᠴᠠᠯᠭᠠᠲᠠᠨ | ᠨᠥᠬᠦᠳ᠂ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ | ᠣᠷᠣᠯᠴᠠᠵᠠᠢ᠃ ᠬᠤᠷᠠᠯ ᠨᠢ ᠲᠧᠯᠸᠢᠰ ᠤᠲᠠᠰᠤ ᠬᠤᠷᠠᠯ ᠤᠨ ᠭᠡᠯᠪᠡᠷᠢ ᠪᠠᠷ ᠶᠠᠪᠤᠭᠳᠠᠵᠤ᠂ ᠡᠯ᠎ᠡ ᠮᠤᠵᠢ᠂ ᠥᠪᠡᠷᠲᠡᠭᠡᠨ | ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ | ᠪᠢᠩᠲ᠋ᠤᠸᠠᠨ ᠵᠢᠴᠢ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠳᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ | ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠭᠦᠳᠡ ᠬᠤᠷᠠᠯ 1 ᠰᠠᠷ᠎ᠠ ᠶᠢᠨ 6 ᠤ ᠡᠳᠦᠷ ᠪᠡᠭᠡᠵᠢᠩ ᠳᠤ ᠡᠬᠢᠯᠡᠪᠡ᠃ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠢ ᠡᠷᠭᠢᠯᠡᠪᠡ᠃ 6 ᠤ | ᠦᠳᠡ ᠶᠢᠨ ᠬᠤᠶᠢᠨ᠎ᠠ ᠯᠢ ᠰᠢ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ | ᠡᠮᠦᠨ᠎ᠡ ᠠᠴᠠ ︽ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ | ᠭᠦᠨᠵᠡᠭᠡᠢ ᠠᠬᠢᠭᠤᠯᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠡ ᠦᠷ᠎ᠡ ᠪᠦᠲᠦᠮᠵᠢ ᠪᠠᠷ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠶ᠎ᠠ︾ ᠭᠡᠬᠦ ᠰᠡᠳᠦᠪ ᠢᠶᠠᠷ ᠠᠵᠢᠯ ᠤᠨ | ᠮᠡᠳᠡᠭᠦᠯᠦᠯᠲᠡ ᠬᠢᠪᠡ᠃ |