ᠵᠦᠸᠧᠽᠢ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ︽ᠢᠲᠡᠭᠡᠮᠵᠢ ᠶᠢᠨ ᠴᠢᠳᠠᠪᠤᠷᠢ ᠣᠯᠭᠤᠬᠤ︾ ᠬᠤᠪᠢ ᠶᠢᠨ ᠠᠵᠤ ᠠᠬᠤᠶ ᠶᠢᠨ ᠬᠥᠭᠵᠢᠯᠲᠡ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2025/1/15
    ᠨᠢᠳᠤᠨᠤᠨ ᠠᠴᠠ ᠨᠠᠰᠢ᠂ ᠵᠦᠸᠧᠽᠢ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠠᠵᠢᠯ ᠤᠨ ᠱᠠᠭᠠᠷᠳᠠᠯᠭ᠎ᠠ ᠪᠣᠯᠣᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠪᠡᠯᠡ ᠲᠣᠬᠢᠷᠠᠭᠤᠯᠬᠤ ᠳᠤ ᠬᠦᠴᠢᠷᠲᠡᠢ ᠪᠠᠶᠢᠬᠤ ᠬᠦᠴᠢᠷᠳᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠦᠸᠧᠽᠢ ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠲᠠᠢ ᠢᠳᠡᠪᠬᠢᠲᠡᠢ ᠭᠠᠷ ᠬᠤᠯᠪᠣᠯᠴᠠᠨ᠂ ︽ᠬᠤᠪᠢ ᠶᠢᠨ ᠥᠪᠥᠷ ᠮᠣᠩᠭᠤᠯ ᠤᠨ ᠢᠲᠡᠭᠡᠮᠵᠢᠲᠦ ᠵᠢᠭᠡᠯᠡᠯᠭᠡ︾ ᠶᠢᠨ ᠲᠦᠷᠦ ᠶᠢᠨ ᠪᠣᠳᠣᠯᠭ᠎ᠠ ᠶᠢ ᠶᠡᠬᠡᠪᠡᠷ ᠳᠡᠯᠭᠡᠷᠡᠭᠦᠯᠵᠦ᠂ ᠬᠤᠪᠢ ᠶᠢᠨ ᠦᠨᠡᠨᠴᠢ ᠢᠲᠡᠭᠡᠮᠵᠢ ᠶᠢᠨ ᠡᠵᠡᠩᠨᠡᠯᠲᠡ ᠶᠢᠨ ᠦᠷᠳᠡᠭ ᠢ ᠢᠯᠡᠷᠡᠭᠦᠯᠵᠦ᠂ ᠬᠤᠪᠢ ᠶᠢᠨ ᠠᠵᠤ ᠠᠬᠤᠢ ᠶᠢᠨ ᠥᠷᠨᠢᠩᠭᠦᠢ ᠬᠥᠭᠵᠢᠯᠲᠡ ᠳᠤ ᠬᠦᠴᠦᠷᠬᠡᠭ ᠶᠡᠭᠡ ︽ᠮᠥᠩᠭᠦᠨ ᠭᠦᠢᠯᠭᠡᠭᠡᠨ ᠤ ᠬᠥᠳᠡᠯᠭᠡᠭᠡᠨ︾ ᠨᠡᠮᠡᠷᠢᠯᠡᠬᠦ ᠪᠠᠷ ᠴᠢᠷᠮᠠᠶᠢᠪᠠ᠃    ᠵᠦᠸᠧᠽᠢ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠬᠤᠪᠢ ᠶᠢᠨ ᠮᠧᠩ ᠢᠲᠡᠭᠡᠮᠵᠢᠲᠦ ᠵᠢᠭᠡᠯᠡᠯᠭᠡ︾ ᠶᠢᠨ ᠮᠥᠩᠭᠦᠨ ᠭᠦᠢᠯᠭᠡᠭᠡᠨ ᠤ ᠦᠢᠯᠡᠳᠬᠦᠨ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠵᠢᠭ ᠪᠢᠴᠢᠯ ᠠᠵᠤ ᠠᠬᠤᠶᠢᠯᠠᠯ ᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ ᠦᠰᠦᠨ ᠪᠤᠶᠢᠵᠢᠬᠤ ᠲᠥᠯᠥᠪᠯᠡᠭᠡ︾ ᠲᠠᠢ ᠭᠦᠨᠵᠡᠭᠡᠶ ᠠᠭᠤᠰᠤᠯᠴᠠᠭᠤᠯᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠴᠤᠪᠤᠷᠠᠯ ᠳᠤ ᠤᠷᠠᠨ ᠢᠶᠠᠷ ᠣᠷᠣᠭᠤᠯᠪᠠ᠃ ᠵᠦᠸᠧᠽᠢ ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ᠂ ᠶᠠᠷᠢᠯᠴᠠᠬᠤ ᠬᠤᠷᠠᠯ ᠬᠤᠷᠠᠯᠳᠤᠭᠤᠯᠬᠤ ᠵᠢᠴᠢ ᠤᠬᠠᠭᠤᠯᠭ᠎ᠠ ᠶᠢᠨ ᠮᠠᠲ᠋ᠧᠷᠢᠶᠠᠯ ᠢ ᠥᠷᠭᠡᠨ ᠢᠶᠠᠷ ᠲᠠᠷᠬᠠᠭᠠᠬᠤ ᠵᠡᠷᠭᠡ ᠰᠢᠷᠢᠰ ᠠᠵᠢᠯᠯᠠᠭ᠎ᠠ ᠪᠠᠷ ᠳᠠᠮᠵᠢᠭᠤᠯᠤᠨ᠂ ᠪᠥᠬᠦ ᠰᠢᠶᠠᠨ ᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ︽ᠬᠤᠪᠢ ᠶᠢᠨ ᠥᠪᠥᠷ ᠮᠣᠩᠭᠤᠯ ᠤᠨ ᠢᠲᠡᠭᠡᠮᠵᠢᠲᠦ ᠵᠢᠭᠡᠯᠡᠯᠭᠡ︾ ᠶᠢᠨ ᠠᠯᠢ ᠣᠯᠠᠨ ᠳᠠᠪᠠᠭᠤᠯᠢᠭ ᠢ ᠭᠦᠨᠵᠡᠭᠡᠶ ᠲᠦᠭᠡᠮᠡᠯᠵᠢᠭᠦᠯᠦᠨ᠎ᠡ᠂ ᠵᠢᠱᠢᠶᠡᠯᠡᠪᠡᠯ ᠢᠲᠡᠭᠡᠮᠵᠢ ᠶᠢᠨ ᠴᠢᠳᠠᠪᠤᠷᠢ ᠣᠯᠭᠤᠬᠤ᠂ ᠪᠠᠷᠢᠴᠠᠭᠠᠨ ᠤ ᠳᠠᠭᠠᠭᠠᠯᠲᠠ ᠥᠬᠡᠶ᠂ ᠨᠢᠭᠡ ᠯᠡ ᠤᠳᠠᠭ᠎ᠠ ᠳᠤ ᠢᠲᠡᠭᠡᠮᠵᠢ ᠣᠯᠭᠤᠬᠤ᠂ ᠬᠡᠷᠡᠭᠴᠡᠭᠡ ᠪᠠᠷ ᠵᠣᠭᠤᠰ ᠭᠠᠷᠭᠠᠵᠤ ᠠᠪᠬᠤ᠂ ᠡᠷᠭᠢᠯᠳᠦᠭᠦᠯᠦᠨ ᠬᠡᠷᠡᠭᠯᠡᠬᠦ᠂ ᠬᠡᠵᠢᠶ᠎ᠡ ᠵᠢᠭᠡᠯᠡᠪᠡᠯ ᠬᠡᠵᠢᠶ᠎ᠡ ᠪᠤᠴᠠᠭᠠᠬᠤ ᠵᠡᠷᠭᠡ ᠲᠥᠷᠥ ᠶᠢᠨ ᠪᠣᠳᠣᠯᠭ᠎ᠠ ᠶᠢᠨ ᠭᠤᠣᠯᠳᠠᠯᠭ᠎ᠠ ᠶᠢ ᠭᠦᠨᠵᠡᠭᠡᠶ ᠲᠦᠭᠡᠮᠡᠯᠵᠢᠭᠦᠯᠦᠨ᠎ᠡ᠃ ᠡᠭᠦᠨ ᠤ ᠬᠠᠮᠲᠤ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠬᠥᠲᠥᠯᠥᠨ ᠳᠠᠭᠠᠭᠤᠯᠬᠤ ᠪᠠ ᠤᠷᠮᠠᠰᠢᠭᠤᠯᠬᠤ ᠬᠦᠴᠦᠨ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠬᠦᠷᠢᠶᠡᠨ ᠳᠠᠬᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠶᠢᠨ ᠬᠠᠮᠵᠢᠯᠴᠠᠨ ᠬᠠᠮᠲᠤᠷᠠᠯᠴᠠᠬᠤ ᠶᠢ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠡᠵᠡᠩᠨᠡᠯᠲᠡ ᠶᠢᠨ ᠭᠤᠤᠯ ᠴᠣᠭᠴᠠ ᠶᠢᠨ ᠦᠨᠡᠨᠴᠢ ᠢᠲᠡᠭᠡᠮᠵᠢ ᠪᠠᠨ ᠪᠠᠲᠤ ᠰᠠᠬᠢᠬᠤ᠂ ᠬᠠᠤᠯᠢ ᠶᠣᠰᠣᠭᠠᠷ ᠡᠵᠡᠩᠨᠡᠬᠦ᠂ ᠠᠮᠠᠯᠠᠯᠲᠠ ᠪᠠᠨ ᠪᠡᠶᠡᠯᠡᠭᠦᠯᠵᠦ ᠢᠲᠡᠭᠡᠮᠵᠢ ᠪᠠᠨ ᠵᠢᠷᠤᠮᠯᠠᠬᠤ ᠶᠢ ᠵᠣᠷᠢᠭᠵᠢᠭᠤᠯᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠪᠠᠯᠠ ᠲᠣᠬᠢᠷᠠᠭᠤᠯᠭ᠎ᠠ ᠶᠢᠨ ᠬᠦᠴᠢᠷᠳᠡᠯ ᠤᠨ ᠪᠠᠶᠢᠳᠠᠯ ᠢ ᠣᠨᠣᠪᠴᠢᠲᠠᠶ ᠰᠢᠢᠳᠪᠦᠷᠢᠯᠡᠵᠦ᠂ ᠦᠨᠡᠨ ᠬᠦ ︽ᠮᠥᠩᠭᠦᠨ ᠭᠦᠢᠯᠭᠡᠭᠡᠨ ᠢᠶᠠᠷ ᠬᠦᠴᠦᠨ ᠨᠡᠮᠡᠷᠢᠯᠡᠬᠦ︾ ᠪᠠᠷ ᠬᠤᠪᠢ ᠶᠢᠨ ᠠᠵᠤ ᠠᠬᠤᠶ ᠶᠢᠨ ᠢᠳᠡᠷᠡᠭᠦᠨ ᠢᠶᠠᠷ ᠦᠰᠦᠨ ᠪᠤᠶᠢᠵᠢᠬᠤ ᠶᠢ ᠠᠬᠢᠭᠤᠯᠤᠨ᠎ᠠ᠃    ᠣᠲᠣ ᠪᠣᠯᠲᠠᠯ᠎ᠠ᠂ ᠪᠥᠬᠦ ᠰᠢᠶᠠᠨ ᠳᠤ ᠨᠢᠭᠡᠨᠲᠡ 130 ᠭᠠᠷᠤᠶ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠢᠲᠡᠭᠡᠮᠵᠢ ᠶᠢᠨ ᠳᠠᠭᠠᠭᠠᠯᠲᠠ ᠪᠠᠨ ᠠᠰᠢᠭᠯᠠᠨ ︽ᠬᠤᠪᠢ ᠶᠢᠨ ᠥᠪᠥᠷ ᠮᠣᠩᠭᠤᠯ ᠤᠨ ᠢᠲᠡᠭᠡᠮᠵᠢᠲᠦ ᠵᠢᠭᠡᠯᠡᠯᠭᠡ︾ ᠶᠢᠨ ᠮᠥᠩᠭᠦᠨ ᠭᠦᠢᠯᠭᠡᠭᠡᠨ ᠤ ᠦᠢᠯᠡᠳᠬᠦᠨ ᠢ ᠠᠮᠵᠢᠯᠲᠠ ᠲᠠᠢ ᠭᠤᠶᠤᠴᠢᠯᠠᠵᠤ᠂ ᠵᠦᠸᠧᠽᠢ ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ᠢᠲᠡᠭᠡᠮᠵᠢ ᠣᠯᠭᠤᠬᠤ ᠲᠤᠭ᠎ᠠ ᠬᠡᠮᠵᠢᠶ᠎ᠡ 1070 ᠭᠠᠷᠤᠶ ᠲᠦᠮᠡᠨ ᠲᠥᠭᠦᠷᠢᠭ ᠲᠤ ᠬᠦᠷᠴᠦ᠂ ᠢᠲᠡᠭᠡᠮᠵᠢ ᠶᠢᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠦᠢᠯᠡᠳᠪᠦᠷᠢᠯᠡᠯ ᠡᠵᠡᠩᠨᠡᠯᠲᠡ ᠳᠤ ᠬᠦᠴᠦᠲᠡᠶ ᠴᠢᠳᠠᠪᠤᠷᠢ ᠣᠯᠭᠤᠬᠤ ᠶᠢ ᠪᠦᠲᠦᠮᠵᠢᠲᠡᠶ ᠪᠡᠶᠡᠯᠡᠭᠦᠯᠵᠦ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠳᠤᠮᠳᠠᠬᠢ ᠢᠲᠡᠭᠡᠯ ᠵᠣᠷᠢᠭ ᠢ ᠢᠯᠡᠳᠲᠡ ᠨᠡᠮᠡᠭᠳᠡᠭᠦᠯᠦᠨ᠂ ᠢᠲᠡᠭᠡᠮᠵᠢ ᠶᠢ ᠦᠨᠡᠨ ᠬᠦ ᠬᠥᠭᠵᠢᠯᠲᠡ ᠶᠢᠨ ᠬᠥᠷᠥᠩᠭᠡ ᠪᠣᠯᠭᠠᠨ ᠬᠤᠪᠢᠷᠠᠭᠤᠯᠵᠤ᠂ ᠢᠲᠡᠭᠡᠮᠵᠢ ᠶᠢ ᠦᠨᠡᠨ ᠬᠦ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠪᠣᠳᠠᠲᠠᠶ ᠠᠰᠢᠭ ᠣᠷᠣᠯᠭ᠎ᠠ ᠪᠣᠯᠭᠠᠪᠠ᠃ ᠢᠷᠡᠭᠡᠳᠦᠶ ᠶᠢ ᠪᠠᠷᠠᠯᠠᠬᠤᠶ᠎ᠠ᠂ ᠵᠦᠸᠧᠽᠢ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ︽ᠬᠤᠪᠢ ᠶᠢᠨ ᠥᠪᠥᠷ ᠮᠣᠩᠭᠤᠯ ᠤᠨ ᠢᠲᠡᠭᠡᠮᠵᠢᠲᠦ ᠵᠢᠭᠡᠯᠡᠯᠭᠡ︾ ᠶᠢᠨ ᠪᠠᠭᠲᠠᠭᠠᠮᠵᠢ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠭᠠᠷ ᠬᠤᠯᠪᠣᠨ ᠠᠬᠢᠭᠤᠯᠵᠤ᠂ ᠨᠠᠩ ᠣᠯᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠦᠨᠡᠨᠴᠢ ᠢᠲᠡᠭᠡᠮᠵᠢ ᠶᠢᠨ ᠥᠷᠲᠡᠭ ᠪᠠ ᠬᠦᠴᠦᠨ ᠢ ᠦᠨᠡᠨ ᠬᠦ ᠣᠶᠢᠯᠠᠭᠠᠭᠤᠯᠵᠤ᠂ ᠬᠦᠴᠦ ᠪᠠᠨ ᠬᠠᠮᠲᠤᠳᠬᠠᠨ ᠬᠤᠪᠢ ᠶᠢᠨ ᠡᠵᠡᠩᠨᠡᠯᠲᠡ ᠶᠢᠨ ︽ᠢᠲᠡᠭᠡᠯ ᠠᠯᠳᠠᠬᠤ ᠵᠣᠷᠢᠭ ᠥᠬᠡᠶ᠂ ᠢᠲᠡᠭᠡᠯ ᠠᠯᠳᠠᠵᠤ ᠪᠣᠯᠬᠤ ᠥᠬᠡᠶ᠂ ᠢᠲᠡᠭᠡᠯ ᠠᠯᠳᠠᠬᠤ ᠥᠬᠡᠶ︾ ᠦᠨᠡᠨᠴᠢ ᠢᠲᠡᠭᠡᠮᠵᠢ ᠶᠢᠨ ᠵᠠᠬ᠎ᠠ ᠳᠡᠯᠭᠡᠭᠦᠷ ᠤᠨ ᠠᠮᠢ ᠠᠬᠤᠶ ᠶᠢ ᠪᠣᠶ ᠪᠣᠯᠭᠠᠵᠤ᠂ ᠪᠥᠬᠦ ᠰᠢᠶᠠᠨ ᠤ ᠬᠤᠪᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃             ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2