ᠵᠦᠸᠧᠽᠢ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ︽ᠯᠠᠶᠢᠰᠧᠷ ᠫᠠᠨᠰᠠ ᠶᠢᠨ ᠠᠵᠢᠯᠯᠠᠭ᠎ᠠ︾ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ
ᠨᠡᠶᠢᠲᠡᠯᠡᠭᠰᠡᠨ ᠴᠠᠭ᠄
2025/1/15
    2024 ᠣᠨ ᠠᠴᠠ ᠡᠬᠢᠯᠡᠨ᠂ ᠵᠦᠸᠧᠽᠢ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠶᠠᠷ ᠲᠠᠯ᠎ᠠ ᠶᠢ ᠵᠡᠷᠭᠡ ᠪᠠᠷ ᠠᠳᠬᠤᠵᠤ᠂ ᠤᠬᠠᠭᠤᠯᠵᠤ ᠬᠥᠲᠥᠯᠥᠨ ᠵᠢᠯᠣᠭᠤᠳᠬᠤ ᠪᠠ ᠬᠢᠨᠠᠨ ᠬᠠᠮᠢᠶᠠᠷᠴᠤ ᠦᠢᠯᠡᠴᠢᠯᠡᠬᠦ ᠶᠢ ᠭᠦᠨᠵᠡᠭᠡᠢ ᠠᠭᠤᠰᠤᠯᠴᠠᠭᠤᠯᠵᠤ᠂ ︽ᠬᠤᠭᠤᠰᠣᠨ ᠫᠠᠨᠰᠠ ᠶᠢᠨ ᠠᠵᠢᠯᠯᠠᠭ᠎ᠠ︾ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠢᠳᠡᠭᠡᠨ ᠤᠮᠳᠠᠭᠠᠨ ᠤ ᠠᠵᠢᠯ ᠡᠷᠭᠢᠯᠡᠭᠴᠢᠳ ᠪᠣᠯᠤᠨ ᠥᠷᠭᠡᠨ ᠣᠯᠠᠨ ᠬᠡᠷᠡᠭᠯᠡᠭᠴᠢᠳ ᠢ ᠬᠥᠮᠦᠵᠢᠭᠦᠯᠦᠨ ᠬᠥᠲᠥᠯᠥᠨ ᠵᠢᠯᠣᠭᠤᠳᠴᠤ᠂ ᠪᠥᠬᠦ ᠰᠢᠶᠠᠨ ᠤ ᠬᠡᠪᠴᠢᠶᠡᠨ ᠳᠤ ︽ᠠᠮᠤ ᠪᠤᠳᠠᠭ᠎ᠠ ᠶᠢ ᠨᠠᠨᠳᠢᠩᠨᠠᠵᠤ᠂ ᠪᠦᠷᠢᠯᠭᠡᠨ ᠰᠦᠢᠳᠬᠡᠬᠦ ᠶᠢ ᠲᠡᠪᠴᠢᠬᠦ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠰᠤᠷᠲᠠᠯ ᠢ ᠪᠣᠶ ᠪᠣᠯᠭᠠᠪᠠ᠃    ᠤᠬᠠᠭᠤᠯᠭ᠎ᠠ ᠶᠢ ᠤᠷᠢᠳᠠᠪᠠᠷ ᠬᠢᠵᠦ᠂ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃    ᠣᠯᠠᠨ ᠠᠷᠭ᠎ᠠ ᠵᠠᠮ ᠢᠶᠠᠷ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ︽ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠬᠤᠷᠢᠭᠯᠠᠬᠤ ᠰᠠᠨᠠᠭᠠᠴᠢᠯᠠᠭ᠎ᠠ ᠶᠢᠨ ᠪᠢᠴᠢᠭ︾ ᠲᠠᠷᠬᠠᠭᠠᠵᠤ᠂ ᠢᠳᠡᠭᠡᠨ ᠤᠮᠳᠠᠭᠠᠨ ᠤ ᠲᠠᠯᠠᠪᠤᠷ ᠲᠤ ᠪᠣᠯᠪᠠᠰᠤᠨ ᠬᠤᠭᠤᠯᠠᠨ ᠰᠢᠷᠡᠭᠡᠨ ᠤ ᠤᠬᠠᠭᠤᠯᠭ᠎ᠠ ᠶᠢᠨ ᠵᠢᠷᠤᠭ ᠨᠠᠭᠠᠵᠤ᠂ ︽ᠯᠠᠶᠢᠰᠧᠷ ᠫᠠᠨᠰᠠ ᠶᠢᠨ ᠠᠵᠢᠯᠯᠠᠭ᠎ᠠ︾ ᠶᠢᠨ ᠰᠠᠨᠠᠭᠤᠯᠤᠮᠵᠢ ᠶᠢᠨ ᠫᠠᠶᠢᠰᠠ ᠲᠠᠯᠪᠢᠵᠤ᠂ ᠡᠯᠧᠺᠳ᠋ᠷᠣᠨ ᠳᠡᠯᠭᠡᠴᠡ ᠶᠢ ᠠᠰᠢᠭᠯᠠᠨ ᠬᠠᠮᠢᠶ᠎ᠠ ᠪᠥᠬᠦᠶ ᠤᠷᠢᠶ᠎ᠠ ᠯᠣᠽᠦ᠋ᠩ ᠨᠡᠪᠲᠡᠷᠡᠭᠦᠯᠪᠡ᠃ ᠡᠭᠦᠨ ᠤ ᠬᠠᠮᠲᠤ᠂ ᠢᠳᠡᠭᠡᠨ ᠤᠮᠳᠠᠭᠠᠨ ᠤ ᠨᠢᠭᠡᠴᠡ ᠶᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠭᠤᠤᠯ ᠰᠡᠳᠦᠪᠲᠦ ᠪᠣᠯᠪᠠᠰᠤᠷᠠᠭᠤᠯᠤᠯ ᠳᠤ ᠣᠷᠣᠯᠴᠠᠭᠤᠯᠬᠤ ᠶᠢᠨ ᠬᠠᠮᠲᠤ ᠨᠡᠶᠢᠭᠡᠮ ᠲᠣᠭᠤᠷᠢᠭ ᠬᠢᠭᠡᠳ ᠰᠤᠷᠭᠠᠭᠤᠯᠢ ᠳᠤ ᠭᠦᠨᠵᠡᠭᠡᠶᠢᠷᠡᠨ ︽ᠪᠣᠯᠪᠠᠰᠤᠨ ᠬᠤᠭᠤᠯᠠᠨ ᠰᠢᠷᠡᠭᠡ︾ ᠶᠢᠨ ᠤᠬᠠᠭᠤᠯᠭ᠎ᠠ ᠶᠢ ᠥᠷᠨᠢᠭᠦᠯᠵᠦ᠂ ᠬᠡᠷᠡᠭᠯᠡᠭᠴᠢᠳ ᠤᠨ ᠨᠡᠶᠢᠲᠡ ᠶᠢᠨ ᠬᠠᠯᠪᠠᠭ᠎ᠠ ᠨᠡᠶᠢᠲᠡ ᠶᠢᠨ ᠰᠠᠪᠬ᠎ᠠ ᠬᠡᠷᠡᠭᠯᠡᠬᠦ᠂ ᠵᠦᠶ ᠵᠣᠬᠢᠰᠲᠠᠶ ᠬᠤᠭᠤᠯᠠ ᠵᠠᠬᠢᠶᠠᠯᠠᠬᠤ᠂ ᠪᠣᠯᠪᠠᠰᠤᠨ ᠢᠶᠠᠷ ᠬᠤᠭᠤᠯᠠ ᠢᠳᠡᠬᠦ᠂ ᠦᠯᠡᠳᠡᠭᠰᠡᠨ ᠨᠣᠭᠤᠭ᠎ᠠ ᠶᠢ ᠪᠣᠭᠤᠳᠠᠯᠯᠠᠬᠤ ᠵᠡᠷᠭᠡ ᠰᠠᠶᠢᠨ ᠰᠠᠶᠢᠬᠠᠨ ᠳᠠᠳᠬᠠᠯ ᠲᠠᠢ ᠪᠣᠯᠬᠤ ᠶᠢ ᠰᠠᠨᠠᠭᠠᠴᠢᠯᠠᠵᠤ᠂ ᠨᠡᠶᠢᠭᠡᠮ ᠨᠡᠶᠢᠲᠡ ᠪᠠᠷ ᠢᠶᠠᠨ ᠬᠠᠮᠲᠤ ᠪᠠᠷ ᠵᠠᠰᠠᠬᠤ ᠰᠠᠶᠢᠨ ᠰᠠᠶᠢᠬᠠᠨ ᠪᠠᠶᠢᠷᠢᠰᠢᠯ ᠢ ᠪᠣᠶ ᠪᠣᠯᠭᠠᠬᠤ ᠬᠡᠷᠡᠭᠲᠡᠶ᠃    - ᠬᠢᠨᠠᠯᠲᠠ ᠬᠠᠮᠢᠶᠠᠷᠤᠯᠲᠠ ᠳᠠᠭᠠᠵᠤ᠂ ᠪᠣᠳᠠᠲᠤ ᠦᠷ᠎ᠡ ᠪᠦᠲᠦᠮᠵᠢ ᠶᠢ ᠦᠨᠡᠨᠬᠦ ᠪᠠᠲᠤᠯᠠᠨ᠎ᠠ᠃    ᠲᠤᠰᠬᠠᠢ ᠲᠦᠷᠦᠯ ᠤᠨ ᠪᠠᠶᠢᠴᠠᠭᠠᠯᠲᠠ ᠨᠢ ᠪᠦᠬᠦ ᠰᠢᠶᠠᠨ ᠤ 600 ᠭᠠᠷᠤᠢ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢ ᠪᠦᠬᠦ ᠲᠠᠯ᠎ᠠ ᠪᠠᠷ ᠬᠠᠮᠤᠷᠴᠤ᠂ ᠪᠦᠷᠢᠯᠭᠡᠨ ᠰᠦᠢᠳᠬᠡᠬᠦ ᠲᠦᠷᠢᠮ ᠤᠨ ᠪᠠᠶᠢᠭᠤᠯᠤᠯᠲᠠ᠂ ᠦᠯᠡᠳᠡᠭᠰᠡᠨ ᠨᠣᠭᠤᠭ᠎ᠠ ᠶᠢ ᠰᠢᠢᠳᠪᠦᠷᠢᠯᠡᠬᠦ᠂ ᠬᠤᠭᠤᠯᠠ ᠵᠠᠬᠢᠶᠠᠯᠠᠬᠤ ᠶᠢ ᠰᠠᠨᠠᠭᠤᠯᠬᠤ ᠵᠢᠴᠢ ᠪᠣᠭᠤᠳᠠᠯᠯᠠᠬᠤ ᠦᠢᠯᠡᠴᠢᠯᠡᠭᠡ ᠵᠡᠷᠭᠡ ᠲᠠᠯ᠎ᠠ ᠶᠢ ᠭᠤᠣᠯᠳᠠᠯᠭ᠎ᠠ ᠲᠠᠢ ᠪᠠᠶᠢᠴᠠᠭᠠᠨ ᠬᠤᠷᠢᠭᠯᠠᠵᠤ᠂ ᠢᠯᠡᠷᠡᠭᠦᠯᠦᠭᠰᠡᠨ ᠠᠰᠠᠭᠤᠳᠠᠯ ᠤᠨ ᠭᠡᠮ ᠰᠣᠭᠤᠭ ᠢ ᠲᠤᠬᠠᠢ ᠶᠢᠨ ᠲᠠᠯᠠᠪᠠᠢ ᠳᠤ ᠱᠠᠯᠠᠪᠳᠠᠭᠤᠯᠤᠨ ᠴᠡᠭᠴᠡᠯᠡᠨ ᠰᠠᠶᠢᠵᠢᠷᠠᠭᠤᠯᠪᠠ᠃ ᠢᠳᠡᠭᠡᠨ ᠤᠮᠳᠠᠭᠠᠨ ᠤ ᠨᠢᠭᠡᠴᠡ ᠶᠢ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠴᠢᠩᠭᠠᠳᠬᠠᠵᠤ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠶᠢ ᠠᠵᠢᠯᠲᠠᠨ ᠠᠵᠢᠯᠴᠢᠨ ᠤ ᠪᠣᠯᠪᠠᠰᠤᠷᠠᠯ ᠳᠤ ᠣᠷᠣᠭᠤᠯᠵᠤ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠬᠦ ᠬᠡᠷᠡᠭᠲᠡᠶ︔ ᠬᠡᠷᠡᠭᠯᠡᠭᠴᠢᠳ ᠤᠨ ᠶᠡᠭᠡ ᠪᠠᠷ ᠠᠵᠢᠯᠯᠠᠵᠤ ᠶᠡᠭᠡ ᠪᠠᠷ ᠡᠷᠬᠢᠯᠡᠬᠦ ᠵᠡᠷᠭᠡ ᠪᠣᠯᠬᠢ ᠳᠠᠳᠬᠠᠯ ᠢᠶᠠᠨ ᠲᠠᠶᠠᠭᠳᠠᠬᠤ ᠶᠢ ᠵᠣᠷᠢᠭᠵᠢᠭᠤᠯᠵᠤ᠂ ︽ᠪᠦᠷᠢᠯᠭᠡᠨ ᠰᠦᠢᠳᠬᠡᠬᠦ ᠨᠢ ᠢᠴᠢᠭᠦᠷᠢᠲᠡᠶ᠂ ᠠᠷᠪᠢᠯᠠᠨ ᠭᠠᠮᠨᠠᠬᠤ ᠪᠠᠷ ᠢᠷᠠᠭᠤ ᠠᠯᠳᠠᠷ ᠢᠶᠠᠨ ᠪᠣᠯᠭᠠᠬᠤ︾ ᠦᠵᠡᠯᠲᠡ ᠶᠢ ᠪᠤᠢ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃    ᠳᠠᠷᠠᠭᠠᠴᠢ ᠶᠢᠨ ᠠᠯᠬᠤᠮ ᠳᠤ᠂ ᠵᠦᠸᠧᠽᠢ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠷᠭᠦᠯᠵᠢᠯᠡᠨ ᠬᠦᠴᠦᠯᠡᠵᠦ᠂ ᠬᠢᠨᠠᠯᠲᠠ ᠬᠠᠮᠢᠶᠠᠷᠤᠯᠲᠠ ᠪᠣᠯᠣᠨ ᠤᠬᠠᠭᠤᠯᠭ᠎ᠠ ᠶᠢ ᠴᠢᠩᠭᠠᠳᠬᠠᠵᠤ᠂ ᠢᠳᠡᠭᠡᠨ ᠤ ᠪᠦᠷᠢᠯᠭᠡᠬᠦ ᠶᠢ ᠡᠰᠡᠷᠭᠦᠴᠡᠬᠦ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠢ ᠲᠦᠭᠡᠮᠡᠯᠵᠢᠭᠦᠯᠵᠦ᠂ ︽ᠠᠷᠪᠢᠯᠠᠨ ᠭᠠᠮᠨᠠᠬᠤ ᠶᠢ ᠬᠡᠷᠡᠭᠵᠢᠭᠦᠯᠵᠦ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ︾ ᠶᠢ ᠢᠳᠡᠭᠡᠨ ᠤᠮᠳᠠᠭᠠᠨ ᠤ ᠦᠢᠯᠡᠴᠢᠯᠡᠭᠡᠨ ᠤ ᠪᠦᠬᠦ ᠶᠠᠪᠤᠴᠠ ᠳᠤ ᠲᠤᠤᠱᠯᠠᠭᠤᠯᠵᠤ᠂ ᠲᠤᠰᠬᠠᠢ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠪᠦᠬᠦ ᠨᠡᠶᠢᠭᠡᠮ ᠢ ᠬᠥᠲᠥᠯᠥᠨ ᠳᠠᠭᠠᠭᠤᠯᠵᠤ ᠪᠠᠶᠢᠭᠠᠳ ᠪᠣᠯᠪᠠᠰᠤᠨ᠂ ᠡᠷᠡᠭᠦᠯ ᠴᠢᠭᠢᠷᠠᠭ᠂ ᠣᠶᠤᠨᠴᠢ ᠂ ᠪᠣᠬᠢᠷᠳᠤᠯ ᠦᠭᠡᠢ ᠢᠳᠡᠭᠡᠨ ᠤᠮᠳᠠᠭᠠᠨ ᠤ ᠬᠡᠷᠡᠭᠯᠡᠭᠡᠨ ᠤ ᠰᠢᠨ᠎ᠡ ᠤᠷᠤᠰᠬᠠᠯ ᠢ ᠪᠣᠶ ᠪᠣᠯᠭᠠᠵᠤ᠂ ︽ᠬᠤᠭᠤᠰᠣᠨ ᠫᠠᠨᠰᠠ ᠶᠢᠨ ᠠᠵᠢᠯᠯᠠᠭ᠎ᠠ︾ ᠶᠢ ᠠᠷᠪᠢᠯᠠᠨ ᠭᠠᠮᠨᠠᠬᠤ ᠶᠢ ᠡᠷᠬᠢᠮᠯᠡᠬᠦ ᠨᠡᠶᠢᠭᠡᠮ ᠤᠨ ᠰᠢᠨ᠎ᠡ ︽ᠬᠤᠭᠤᠯᠠ︾ ᠪᠣᠯᠭᠠᠬᠤ ᠬᠡᠷᠡᠭᠲᠡᠢ᠃             ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2