ᠣᠢᠷ᠎ᠠ ᠶᠢᠨ ᠡᠳᠦᠷ᠂ 2024 ᠵᠦᠸᠧᠽᠢ ᠱᠢᠶᠠᠩ ᠤ ᠬᠤᠩ ᠵᠣᠣ ᠱᠢᠶᠠᠩ ᠤᠨ ᠠᠩᠬᠠᠳᠤᠭᠠᠷ | ᠬᠤᠭᠤᠴᠠᠭᠠᠨ ᠤ ᠥᠨᠳᠥᠷ ᠠᠭᠤᠯᠠᠨ ᠤ ᠲᠠᠯ᠎ᠠ ᠨᠤᠲᠤᠭ ᠤᠨ ᠮᠥᠰᠥ ᠴᠠᠰᠤᠨ ᠤ ᠭᠦᠶᠦᠯᠲᠡ ᠶᠢᠨ ᠪᠡᠭᠡᠵᠢᠩ ᠶᠡᠭᠡ | ᠰᠤᠷᠭᠠᠭᠤᠯᠢ ᠶᠢᠨ ᠵᠥᠭᠡᠯᠡᠨ MEM ᠰᠤᠷᠭᠠᠭᠤᠯᠢ ᠶᠢᠨ ᠨᠠᠢᠵᠠ ᠶᠢᠨ ᠤᠷᠢᠯᠭ᠎ᠠ ᠶᠢᠨ ᠤᠷᠤᠯᠳᠤᠭᠠᠨ ᠬᠤᠩ | ᠵᠣᠣ ᠶᠢᠨ ᠵᠢᠦ ᠯᠦᠩ ᠸᠠᠨ ᠦᠵᠡᠮᠵᠢ ᠶᠢᠨ ᠣᠷᠣᠨ ᠳᠤ ᠡᠬᠢᠯᠡᠪᠡ᠃ ᠤᠷᠤᠯᠳᠤᠭᠠᠨ ᠨᠢ ︽ᠮᠢᠩᠭᠠᠨ ᠭᠠᠵᠠᠷ ᠤᠨ | ᠮᠥᠰᠥ ᠴᠠᠰᠤᠨ ᠳᠤ ᠬᠤᠴᠢᠭᠳᠠᠭᠰᠠᠨ ᠵᠢᠦ ᠯᠦᠩ ᠸᠠᠨ ᠤ ᠦᠵᠡᠰᠬᠦᠯᠡᠩᠲᠦ ᠦᠵᠡᠮᠵᠢ ᠶᠢ ᠰᠤᠨᠢᠷᠬᠠᠵᠤ᠂ ᠲᠦᠮᠡᠨ | ᠭᠠᠵᠠᠷ ᠤᠨ ᠤᠯᠠᠭᠠᠨ ᠬᠠᠳᠠ ᠶᠢᠨ ᠦᠵᠡᠮᠵᠢ ᠶᠢ ᠰᠣᠨᠢᠷᠬᠠᠬᠤ︾ ᠪᠠᠷ ᠭᠤᠣᠯ ᠰᠡᠳᠦᠪ ᠪᠣᠯᠭᠠᠵᠤ᠂ ᠮᠠᠰᠢ ᠤᠯᠠᠨ | ᠭᠦᠶᠦᠯᠲᠡ ᠶᠢᠨ ᠪᠠᠭ᠋ᠠᠲᠠᠳ ᠢ ᠲᠠᠲᠠᠵᠤ᠂ ᠥᠨᠳᠥᠷ ᠠᠭᠤᠯᠠ ᠶᠢᠨ ᠲᠠᠯ᠎ᠠ ᠨᠤᠲᠤᠭ ᠤᠨ ᠮᠥᠰᠥ ᠴᠠᠰᠤᠨ ᠤ | ᠳᠡᠯᠡᠬᠡᠢ ᠳᠤ ᠳᠠᠪᠬᠢᠬᠤ ᠥᠪᠡᠷᠮᠢᠴᠡ ᠷᠢᠳᠢ ᠰᠢᠳᠢ ᠶᠢ ᠬᠠᠮᠲᠤ ᠪᠠᠷ ᠪᠡᠶᠡᠴᠢᠯᠡᠨ ᠣᠶᠢᠯᠠᠭᠠᠪᠠ᠃ | ᠡᠪᠦᠯ ᠤᠨ ᠡᠳᠦᠷ᠂ ᠬᠤᠩ ᠵᠤᠤ ᠶᠢᠨ ᠵᠢᠦ ᠯᠦᠩ ᠸᠠᠨ ᠦᠵᠡᠮᠵᠢ ᠶᠢᠨ ᠣᠷᠣᠨ ᠤ ᠮᠥᠩᠭᠦᠨ ᠴᠠᠭᠠᠨ | ᠥᠩᠭᠡ ᠪᠠᠷ ᠬᠤᠴᠢᠭᠳᠠᠵᠤ᠂ ᠨᠡᠯᠦᠭᠡᠷ ᠶᠡᠭᠡ ᠡᠬᠡ ᠭᠠᠵᠠᠷ ᠢ ᠪᠦᠷᠬᠦᠭᠰᠡᠨ ᠪᠥᠭᠡᠳ ᠠᠯᠤᠰ ᠬᠤᠯᠠ ᠶᠢᠨ ᠠᠭᠤᠯᠠ | ᠤᠰᠤ ᠲᠠᠢ ᠵᠠᠯᠭᠠᠯᠳᠤᠨ ᠭᠤᠶᠢᠳᠠ ᠰᠠᠶᠢᠬᠠᠨ ᠮᠥᠰᠥ ᠴᠠᠰᠤᠨ ᠤ ᠵᠢᠷᠤᠭ ᠢ ᠪᠦᠷᠢᠯᠳᠦᠭᠦᠯᠵᠡᠶ᠃ ᠤᠷᠤᠯᠳᠤᠭᠠᠨ ᠤ | ᠲᠤᠬᠠᠶ ᠶᠢᠨ ᠡᠳᠦᠷ᠂ ᠠᠭᠠᠷ ᠤᠨ ᠳᠤᠯᠠᠭᠠᠨ ᠬᠡᠳᠦ᠋ᠢᠪᠡᠷ ᠳᠣᠤᠷ᠎ᠠ ᠪᠣᠯᠪᠠᠴᠤ ᠲᠠᠮᠢᠷᠴᠢᠳ ᠬᠠᠯᠠᠭᠤᠨ ᠰᠡᠳᠬᠢᠯᠭᠡ ᠪᠠᠷ | ᠣᠷᠭᠢᠯᠵᠤ ᠪᠠᠶᠢᠪᠠ᠃ ᠳᠣᠬᠢᠶᠠᠨ ᠫᠤᠤ ᠶᠢᠨ ᠳᠠᠭᠤ ᠭᠠᠷᠬᠤ ᠶᠢ ᠳᠠᠭᠠᠯᠳᠤᠨ᠂ ᠲᠠᠮᠢᠷᠴᠢᠳ ᠴᠢᠪᠬᠠᠳᠠᠰᠤ ᠠᠴᠠ | ᠰᠠᠯᠤᠭᠰᠠᠨ ᠰᠤᠮᠤ ᠮᠡᠲᠦ ᠪᠠᠷ ᠭᠦᠶᠦᠨ ᠭᠠᠷᠴᠤ ᠢᠷᠡᠪᠡ᠃ ᠲᠡᠳᠡ ᠰᠢᠯᠦᠭ ᠤᠨ ᠵᠢᠷᠤᠭ ᠮᠡᠲᠦ ᠲᠠᠯ᠎ᠠ ᠨᠤᠲᠤᠭ ᠤᠨ | ᠮᠥᠰᠥ ᠴᠠᠰᠤᠨ ᠤ ᠰᠠᠶᠢᠬᠠᠨ ᠦᠵᠡᠮᠵᠢ ᠳᠤ ᠠᠯᠬᠤᠵᠤ᠂ ᠠᠯᠬᠤᠭ᠎ᠠ ᠪᠣᠯᠤᠨ ᠵᠢᠷᠦᠬᠡᠨ ᠯᠤᠭᠰᠢᠯᠲᠠ ᠶᠢᠨ ᠬᠦᠭᠵᠢᠮ ᠢ | ᠬᠠᠮᠲᠤ ᠪᠠᠷ ᠬᠠᠩᠭᠢᠨᠠᠭᠤᠯᠵᠤ᠂ ᠪᠠᠰᠠ ᠬᠠᠬᠢᠷ ᠬᠦᠢᠲᠡᠨ ᠡᠪᠦᠯ ᠤᠨ ᠡᠳᠦᠷ ᠲᠤ ᠬᠢᠵᠠᠭᠠᠯᠠᠰᠢ ᠦᠭᠡᠢ ᠬᠠᠯᠠᠭᠤᠨ | ᠰᠡᠳᠬᠢᠯᠭᠡ ᠨᠡᠮᠡᠷᠢᠯᠡᠭᠰᠡᠨ ᠪᠠᠶᠢᠨ᠎ᠠ᠃ | ᠪᠡᠭᠡᠵᠢᠩ ᠶᠡᠭᠡ ᠰᠤᠷᠭᠠᠭᠤᠯᠢ ᠶᠢᠨ ᠵᠥᠭᠡᠯᠡᠨ ᠪᠢᠴᠢᠯ MEM ᠰᠤᠷᠭᠠᠭᠤᠯᠢ ᠶᠢᠨ ᠨᠠᠶᠢᠵᠠ ᠶᠢᠨ ᠠᠩᠬᠠᠷᠤᠯ ᠢ | ᠲᠠᠲᠠᠵᠤ ᠪᠠᠶᠢᠭ᠎ᠠ ᠲᠠᠮᠢᠷᠴᠢᠨ ᠾᠧ ᠶᠠᠨ ᠯᠢ᠄ ︽ᠠᠩᠬ᠎ᠠ ᠤᠳᠠᠭ᠎ᠠ ᠴᠠᠰᠤᠨ ᠳᠡᠭᠡᠷ᠎ᠡ ᠭᠦᠶᠦᠵᠦ ᠪᠠᠶᠢᠬᠤ ᠳᠤ | ᠰᠡᠳᠬᠢᠯ ᠮᠠᠰᠢ ᠳᠣᠭᠳᠣᠯᠵᠤ ᠪᠠᠶᠢᠨ᠎ᠠ᠃ ᠡᠨᠡ ᠡᠳᠦᠷ ᠲᠢᠶᠠᠨ ᠭᠦᠩ ᠴᠤ ᠭᠤᠶᠣ ᠰᠠᠶᠢᠬᠠᠨ ᠪᠣᠯᠪᠠᠴᠤ᠂ ᠲᠤᠩᠭᠠᠯᠠᠭ | ᠡᠳᠦᠷ ᠰᠠᠯᠬᠢ ᠦᠭᠡᠢ ᠪᠠᠶᠢᠵᠤ᠂ ᠪᠠᠰᠠ ᠬᠤᠩ ᠵᠤᠤ ᠰᠢᠶᠠᠩ ᠤᠨ ᠵᠢᠦ ᠯᠦᠩ ᠸᠠᠨ ᠤ ᠡᠶᠢᠮᠦ ᠰᠠᠶᠢᠬᠠᠨ ᠭᠠᠵᠠᠷ ᠲᠤ | ᠴᠠᠰᠤᠨ ᠤ ᠦᠵᠡᠮᠵᠢ ᠶᠢ ᠬᠠᠷᠠᠭᠠᠳ ᠮᠠᠰᠢ ᠮᠠᠰᠢ ᠶᠡᠭᠡ ᠥᠩᠭᠡᠷᠡᠯᠲᠡ ᠲᠠᠢ ᠪᠠᠶᠢᠪᠠ︾᠃ | ᠲᠣᠰ ᠤᠳᠠᠭᠠᠨ ᠤ ᠠᠵᠢᠯᠯᠠᠭ᠎ᠠ ᠶᠢ ᠵᠦᠸᠧᠽᠢ ᠰᠢᠶᠠᠨ ᠤ ᠬᠤᠩ ᠵᠤᠤ ᠰᠢᠶᠠᠩ ᠤᠨ ᠠᠷᠠᠳ ᠤᠨ ᠵᠠᠰᠠᠭ ᠤᠨ | ᠣᠷᠳᠣᠨ ᠠᠴᠠ ᠭᠤᠣᠯᠯᠠᠨ ᠡᠷᠬᠢᠯᠡᠵᠦ᠂ ᠪᠡᠭᠡᠵᠢᠩ ᠶᠡᠭᠡ ᠰᠤᠷᠭᠠᠭᠤᠯᠢ ᠶᠢᠨ ᠵᠥᠭᠡᠯᠡᠨ ᠲᠣᠨᠤᠭ ᠪᠣᠯᠤᠨ ᠪᠢᠴᠢᠯ | ᠡᠯᠧᠺᠳ᠋ᠷᠣᠨ ᠳᠡᠭᠡᠳᠦ ᠰᠤᠷᠭᠠᠭᠤᠯᠢ ᠶᠢᠨ MEM ᠰᠤᠷᠭᠠᠭᠤᠯᠢ ᠶᠢᠨ ᠨᠠᠶᠢᠵᠠ ᠲᠠᠢ ᠬᠠᠮᠲᠤᠷᠠᠨ ᠡᠷᠬᠢᠯᠡᠵᠦ᠂ | ᠭᠦᠶᠦᠬᠦ ᠤᠷᠤᠯᠳᠤᠭᠠᠨ ᠳᠤ ᠪᠠᠭ᠋ᠠᠲᠠᠶ ᠬᠥᠮᠦᠰ ᠲᠤ ᠥᠪᠡᠷ ᠢ ᠪᠠᠨ ᠥᠷᠢᠰᠦᠯᠳᠦᠬᠦ᠂ ᠴᠤᠭ ᠵᠢᠪᠬᠤᠭ᠎ᠠ ᠶᠢ | ᠢᠯᠡᠷᠡᠭᠦᠯᠬᠦ ᠲᠠᠪᠴᠠᠩ ᠬᠠᠩᠭᠠᠭᠰᠠᠨ ᠢᠶᠠᠷ ᠪᠠᠷᠠᠬᠤ ᠦᠭᠡᠢ᠂ ᠪᠠᠰᠠ ᠲᠤᠬᠠᠶ ᠶᠢᠨ ᠭᠠᠵᠠᠷ ᠤᠨ ᠡᠯᠪᠡᠭ ᠪᠠᠶᠠᠯᠢᠭ | ᠮᠥᠰᠥ ᠴᠠᠰᠤᠨ ᠤ ᠡᠬᠢ ᠪᠠᠶᠠᠯᠢᠭ ᠢ ᠭᠦᠢᠴᠡᠳ ᠠᠭᠤᠳᠠᠯᠵᠤ᠂ ᠡᠪᠦᠯ ᠤᠨ ᠤᠯᠠᠷᠢᠯ ᠤᠨ ᠵᠢᠭᠤᠯᠴᠢᠯᠠᠯ ᠤᠨ | ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠪᠠ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ | |