ᠵᠤᠨ ᠤ ᠡᠳᠦᠷ᠂ ᠵᠦᠸᠧᠽᠢ ᠰᠢᠶᠠᠨ ᠤ ᠰᠢᠪᠠᠷᠲᠡᠢ ᠪᠠᠯᠭᠠᠰᠤᠨ ᠤ ᠬᠠᠯᠠᠭᠠᠶᠢᠲᠤ ᠲᠣᠰᠬᠤᠨ ᠤ ᠶᠡᠭᠡ ᠲᠦᠷᠭᠡᠨ | ᠭᠤᠣᠯ ᠤᠨ ᠡᠬᠢ ᠨᠤᠭᠤ ᠭᠠᠵᠠᠷ ᠲᠤ ᠤᠰᠤ ᠡᠪᠡᠰᠦ ᠡᠯᠪᠡᠭ ᠪᠠᠶᠢᠵᠤ᠂ ᠰᠦᠷᠦᠭᠵᠢᠭᠰᠡᠨ ᠨᠡᠭᠦᠳᠡᠯ ᠤᠨ ᠰᠢᠪᠠᠭᠤ | ᠠᠳᠡ ᠣᠷᠣᠰᠢᠨ ᠠᠮᠢᠳᠤᠷᠠᠵᠤ᠂ ᠢᠳᠡᠰᠢ ᠡᠷᠢᠵᠦ᠂ ᠬᠥᠮᠦᠨ ᠪᠠᠶᠢᠭᠠᠯᠢ ᠡᠶ᠎ᠡ ᠵᠣᠬᠢᠴᠠᠯ ᠲᠠᠢ ᠬᠠᠮᠲᠤ ᠣᠷᠣᠰᠢᠬᠤ | ᠪᠠᠶᠢᠳᠠᠯ ᠢᠯᠡᠷᠡᠪᠡ᠃ | ᠤᠯᠠᠨ ᠵᠢᠯ ᠤᠨ ᠲᠤᠷᠰᠢ᠂ ᠵᠦᠸᠧᠽᠢ ᠰᠢᠶᠠᠨ ᠤ ᠬᠢᠨ ᠶᠡᠭᠡ ᠲᠦᠷᠭᠡᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠮᠠᠨ ᠤ ᠤᠯᠤᠰ ᠤᠨ | ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠳᠦᠭᠡᠨ ᠪᠠᠶᠢᠭᠤᠯᠬᠤ ᠭᠤᠣᠯ | ᠭᠠᠷᠳᠠᠴᠠ ᠪᠣᠯᠭᠠᠵᠤ᠂ ᠶᠡᠭᠡ ᠲᠦᠷᠭᠡᠨ ᠭᠤᠣᠯ ᠤᠨ ᠡᠭᠦᠰᠦᠯ ᠤᠨ ᠭᠠᠵᠠᠷ ᠤᠨ ᠠᠮᠢ ᠠᠬᠤᠢ ᠶᠢ ᠰᠡᠷᠭᠦᠭᠡᠬᠦ | ᠢᠨᠵᠧᠨᠧᠷᠢᠩ ᠢ ᠬᠡᠷᠡᠭᠵᠢᠭᠦᠯᠵᠦ᠂ ᠶᠡᠭᠡ ᠲᠦᠷᠭᠡᠨ ᠭᠤᠣᠯ ᠤᠨ ᠡᠭᠦᠰᠦᠯ ᠤᠨ ᠭᠠᠵᠠᠷ ᠤᠨ ᠬᠠᠮᠠᠭᠠᠯᠠᠯᠲᠠ ᠶᠢᠨ | ᠣᠷᠣᠨ ᠢ ᠪᠠᠶᠢᠭᠤᠯᠵᠤ᠂ ᠮᠠᠯ ᠤᠨᠤᠭ᠎ᠠ ᠶᠢ ᠣᠷᠣᠭᠤᠯᠬᠤ ᠶᠢ ᠴᠢᠩᠭ᠎ᠠ ᠴᠠᠭᠠᠵᠠᠯᠠᠵᠤ᠂ ᠨᠤᠭᠤ ᠭᠠᠵᠠᠷ ᠤᠨ ᠬᠤᠭ | ᠨᠣᠪᠰᠢ ᠶᠢ ᠴᠡᠪᠡᠷᠯᠡᠵᠦ᠂ ᠭᠠᠵᠠᠷ ᠤᠨ ᠭᠠᠳᠠᠷᠭᠤ ᠶᠢᠨ ᠤᠷᠭᠤᠮᠠᠯ ᠤᠨ ᠪᠦᠷᠬᠦᠴᠡ ᠶᠢ ᠰᠡᠷᠭᠦᠭᠡᠵᠦ᠂ ᠤᠰᠤ ᠶᠢ | ᠴᠡᠪᠡᠷᠰᠢᠭᠦᠯᠬᠦ ᠶᠢ ᠬᠡᠷᠡᠭᠵᠢᠭᠦᠯᠵᠦ᠂ ᠶᠡᠭᠡ ᠲᠦᠷᠭᠡᠨ ᠭᠤᠣᠯ ᠢ ᠬᠠᠮᠢᠶᠠᠷᠴᠤ ᠬᠠᠮᠠᠭᠠᠯᠠᠬᠤ ᠬᠦᠴᠦᠷᠬᠡᠭ ᠶᠡᠭᠡ | ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ︽ᠭᠤᠣᠯ ᠨᠢ ᠰᠢᠯᠤᠭᠤᠨ᠂ ᠤᠰᠤ ᠨᠢ ᠲᠤᠩᠭᠠᠯᠠᠭ᠂ ᠡᠷᠭᠢ ᠨᠢ | ᠨᠣᠭᠤᠭᠠᠨ᠂ ᠦᠵᠡᠮᠵᠢ ᠨᠢ ᠰᠠᠶᠢᠬᠠᠨ᠂ ᠬᠥᠮᠦᠨ ᠡᠶ᠎ᠡ ᠨᠠᠶᠢᠷᠠᠮᠳᠠᠭᠤᠨ︾ ᠬᠠᠷᠠᠯᠲᠠ ᠶᠢ ᠴᠢᠷᠮᠠᠶᠢᠨ ᠪᠡᠶᠡᠯᠡᠭᠦᠯᠪᠡ᠃ | ︽ᠶᠡᠷᠦᠩᠬᠡᠶᠢᠯᠡᠨ ᠵᠠᠰᠠᠬᠤ ᠪᠠᠷ ᠳᠠᠮᠵᠢᠨ᠂ ᠭᠠᠵᠠᠷ ᠳᠣᠤᠷᠠᠬᠢ ᠤᠰᠤᠨ ᠤ ᠲᠦᠪᠰᠢᠨ ᠳᠡᠭᠡᠭᠰᠢᠯᠡᠵᠦ᠂ ᠴᠢᠭᠢᠭᠯᠢᠭ | ᠭᠠᠵᠠᠷ ᠤᠨ ᠤᠷᠭᠤᠮᠠᠯ ᠤᠨ ᠬᠤᠴᠢᠯᠭ᠎ᠠ ᠢᠯᠡᠳᠲᠡ ᠰᠡᠷᠭᠦᠵᠦ᠂ ᠲᠣᠰᠬᠤᠨ ᠤ ᠳᠣᠲᠣᠷᠠᠬᠢ ᠬᠥᠮᠦᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠲᠦᠢᠯ ᠤᠨ ᠶᠡᠭᠡ ᠪᠠᠷ ᠰᠠᠶᠢᠵᠢᠷᠠᠪᠠ᠃︾ ᠬᠠᠯᠠᠭᠠᠶᠢᠲᠤ ᠲᠣᠰᠬᠤᠨ ᠤ ᠨᠠᠮ ᠤᠨ | ᠡᠭᠦᠷ ᠤᠨ ᠱᠦᠵᠢ ᠵᠠᠩ ᠶᠢᠨ ᠪᠦᠤᠤ ᠬᠡᠯᠡᠪᠡ᠃ | ᠡᠭᠦᠨ ᠠᠴᠠ ᠭᠠᠳᠠᠨ᠎ᠠ᠂ ᠵᠦᠸᠧᠽᠢ ᠰᠢᠶᠠᠨ ︽ᠠᠮᠢ ᠠᠬᠤᠶ ᠪᠠᠷ ᠰᠢᠶᠠᠨ ᠢᠶᠠᠨ ᠪᠠᠶᠢᠭᠤᠯᠬᠤ︾ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ | ᠤᠷᠢᠳᠠᠪᠠᠷ ᠬᠥᠭᠵᠢᠭᠦᠯᠬᠦ ᠶᠢᠨ ᠲᠣᠪᠤᠶᠢᠮ᠎ᠠ ᠪᠠᠶᠢᠷᠢᠨ ᠳᠤ ᠲᠠᠯᠪᠢᠵᠤ᠂ ︽ᠬᠤᠶᠠᠷ ᠪᠦᠰᠡ ᠭᠤᠷᠪᠠᠨ ᠬᠤᠩᠭᠢᠯ︾ ᠤᠨ | ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠪᠠᠷ ᠭᠤᠤᠯᠳᠠᠯᠭ᠎ᠠ ᠪᠣᠯᠭᠠᠨ᠂ ᠠᠶᠠᠨᠳᠠᠭᠠᠨ ᠰᠡᠷᠭᠦᠭᠡᠬᠦ ᠪᠠᠷ ᠭᠤᠤᠯ | ᠪᠣᠯᠭᠠᠵᠤ᠂ ᠠᠮᠢ ᠠᠬᠤᠶ ᠶᠢ ᠰᠡᠷᠭᠦᠭᠡᠬᠦ ᠪᠠ ᠪᠥᠲᠥᠭᠡᠨ ᠪᠠᠶᠢᠭᠤᠯᠬᠤ ᠶᠢ ᠬᠠᠷᠢᠯᠴᠠᠨ ᠤᠶᠠᠯᠳᠤᠭᠤᠯᠤᠭᠰᠠᠨ | ᠦᠷᠭᠦᠯᠵᠢᠯᠡᠨ ᠬᠥᠭᠵᠢᠭᠦᠯᠬᠦ ᠵᠠᠮ ᠢ ᠲᠣᠭᠲᠠᠭᠠᠵᠤ᠂ ᠨᠣᠭᠤᠭᠠᠷᠠᠭᠤᠯᠤᠯᠲᠠ ᠶᠢᠨ ᠠᠵᠢᠯ ᠤᠨ ᠡᠷᠴᠢᠮ ᠢᠶᠠᠨ | ᠲᠠᠰᠤᠷᠠᠯᠲᠠ ᠥᠬᠡᠶ ᠴᠢᠩᠭᠠᠷᠠᠭᠤᠯᠤᠨ᠂ ᠬᠤᠲᠠ ᠶᠢᠨ ᠲᠣᠭᠤᠷᠢᠭ ᠤᠨ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠶᠢ | ᠳᠡᠭᠡᠭᠰᠢᠯᠡᠭᠦᠯᠬᠦ ᠶᠢᠨ ᠬᠠᠮᠲᠤ᠂ ᠲᠥᠯᠥᠪᠵᠢᠭᠦᠯᠭᠡ᠂ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠬᠢᠷᠢ | ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠪᠥᠬᠦ ᠰᠢᠶᠠᠨ ᠤ ᠣᠶ ᠰᠢᠭᠤᠶ ᠶᠢᠨ ᠲᠠᠯᠠᠪᠠᠶ 98.86 ᠲᠦᠮᠡᠨ ᠮᠥ ᠳᠤ | ᠬᠦᠷᠴᠦ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ 20.33% ᠳᠤ ᠬᠦᠷᠴᠦ᠂ ᠬᠤᠶᠠᠳᠤᠭᠠᠷ ᠪᠦᠯᠦᠭ ᠤᠨ ︽ | ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠬᠤᠲᠠ︾ ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠤᠨ᠎ᠠ᠃ | 2024 ᠣᠨ ᠳᠤ᠂ ᠰᠢᠪᠠᠷᠲᠠᠶ ᠪᠠᠯᠭᠠᠰᠤ ᠪᠣᠯᠤᠨ ᠵᠦᠸᠧᠽᠢ ᠱᠠᠨ ᠪᠠᠯᠭᠠᠰᠤ ᠭᠤᠷᠪᠠᠳᠤᠭᠠᠷ ᠪᠦᠯᠦᠭ ᠤᠨ ︽ | ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠰᠢᠶᠠᠩ ᠪᠠᠯᠭᠠᠰᠤ︾ ᠶᠢ ᠡᠭᠦᠳᠦᠨ ᠪᠠᠶᠢᠭᠤᠯᠬᠤ ᠭᠠᠵᠠᠷ | ᠣᠷᠣᠨ ᠳᠤ ᠠᠮᠵᠢᠯᠲᠠ ᠲᠠᠢ ᠰᠣᠩᠭᠤᠭᠳᠠᠪᠠ᠃ | ᠴᠥᠯᠡᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ︽ᠭᠤᠷᠪᠠᠨ ᠤᠮᠠᠷᠠᠲᠤ︾ ᠶᠢᠨ | ᠢᠨᠵᠧᠨᠧᠷᠢᠩ ᠵᠡᠷᠭᠡ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠠᠯ᠎ᠠ ᠪᠠᠷ | ᠦᠷᠭᠦᠯᠵᠢᠯᠡᠨ ᠬᠦᠴᠦᠯᠡᠬᠦ ᠬᠡᠷᠡᠭᠲᠡᠢ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠬᠤ ᠶᠢ | ᠪᠠᠷᠢᠮᠲᠠᠯᠠᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠤᠰᠤ ᠪᠠᠷ ᠨᠣᠭᠤᠭᠠᠷᠠᠭᠤᠯᠬᠤ ᠶᠢ | ᠲᠣᠭᠲᠠᠭᠠᠵᠤ᠂ ᠤᠰᠤᠨ ᠤ ᠬᠡᠮᠵᠢᠶ᠎ᠡ ᠪᠠᠷ ᠶᠠᠪᠤᠭᠳᠠᠭᠤᠯᠵᠤ᠂ ᠤᠰᠤᠯᠠᠯᠲᠠ ᠳᠤ ᠳᠣᠭᠢᠷᠠᠭᠤᠯᠬᠤ ᠳᠤ ᠤᠰᠤᠯᠠᠬᠤ᠂ | ᠲᠤᠷᠤᠭ ᠮᠣᠳᠣ ᠳᠤ ᠳᠣᠭᠢᠷᠠᠪᠠᠯ ᠲᠤᠷᠤᠭ ᠮᠣᠳᠣ ᠤᠰᠤᠯᠠᠬᠤ᠂ ᠲᠤᠷᠤᠭ ᠮᠣᠳᠣᠨ ᠤ ᠲᠥᠷᠥᠯ ᠢ ᠤᠶᠠᠯᠳᠤᠭᠤᠯᠬᠤ | ᠵᠠᠷᠴᠢᠮ ᠢ ᠪᠣᠶ ᠪᠣᠯᠭᠠᠵᠤ᠂ ᠰᠡᠷᠭᠡᠶᠢᠯᠡᠨ ᠬᠠᠮᠠᠭᠠᠯᠠᠬᠤ ᠰᠢᠭᠤᠶᠢᠲᠤ ᠣᠷᠣᠨ ᠤ ᠳᠦᠷᠰᠦ ᠶᠢᠨ ᠣᠯᠠᠨ ᠶᠠᠩᠵᠤ ᠶᠢᠨ᠂ | ᠠᠮᠢ ᠠᠬᠤᠶ ᠶᠢᠨ ᠰᠢᠰᠲ᠋ᠧᠮ ᠪᠤᠳᠤᠯᠢᠶᠠᠨᠲᠠᠶ ᠪᠣᠯᠬᠤ ᠶᠢ ᠠᠬᠢᠭᠤᠯᠵᠤ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ | ᠴᠢᠳᠠᠪᠤᠷᠢ ᠶᠢ ᠨᠡᠮᠡᠭᠳᠡᠭᠦᠯᠪᠡ᠃ 2024- 2025 ᠣᠨ ᠳᠤ᠂ ᠡᠯ᠎ᠡ ᠲᠥᠷᠥᠯ ᠤᠨ ᠣᠶ ᠰᠢᠭᠤᠶ ᠡᠪᠡᠰᠦ | ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ 21.8 ᠲᠦᠮᠡᠨ ᠮᠥ ᠪᠡᠶᠡᠯᠡᠭᠦᠯᠪᠡ᠃ | ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠤᠷᠬᠢᠯ ᠭᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ | ᠰᠠᠭᠠᠷᠮᠠᠬᠵᠢᠭᠤᠯᠬᠤ ᠶᠡᠭᠡ ᠠᠬᠤᠢ ᠪᠠᠶᠢᠳᠠᠯ ᠳᠤ ᠰᠠᠭᠤᠷᠢᠯᠠᠵᠤ᠂ ᠪᠣᠬᠢᠷᠲᠤᠯ ᠦᠭᠡᠢ ᠬᠥᠭᠵᠢᠯᠲᠡ ᠶᠢᠨ | ᠤᠢᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ︽ᠠᠮᠢ ᠠᠬᠤᠢ ᠶᠢ ᠠᠵᠤ ᠦᠢᠯᠡᠰᠵᠢᠭᠦᠯᠬᠦ᠂ ᠠᠵᠤ ᠦᠢᠯᠡᠰ ᠢ ᠠᠮᠢ | ᠠᠬᠤᠶᠢᠵᠢᠭᠤᠯᠬᠤ︾ ᠰᠡᠳᠬᠢᠴᠡ ᠶᠣᠰᠣᠭᠠᠷ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠡᠷᠬᠢᠯᠳᠡᠳᠦ ᠠᠵᠤ | ᠠᠬᠤᠢ ᠶᠢ ᠶᠡᠬᠡᠪᠡᠷ ᠬᠥᠭᠵᠢᠭᠦᠯᠵᠦ᠂ ᠬᠠᠶᠠᠭᠳᠠᠮᠠᠯ ᠪᠣᠳᠠᠰ ᠢ ᠡᠷᠳᠡᠨᠢ ᠪᠣᠯᠭᠠᠬᠤ᠂ ᠲᠠᠬᠢᠨ ᠠᠰᠢᠭᠯᠠᠬᠤ ᠵᠡᠷᠭᠡ ᠠᠷᠭ᠎ᠠ | ᠬᠡᠯᠪᠡᠷᠢ ᠪᠠᠷ ᠳᠠᠮᠵᠢᠭᠤᠯᠤᠨ᠂ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠶᠢ ᠠᠬᠢᠭᠤᠯᠵᠤ᠂ ᠠᠮᠢ | ᠠᠬᠤᠢ ᠶᠢᠨ ︽ᠨᠣᠭᠤᠭᠠᠨ ᠠᠭᠤᠯᠤᠭᠳᠠᠴᠠ︾ ᠪᠠᠷ ᠬᠥᠭᠵᠢᠯᠲᠡ ᠶᠢᠨ ︽ᠠᠯᠲᠠᠨ ᠤ ᠠᠭᠤᠯᠤᠭᠳᠠᠴᠠ︾ ᠶᠢ | ᠳᠡᠭᠡᠭᠰᠢᠯᠡᠭᠦᠯᠬᠦ ᠪᠠᠷ ᠴᠢᠷᠮᠠᠶᠢᠨ᠎ᠠ᠃ | ᠰᠢᠨ᠎ᠡ ᠬᠥᠭᠵᠢᠯᠲᠡ ᠶᠢᠨ ᠱᠠᠲᠤᠨ ᠳᠤ ᠵᠣᠭᠰᠣᠵᠤ᠂ ᠵᠦᠸᠧᠽᠢ ᠰᠢᠶᠠᠨ ᠰᠢ ᠶᠢᠨ ᠫᠢᠩ ᠤᠨ ᠠᠮᠢ ᠠᠬᠤᠢ ᠶᠢᠨ | ᠪᠣᠯᠪᠠᠰᠤᠨ ᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠦᠢᠯᠡᠳᠦᠯᠭᠡᠵᠢᠭᠦᠯᠵᠦ᠂ ᠶᠡᠷᠦᠩᠬᠡᠶᠢᠯᠡᠭᠰᠡᠨ ᠠᠷᠭ᠎ᠠ ᠪᠤᠳᠤᠯᠭ᠎ᠠ | ᠬᠡᠷᠡᠭᠵᠢᠭᠦᠯᠬᠦ᠂ ᠠᠮᠢ ᠠᠬᠤᠢ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠪᠣᠬᠢᠷᠲᠤᠯ ᠦᠭᠡᠢ ᠬᠥᠭᠵᠢᠯᠲᠡ ᠶᠢᠨ | ᠳᠠᠪᠠᠭᠤᠯᠢᠭ ᠢ ᠲᠠᠰᠤᠷᠠᠯᠲᠠ ᠦᠭᠡᠢ ᠴᠢᠩᠭᠠᠳᠬᠠᠵᠤ᠂ ᠨᠢᠭᠡ ᠵᠠᠮ ︽ᠨᠣᠭᠤᠭᠠᠨ︾ ᠢ ᠳᠠᠷᠠᠭᠠᠯᠠᠨ ᠬᠢᠵᠦ᠂ ᠮᠠᠨ ᠤ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨᠬᠦ | ᠪᠠᠬᠢᠵᠢᠭᠦᠯᠦᠨ᠎ᠡ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |