ᠣᠶᠢᠷ᠎ᠠ ᠳᠤ᠂ ᠵᠦᠸᠧᠽᠢ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠪᠠᠷᠠᠭᠠᠨ ᠤ ᠲᠡᠷᠭᠡ ᠶᠢᠨ | ᠵᠢᠯᠣᠭᠤᠴᠢ ᠶᠢᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠳᠬᠠᠵᠤ᠂ | ᠡᠬᠢ ᠪᠠᠶᠠᠯᠢᠭ ᠢ ᠪᠦᠲᠦᠮᠵᠢᠲᠡᠢ ᠨᠡᠶᠢᠳᠬᠡᠵᠦ᠂ ︽ᠵᠢᠯᠣᠭᠤᠴᠢ ᠶᠢᠨ ᠭᠡᠷ︾ ᠤᠨ ᠪᠠᠶᠢᠭᠤᠯᠤᠯᠲᠠ ᠶᠢ ᠶᠡᠬᠡᠪᠡᠷ | ᠠᠬᠢᠭᠤᠯᠵᠤ᠂ ᠥᠩᠭᠡᠷᠡᠬᠦ ᠪᠠᠷᠠᠭᠠᠨ ᠤ ᠲᠡᠷᠭᠡ ᠶᠢᠨ ᠵᠢᠯᠣᠭᠤᠴᠢ ᠶᠢᠨ ᠬᠠᠮᠲᠤᠯᠢᠭ ᠲᠤ ᠳᠣᠲᠣᠨᠣ ᠦᠢᠯᠡᠴᠢᠯᠡᠭᠡ | ᠬᠠᠩᠭᠠᠪᠠ᠃ | ︽ᠵᠢᠯᠣᠭᠤᠴᠢ ᠶᠢᠨ ᠭᠡᠷ︾ ᠳᠤ ᠣᠷᠣᠬᠤ ᠳᠤ᠂ ᠵᠥᠪᠬᠡᠨ ᠭᠡᠷ ᠳᠣᠲᠣᠷᠠᠬᠢ ᠣᠷᠴᠢᠨ ᠲᠣᠭᠤᠷᠢᠨ ᠨᠢ ᠰᠠᠷᠠᠭᠤᠯ | ᠠᠭᠤᠳᠠᠮ᠂ ᠪᠢᠴᠢᠯ ᠳᠣᠯᠭᠢᠶᠠᠨᠲᠤ ᠵᠤᠤᠬ᠎ᠠ᠂ ᠤᠰᠤ ᠤᠤᠭᠤᠬᠤ ᠮᠠᠱᠢᠨ᠂ ᠲᠧᠯᠸᠢᠰ ᠵᠡᠷᠭᠡ ᠰᠠᠭᠤᠷᠢ | ᠲᠥᠬᠦᠭᠡᠷᠦᠮᠵᠢ ᠨᠢ ᠪᠦᠷᠢᠨ ᠪᠠᠢᠳᠠᠭ︔ ᠤᠩᠱᠢᠯᠭ᠎ᠠ ᠶᠢᠨ ᠥᠨᠴᠥᠭ᠂ ᠪᠡᠶ᠎ᠡ ᠴᠢᠭᠢᠷᠠᠭᠵᠢᠭᠤᠯᠬᠤ ᠮᠠᠱᠢᠨ᠂ ᠢᠯᠢᠵᠦ | ᠨᠤᠬᠤᠯᠠᠬᠤ ᠰᠠᠨᠳᠠᠯᠢ ᠵᠡᠷᠭᠡ ᠰᠡᠯᠡᠭᠦᠴᠡᠯ ᠵᠤᠭ᠎ᠠ ᠴᠡᠩᠭᠡᠯ ᠤᠨ ᠲᠥᠬᠦᠭᠡᠷᠦᠮᠵᠢ ᠶᠢ ᠴᠦ ᠲᠣᠬᠢᠷᠠᠭᠤᠯᠤᠨ | ᠲᠡᠭᠦᠯᠳᠡᠷᠵᠢᠭᠦᠯᠵᠦ᠂ ᠨᠠᠰᠢ ᠴᠠᠰᠢ ᠥᠩᠭᠡᠷᠡᠬᠦ ᠪᠠᠷᠠᠭᠠᠨ ᠤ ᠲᠡᠷᠭᠡᠨ ᠵᠢᠯᠣᠭᠤᠴᠢ ᠶᠢ ᠬᠠᠯᠠᠭᠤᠨ ᠪᠤᠳᠠᠭ᠎ᠠ ᠢᠳᠡᠬᠦ ᠶᠢᠨ | ᠬᠠᠮᠲᠤ ᠪᠠᠰᠠ ᠤᠷᠮ᠎ᠠ ᠰᠡᠳᠭᠢᠯᠭᠡ ᠶᠢ ᠨᠢ ᠠᠮᠠᠷᠠᠭᠤᠯᠵᠤ᠂ ᠵᠢᠯᠣᠭᠤᠳᠬᠤ ᠶᠠᠳᠠᠷ ᠠᠭ᠎ᠠ ᠶᠢ ᠨᠢ ᠨᠠᠮ ᠳᠠᠭᠤᠯᠤᠨᠠ᠃ | ᠡᠭᠦᠨ ᠤ ᠵᠡᠷᠭᠡ ᠳᠤ᠂ ︽ᠵᠢᠯᠣᠭᠤᠴᠢ ᠶᠢᠨ ᠭᠡᠷ︾ ᠪᠠᠰᠠ ᠤᠲᠠᠰᠤ ᠥᠬᠡᠶ ᠰᠦᠯᠵᠢᠶ᠎ᠡ᠂ ᠪᠠᠴᠢᠮ ᠪᠠᠶᠢᠳᠠᠯ ᠢ | ᠠᠷᠭᠠᠴᠠᠬᠤ ᠡᠮ ᠤᠨ ᠬᠠᠶᠢᠷᠴᠠᠭ᠂ ᠭᠠᠷ ᠤᠲᠠᠰᠤ ᠪᠠᠷ ᠴᠠᠬᠢᠯᠭᠠᠨ ᠴᠡᠨᠡᠭᠯᠡᠬᠦ ᠵᠡᠷᠭᠡ ᠨᠡᠮᠡᠯᠲᠡ ᠦᠢᠯᠡᠴᠢᠯᠡᠭᠡ | ᠬᠠᠩᠭᠠᠵᠤ᠂ ᠵᠢᠯᠣᠭᠤᠴᠢ ᠶᠢᠨ ᠬᠠᠮᠲᠤᠯᠢᠭ ᠤᠨ ᠪᠣᠳᠠᠲᠠᠶ ᠬᠡᠷᠡᠭᠴᠡᠭᠡ ᠶᠢ ᠪᠥᠬᠦ ᠲᠠᠯ᠎ᠠ ᠪᠠᠷ ᠬᠠᠩᠭᠠᠵᠤ᠂ ᠲᠡᠳᠡᠨ ᠳᠤ | ᠬᠡᠷ ᠪᠦᠯᠢ ᠶᠢᠨ ᠬᠠᠯᠠᠭᠤᠨ ᠳᠤᠯᠠᠭᠠᠨ ᠢ ᠮᠡᠳᠡᠷᠡᠭᠦᠯᠦᠨ᠎ᠡ᠃ | ︽ᠪᠢᠳᠡ ᠲᠠᠷᠠᠬᠠᠢ ᠪᠤᠲᠠᠷᠬᠠᠢ ︿ᠰᠠᠭᠤᠷᠢ ᠠᠴᠠ ᠨᠢ ᠪᠠᠲᠤᠯᠠᠬᠤ﹀ ᠪᠠᠷ ᠳᠠᠮᠵᠢᠨ ᠡᠪᠯᠡᠯ ᠳᠤ ᠣᠷᠣᠵᠤ᠂ | ᠠᠵᠢᠯᠴᠢᠨ ᠤ ᠡᠪᠯᠡᠯ ᠤᠨ ᠦᠷᠳᠡᠭᠡ᠂ ᠵᠢᠯᠣᠭᠤᠴᠢ ᠶᠢᠨ ᠭᠡᠷ ᠵᠡᠷᠭᠡ ᠳᠤ ᠲᠦᠰᠢᠭᠯᠡᠨ᠂ ᠪᠠᠷᠠᠭᠠᠨ ᠤ ᠲᠡᠷᠭᠡᠨ | ᠵᠢᠯᠣᠭᠤᠴᠢ ᠶᠢ ᠥᠷᠭᠡᠨ ᠢᠶᠠᠷ ᠵᠣᠬᠢᠶᠠᠨ ᠪᠠᠶᠢᠭᠤᠯᠵᠤ ᠠᠵᠢᠯᠴᠢᠨ ᠤ ᠡᠪᠯᠡᠯ ᠳᠤ ᠣᠷᠣᠭᠤᠯᠪᠠ᠃ ᠣᠳᠣᠬᠠᠨ ᠳᠤ᠂ | ᠪᠠᠷᠠᠭᠠᠨ ᠤ ᠲᠡᠷᠭᠡᠨ ᠵᠢᠯᠣᠭᠤᠴᠢ ᠨᠡᠶᠢᠭᠡᠮᠯᠢᠭ ᠤᠨ ᠪᠥᠬᠦ ᠬᠥᠮᠦᠨ ᠤ ᠲᠤᠭ᠎ᠠ 373 ᠪᠣᠯᠪᠠ᠃ ᠵᠦᠸᠧᠽᠢ ᠰᠢᠶᠠᠨ ᠤ | ᠠᠵᠢᠯᠴᠢᠨ ᠤ ᠶᠡᠷᠦᠩᠬᠡᠢ ᠡᠪᠯᠡᠯ ᠤᠨ ᠦᠨᠳᠦᠰᠦᠨ ᠱᠠᠲᠤᠨ ᠤ ᠬᠡᠯᠲᠡᠰ ᠤᠨ ᠳᠠᠷᠤᠭ᠎ᠠ ᠸᠧᠢ ᠿᠢ ᠨᠠ᠂ | ᠳᠠᠷᠠᠭᠠᠴᠢ ᠶᠢᠨ ᠠᠯᠬᠤᠮ ᠳᠤ᠂ ᠵᠦᠸᠧᠽᠢ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠪᠠᠷᠠᠭᠠᠨ ᠤ ᠲᠡᠷᠭᠡ ᠶᠢᠨ | ᠵᠢᠯᠣᠭᠤᠴᠢ ᠶᠢᠨ ᠲᠡᠰ ᠳᠠᠪᠬᠤᠷᠭ᠎ᠠ ᠳᠤ ᠨᠡᠶᠢᠴᠡᠬᠦ ᠪᠠᠲᠤᠯᠠᠭ᠎ᠠ ᠶᠢᠨ ᠲᠥᠰᠦᠯ ᠢ ᠭᠠᠷᠭᠠᠵᠤ᠂ ᠪᠠᠷᠠᠭᠠᠨ ᠤ ᠲᠡᠷᠭᠡ ᠶᠢᠨ | ᠵᠢᠯᠣᠭᠤᠴᠢ ᠳᠤ ᠲᠤᠰᠬᠠᠶᠢᠵᠢᠭᠰᠠᠨ᠂ ᠨᠠᠷᠢᠯᠢᠭᠵᠢᠭᠰᠠᠨ᠂ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠵᠤ᠂ ︽ | ᠵᠢᠯᠣᠭᠤᠴᠢ ᠶᠢᠨ ᠭᠡᠷ︾ ᠢ ᠦᠨᠡᠨᠬᠦ ᠠᠷᠠᠳ ᠲᠤ ᠠᠰᠢᠭ ᠬᠦᠷᠲᠡᠭᠡᠬᠦ ᠳᠤᠯᠠᠭᠠᠨ ᠭᠠᠷᠠᠮ ᠪᠣᠯᠭᠠᠨ ᠪᠠᠶᠢᠭᠤᠯᠤᠨ᠎ᠠ ᠭᠡᠵᠦ | ᠬᠡᠯᠡᠪᠡ᠃ | | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ | | |