ᠤᠢᠢᠷ᠎ᠠ ᠶᠢᠨ ᠵᠢᠯ ᠠᠴᠠ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠢᠲᠡᠭᠡᠮᠵᠢ ᠶᠢᠨ ᠬᠠᠮᠢᠶᠠᠷᠤᠯᠲᠠ᠂ | ᠠᠵᠤ ᠠᠬᠤᠶᠢᠯᠠᠯ ᠤᠨ ᠬᠤᠳᠠᠯᠳᠤᠭᠠᠴᠢᠨ ᠢ ᠤᠬᠠᠮᠰᠠᠷ ᠠᠴᠠ ᠪᠠᠨ ᠦᠨᠡᠨᠴᠢ ᠢᠲᠡᠭᠡᠮᠵᠢᠲᠡᠢ ᠪᠠᠶᠢᠬᠤ ᠶᠢ | ᠪᠡᠶᠡᠯᠡᠭᠦᠯᠬᠦ ᠶᠢᠨ ᠲᠥᠯᠥᠭᠡ᠂ ᠵᠦᠸᠧᠽᠢ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ | ︽ᠭᠤᠷᠪᠠᠨ ᠬᠦᠴᠦᠯᠡᠬᠦ︾ ᠪᠠᠷ ᠭᠠᠷᠳᠠᠴᠠ ᠪᠣᠯᠭᠠᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠦᠨᠡᠨᠴᠢ | ᠢᠲᠡᠭᠡᠮᠵᠢ ᠶᠢᠨ ᠤᠬᠠᠮᠰᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ | ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ᠂ ᠴᠢᠨᠠᠷ ᠰᠠᠶᠢᠲᠠᠢ ᠢᠲᠡᠭᠡᠮᠵᠢ ᠶᠢᠨ | ᠣᠷᠴᠢᠨ ᠲᠣᠭᠤᠷᠢᠨ ᠢ ᠨᠠᠷᠢᠨ ᠨᠢᠮᠪᠠᠢ ᠪᠤᠢ ᠪᠣᠯᠭᠠᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠶᠢᠨ | ᠳᠠᠪᠠᠭᠤᠯᠢᠭ ᠲᠠᠭᠠᠨ ᠲᠦᠰᠢᠭᠯᠡᠨ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠪᠣᠯᠤᠨ ᠨᠥᠯᠥᠭᠡᠯᠡᠬᠦ ᠬᠦᠴᠦᠨ ᠢ | ᠨᠡᠮᠡᠭᠳᠡᠭᠦᠯᠬᠦ ᠳᠤ ᠬᠦᠴᠦ ᠨᠡᠮᠡᠷᠢᠯᠡᠵᠦ᠂ ᠣᠷᠣᠨ ᠨᠤᠲᠤᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠪᠠ᠃ | - ᠤᠬᠠᠭᠤᠯᠤᠨ ᠬᠥᠲᠥᠯᠦᠨ ᠵᠢᠯᠤᠭᠤᠳᠴᠤ᠂ ᠦᠨᠡᠨᠴᠢ ᠢᠲᠡᠭᠡᠮᠵᠢᠲᠡᠢ ᠡᠵᠡᠩᠨᠡᠯᠲᠡ ᠶᠢᠨ ᠰᠠᠶᠢᠨ ᠰᠠᠶᠢᠬᠠᠨ | ᠠᠭᠤᠷ ᠠᠮᠢᠰᠬᠤᠯ ᠢ ᠪᠣᠶ ᠪᠣᠯᠭᠠᠨ᠎ᠠ᠃ | ᠣᠯᠠᠨ ᠡᠰᠢᠵᠢᠭᠰᠡᠨ ᠤᠬᠠᠭᠤᠯᠭ᠎ᠠ ᠶᠢᠨ ᠠᠷᠭ᠎ᠠ ᠵᠠᠮ ᠢ ᠭᠦᠢᠴᠡᠳ ᠠᠰᠢᠭᠯᠠᠨ᠂ ᠵᠠᠰᠠᠭ ᠤᠨ ᠣᠷᠳᠣᠨ ᠤ | ᠰᠦᠯᠵᠢᠶ᠎ᠡ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠣᠬᠤᠷ ᠮᠡᠳᠡᠭᠡ ᠶᠢ ᠣᠯᠠᠨ ᠤᠳᠠᠭ᠎ᠠ ᠶᠠᠪᠤᠭᠤᠯᠬᠤ ᠵᠢᠴᠢ | ᠤᠲᠠᠰᠤ ᠪᠠᠷ ᠮᠡᠳᠡᠭᠳᠡᠬᠦ ᠵᠡᠷᠭᠡ ᠠᠷᠭ᠎ᠠ ᠮᠠᠶ᠋ᠢᠭ ᠢ ᠠᠰᠢᠭᠯᠠᠨ᠂ ᠡᠵᠡᠩᠨᠡᠯᠲᠡ ᠶᠢᠨ ᠭᠤᠤᠯ ᠴᠣᠭᠴᠠ ᠶᠢ ᠴᠠᠭ | ᠲᠤᠬᠠᠶ ᠳᠤᠨᠢ ᠣᠨ ᠤ ᠮᠡᠳᠡᠭᠦᠯᠦᠯᠲᠡ ᠶᠢ ᠵᠠᠷᠯᠠᠨ ᠨᠡᠶᠢᠲᠡᠯᠡᠬᠦ ᠶᠢ ᠴᠠᠭ ᠲᠤᠬᠠᠶ ᠳᠤᠨᠢ ᠰᠠᠨᠠᠭᠤᠯᠪᠠ᠃ ᠡᠭᠦᠨ ᠤ | ᠬᠠᠮᠲᠤ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠬᠢᠭᠡᠳ | ᠦᠨᠳᠦᠰᠦᠨ ᠪᠣᠳᠣᠯᠭ᠎ᠠ ᠴᠢᠭᠯᠡᠯᠲᠡ ᠶᠢ ᠶᠡᠬᠡᠪᠡᠷ ᠤᠬᠠᠭᠤᠯᠵᠤ᠂ ᠡᠵᠡᠩᠨᠡᠭᠴᠢᠳ ᠢ ᠲᠠᠰᠤᠷᠠᠯᠲᠠ ᠤᠢᠭᠡᠢ | ᠰᠢᠮᠳᠠᠭᠤᠯᠤᠨ ᠦᠨᠡᠨᠴᠢ ᠢᠲᠡᠭᠡᠮᠵᠢᠲᠡᠶ ᠪᠠᠷ ᠥᠪᠡᠷ ᠢ ᠪᠠᠨ ᠱᠠᠭᠠᠷᠳᠠᠬᠤ ᠵᠠᠷᠴᠢᠮ ᠢ ᠪᠠᠷᠢᠮᠲᠠᠯᠠᠭᠤᠯᠵᠤ᠂ | ᠡᠵᠡᠩᠨᠡᠯᠲᠡ ᠶᠢᠨ ᠭᠤᠤᠯ ᠴᠣᠭᠴᠠ ᠶᠢᠨ ᠲᠣᠰ ᠪᠡᠶ᠎ᠡ ᠶᠢᠨ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢᠨ | ᠪᠠᠶᠢᠭᠤᠯᠤᠯᠲᠠ ᠪᠠᠨ ᠴᠢᠩᠭᠠᠳᠬᠠᠬᠤ ᠶᠢ ᠢᠳᠡᠪᠬᠢᠲᠡᠶ ᠪᠠᠷ ᠬᠥᠲᠥᠯᠦᠨ ᠵᠢᠯᠣᠭᠤᠳᠬᠤ ᠪᠠ ᠠᠬᠢᠭᠤᠯᠤᠨ᠎ᠠ᠃ ᠥᠷᠭᠡᠨ | ᠳᠡᠯᠭᠡᠷ ᠤᠬᠠᠭᠤᠯᠭ᠎ᠠ ᠪᠠᠷ ᠳᠠᠮᠵᠢᠭᠤᠯᠤᠨ᠂ ︽ᠦᠨᠡᠨᠴᠢ ᠢᠲᠡᠭᠡᠮᠵᠢ ᠪᠠᠷ ᠦᠨᠳᠦᠰᠦ ᠪᠣᠯᠭᠠᠵᠤ᠂ ᠬᠠᠤᠯᠢ ᠶᠢ ᠰᠠᠬᠢᠵᠤ | ᠡᠵᠡᠩᠨᠡᠬᠦ︾ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠥᠷᠭᠡᠨ ᠣᠯᠠᠨ ᠡᠵᠡᠩᠨᠡᠯᠲᠡ ᠶᠢᠨ | ᠭᠤᠤᠯ ᠴᠣᠭᠴᠠ ᠶᠢᠨ ᠨᠡᠶᠢᠳᠡᠮ ᠤᠨ ᠬᠠᠮᠲᠤ ᠶᠢᠨ ᠲᠠᠨᠢᠯᠲᠠ ᠪᠣᠯᠭᠠᠵᠤ᠂ ᠪᠥᠬᠦ ᠰᠢᠶᠠᠨ ᠤ ᠬᠡᠪᠴᠢᠶᠡᠨ ᠳᠤ ︽ | ᠦᠨᠡᠨᠴᠢ ᠢᠲᠡᠭᠡᠮᠵᠢᠲᠡᠶ ᠪᠣᠯ ᠢᠷᠠᠭᠤ ᠠᠯᠳᠠᠷᠲᠠᠶ᠂ ᠢᠲᠡᠭᠡᠯ ᠠᠯᠳᠠᠬᠤ ᠨᠢ ᠢᠴᠢᠭᠦᠷᠢ ᠭᠤᠲᠤᠮᠰᠢᠭ︾ ᠶᠠᠷᠢᠶ᠎ᠠ | ᠬᠡᠯᠡᠯᠴᠡᠭᠡᠨ ᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ | ᠴᠣᠭᠴᠠ ᠶᠢᠨ ᠦᠨᠡᠨᠴᠢ ᠡᠵᠡᠩᠨᠡᠯᠲᠡ ᠶᠢᠨ ᠦᠵᠡᠯ ᠤᠬᠠᠮᠰᠠᠷ ᠪᠠ ᠢᠲᠡᠭᠡᠮᠵᠢᠲᠡᠶ ᠪᠠᠶᠢᠬᠤ ᠦᠢᠯᠡᠴᠢᠯᠡᠭᠡᠨ ᠤ ᠬᠢᠷᠢ | ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ | - ᠦᠢᠯᠡᠴᠢᠯᠡᠭᠡ ᠶᠢ ᠬᠦᠴᠦᠯᠡᠨ ᠱᠢᠯᠢᠳᠡᠭᠵᠢᠭᠦᠯᠵᠦ᠂ ᠡᠵᠡᠩᠨᠡᠭᠴᠢ ᠶᠢᠨ ᠵᠥᠪᠱᠢᠶᠡᠷᠡᠨ ᠣᠷᠣᠭᠤᠯᠬᠤ | ᠬᠥᠭᠵᠢᠯᠲᠡ ᠶᠢᠨ ᠬᠤᠷᠳᠤᠴᠠ ᠶᠢ ᠳᠡᠭᠡᠭᠱᠢᠯᠡᠭᠦᠯᠦᠨ᠎ᠡ᠃ | ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠭᠦᠢᠴᠡᠳᠬᠡᠬᠦ︾ ᠬᠠᠷᠠᠯᠲᠠ ᠶᠢᠨ ᠲᠣᠭᠤᠷᠢᠨ ᠳᠤ᠂ ᠦᠨᠡᠨᠴᠢ | ᠢᠲᠡᠭᠡᠮᠵᠢᠲᠡᠶ ᠪᠠᠷ ᠠᠮᠠᠯᠠᠯᠲᠠ ᠪᠠᠨ ᠰᠠᠬᠢᠬᠤ ᠪᠠᠷ ᠤᠷᠢᠲᠠᠯ ᠪᠣᠯᠭᠠᠵᠤ᠂ ᠲᠣᠰ ᠲᠣᠪᠴᠢᠶ᠎ᠠ ᠠᠵᠤ ᠠᠬᠤᠶᠢᠯᠠᠯ ᠤᠨ | ᠮᠡᠳᠡᠭᠡ ᠵᠠᠩᠭᠢ ᠶᠢ ᠬᠤᠪᠢᠷᠠᠭᠤᠯᠬᠤ ᠳᠡᠩᠰᠡᠯᠡᠯᠲᠡ᠂ ᠠᠵᠤ ᠠᠬᠤᠶᠢᠯᠠᠯ ᠤᠨ ᠳᠡᠩᠰᠡᠯᠡᠯᠲᠡ ᠶᠢ ᠬᠦᠴᠦᠨ ᠥᠬᠡᠶ | ᠪᠣᠯᠭᠠᠬᠤ ᠶᠢ ᠬᠡᠷᠡᠭᠵᠢᠭᠦᠯᠬᠦ ᠬᠦᠴᠢᠷᠳᠡᠯ᠂ ᠲᠦᠭᠰᠢᠭᠦᠷᠢ ᠶᠢ ᠡᠵᠡᠮᠳᠡᠵᠦ ᠪᠣᠯᠬᠤ ᠬᠡᠮᠵᠢᠶ᠎ᠡ ᠵᠢᠴᠢ ᠦᠢᠯᠡᠴᠢᠯᠡᠬᠦ | ᠡᠲᠡᠭᠡᠳ ᠤᠨ ᠢᠲᠡᠭᠡᠮᠵᠢ ᠶᠢᠨ ᠪᠠᠶᠢᠳᠠᠯ ᠵᠡᠷᠭᠡ ᠬᠦᠴᠦᠨ ᠵᠦᠢᠯ ᠢ ᠦᠨᠳᠦᠰᠦᠯᠡᠨ᠂ ᠭᠤᠶᠤᠴᠢᠯᠠᠬᠤ ᠮᠠᠲ᠋ᠧᠷᠢᠶᠠᠯ ᠢ | ᠨᠥᠬᠦᠪᠦᠷᠢᠯᠡᠬᠦ ᠪᠤᠶᠤ ᠲᠤᠰᠢᠶᠠᠬᠤ ᠠᠴᠠ ᠭᠡᠯᠳᠦᠷᠢᠭᠦᠯᠬᠦ᠂ ᠮᠥᠨ ᠴᠢᠨᠠᠷ ᠤᠨ ᠬᠢᠨᠠᠨ ᠪᠠᠶᠢᠴᠠᠭᠠᠯᠲᠠ ᠬᠢᠭᠰᠡᠨ ᠤ | ᠳᠠᠷᠠᠭᠠᠬᠢ ᠪᠤᠶᠤ ᠭᠡᠯᠳᠦᠷᠢᠭᠦᠯᠬᠦ ᠵᠡᠷᠭᠡ ᠠᠷᠭ᠎ᠠ ᠬᠡᠮᠵᠢᠶ᠎ᠡ ᠶᠢ ᠠᠮᠢᠳᠤᠯᠢᠭ ᠢᠶᠠᠷ ᠬᠡᠷᠡᠭᠯᠡᠵᠦ᠂ ᠡᠵᠡᠩᠨᠡᠯᠲᠡ ᠶᠢᠨ ᠭᠤᠤᠯ | ᠴᠣᠭᠴᠠ ᠳᠤ ︽ᠰᠠᠭᠠᠳ ᠥᠬᠡᠶ ᠨᠡᠪᠲᠡᠷᠡᠬᠦ ᠵᠠᠮ︾᠂ ︽ᠬᠠᠪᠰᠤᠷᠤᠨ ᠬᠦᠢᠴᠡᠳᠬᠡᠵᠦ ᠣᠷᠣᠯᠠᠨ ᠭᠦᠢᠴᠡᠳᠬᠡᠬᠦ︾ | ᠵᠢᠴᠢ ᠲᠤᠬᠠᠶ ᠶᠢᠨ ᠲᠠᠯᠠᠪᠤᠷ ᠲᠤ ᠬᠢᠨᠠᠨ ᠪᠠᠶᠢᠴᠠᠭᠠᠯᠲᠠ ᠬᠢᠬᠦ ᠠᠴᠠ ᠬᠡᠯᠲᠦᠷᠢᠭᠦᠯᠬᠦ ᠵᠡᠷᠭᠡ ᠳᠥᠭᠦᠮ ᠳᠥᠲᠡ | ᠦᠢᠯᠡᠴᠢᠯᠡᠭᠡ ᠬᠠᠩᠭᠠᠵᠤ᠂ ᠡᠵᠡᠩᠨᠡᠯᠲᠡ ᠶᠢᠨ ᠭᠤᠤᠯ ᠴᠣᠭᠴᠠ ᠶᠢᠨ ᠵᠥᠪᠰᠢᠶᠡᠷᠡᠨ ᠣᠷᠣᠭᠤᠯᠬᠤ ᠪᠤᠴᠠᠭᠠᠨ | ᠭᠠᠷᠭᠠᠬᠤ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠰᠠᠶᠢᠲᠤᠷ ᠬᠢᠬᠦ︾ ᠠᠬᠢᠴᠠ ᠶᠢ ᠪᠥᠬᠦ ᠬᠦᠴᠦᠨ ᠢᠶᠠᠷ ᠢᠶᠠᠨ | ᠲᠦᠷᠭᠡᠳᠬᠡᠪᠡ᠃ | ᠡᠭᠦᠨ ᠠᠴᠠ ᠭᠠᠳᠠᠨ᠎ᠠ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠵᠥᠪ ᠴᠢᠭᠯᠡᠯ ᠢᠶᠠᠷ ᠤᠷᠮᠠᠰᠢᠭᠤᠯᠬᠤ | ᠦᠢᠯᠡᠳᠦᠯ ᠢ ᠭᠦᠢᠴᠡᠳ ᠪᠠᠳᠠᠷᠠᠭᠤᠯᠵᠤ᠂ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ᠂ | ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠲᠠᠯ᠎ᠠ ᠪᠠᠷ ᠬᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ | ᠨᠢᠭᠲᠠ ᠬᠠᠮᠲᠤᠷᠠᠯᠴᠠᠬᠤ ᠶᠢ ᠴᠢᠩᠭᠠᠳᠬᠠᠵᠤ᠂ ︽ᠬᠤᠪᠢ ᠶᠢᠨ ᠥᠪᠥᠷ ᠮᠣᠩᠭᠤᠯ ᠤᠨ ᠢᠲᠡᠭᠡᠮᠵᠢᠲᠦ ᠵᠢᠭᠡᠯᠡᠯᠭᠡ︾ | ᠵᠡᠷᠭᠡ ᠲᠠᠪᠴᠠᠩ ᠳᠤ ᠲᠦᠰᠢᠭᠯᠡᠨ᠂ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠳᠤ ᠮᠥᠩᠭᠦᠨ ᠭᠦᠢᠯᠭᠡᠭᠡᠨ ᠤ ᠢᠲᠡᠭᠡᠮᠵᠢᠲᠦ ᠵᠢᠭᠡᠯᠡᠯᠭᠡ ᠶᠢᠨ ᠦᠢᠯᠡᠴᠢᠯᠡᠭᠡ ᠶᠢ ᠨᠠᠷᠢᠯᠢᠭ | ᠣᠨᠣᠴᠠᠲᠠᠢ ᠪᠠᠷ ᠬᠠᠩᠭᠠᠵᠤ᠂ ᠲᠡᠳᠡᠨ ᠤ ᠪᠡᠯᠡ ᠲᠣᠬᠢᠷᠠᠭᠤᠯᠭ᠎ᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠨ᠂ | ᠡᠳᠡᠭᠡᠷ ᠡᠵᠡᠩᠨᠡᠯᠲᠡ ᠶᠢᠨ ᠭᠤᠣᠯ ᠴᠣᠭᠴᠠ ᠶᠢᠨ ᠲᠦᠷᠭᠡᠨ ᠢᠶᠠᠷ ᠬᠥᠭᠵᠢᠨ ᠪᠤᠵᠠᠭᠠᠶᠢᠷᠠᠬᠤ ᠳᠤ ᠬᠦᠴᠦᠨ ᠨᠡᠮᠡᠷᠢᠯᠡᠨ᠎ᠡ | ᠃ | - ᠬᠠᠮᠢᠶᠠᠷᠤᠯᠲᠠ ᠪᠠᠨ ᠬᠦᠴᠦᠯᠡᠨ ᠴᠢᠩᠭᠠᠳᠬᠠᠵᠤ᠂ ᠰᠢᠨᠵᠢᠯᠡᠬᠦ ᠤᠬᠠᠭᠠᠨᠴᠢ ᠬᠢᠨᠠᠯᠲᠠ ᠬᠠᠮᠢᠶᠠᠷᠤᠯᠲᠠ ᠶᠢᠨ | ᠵᠠᠭᠪᠤᠷ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ | ᠢᠲᠡᠭᠡᠮᠵᠢ ᠶᠢ ᠰᠡᠷᠭᠦᠭᠡᠬᠦ ᠲᠦᠷᠢᠮ᠂ ᠢᠲᠡᠭᠡᠮᠵᠢ ᠶᠢᠨ ᠲᠦᠭᠰᠢᠭᠦᠷᠢ ᠶᠢ ᠲᠥᠷᠥᠯ ᠬᠤᠪᠢᠶᠠᠨ ᠬᠠᠮᠢᠶᠠᠷᠬᠤ ᠵᠢᠴᠢ | ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠢᠲᠡᠭᠡᠮᠵᠢ ᠲᠠᠢ ᠪᠠᠶᠢᠬᠤ ᠶᠢ ᠬᠠᠮᠲᠤᠷᠠᠨ ᠱᠠᠩᠨᠠᠬᠤ ᠪᠠ ᠢᠲᠡᠭᠡᠮᠵᠢ ᠠᠯᠳᠠᠭᠰᠠᠨ ᠢ | ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠢᠳᠡᠪᠬᠢᠲᠡᠶ ᠪᠠᠶᠢᠭᠤᠯᠵᠤ᠂ ᠦᠨᠡᠨᠴᠢ ᠢᠲᠡᠭᠡᠮᠵᠢᠲᠡᠶ | ᠡᠵᠡᠩᠨᠡᠯᠲᠡ ᠶᠢᠨ ᠭᠤᠤᠯ ᠴᠣᠭᠴᠠ ᠶᠢ ᠵᠠᠬ᠎ᠠ ᠳᠡᠯᠭᠡᠭᠦᠷ ᠤᠨ ᠠᠵᠢᠯᠯᠠᠭ᠎ᠠ ᠳᠤᠮᠳᠠ ᠰᠠᠭᠠᠳ ᠥᠬᠡᠶ ᠨᠡᠪᠲᠡᠷᠡᠭᠦᠯᠵᠦ᠂ | ᠢᠲᠡᠭᠡᠮᠵᠢ ᠠᠯᠳᠠᠭᠰᠠᠳ ᠢ ᠭᠠᠵᠠᠷ ᠪᠣᠯᠭᠠᠨ ᠳᠤ ᠬᠢᠵᠠᠭᠠᠷᠯᠠᠭᠤᠯᠵᠤ᠂ ᠡᠵᠡᠩᠨᠡᠯᠲᠡ ᠶᠢᠨ ᠭᠤᠤᠯ ᠴᠣᠭᠴᠠ ᠶᠢᠨ | ᠬᠠᠤᠯᠢ ᠶᠢ ᠰᠠᠬᠢᠵᠤ ᠦᠨᠡᠨᠴᠢ ᠢᠲᠡᠭᠡᠮᠵᠢᠲᠡᠶ ᠡᠵᠡᠩᠨᠡᠬᠦ ᠶᠢ ᠪᠦᠲᠦᠮᠵᠢᠲᠡᠶ ᠠᠬᠢᠭᠤᠯᠤᠨ᠎ᠠ᠃ ᠬᠠᠤᠯᠢ ᠬᠡᠷᠡᠭᠵᠢᠭᠦᠯᠬᠦ | ᠶᠠᠪᠤᠴᠠ ᠳᠤ᠂ ᠦᠢᠯᠡᠴᠢᠯᠡᠭᠡᠨ ᠤ ᠬᠡᠯᠪᠡᠷᠢ ᠶᠢᠨ ᠬᠠᠤᠯᠢ ᠬᠡᠷᠡᠭᠵᠢᠭᠦᠯᠬᠦ ᠣᠨᠣᠯᠵᠢᠬᠤᠨ ᠢ ᠬᠢᠨᠠᠮᠠᠭᠠᠶ ᠬᠡᠷᠡᠭᠵᠢᠭᠦᠯᠵᠦ᠂ | ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠣᠨᠣᠯᠵᠢᠬᠤᠨ ᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠥᠬᠦ | ᠶᠠᠪᠤᠴᠠ ᠳᠤ ᠭᠦᠨᠵᠡᠭᠡᠶ ᠠᠭᠤᠰᠤᠯᠴᠠᠭᠤᠯᠵᠤ᠂ ︽ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ᠂ ᠬᠥᠩᠭᠡᠪᠲᠦᠷ | ᠲᠣᠷᠭᠠᠬᠤ ᠠᠴᠠ ᠭᠡᠯᠳᠦᠷᠢᠭᠦᠯᠬᠦ᠂ ᠬᠦᠨᠳᠦ ᠪᠠᠷ ᠰᠢᠳᠬᠡᠬᠦ᠂ ᠠᠯᠳᠠᠭ᠎ᠠ ᠪᠤᠷᠤᠭᠤ ᠶᠢ ᠠᠳᠠᠯᠢ ᠪᠠᠶᠢᠯᠭᠠᠬᠤ᠂ ᠬᠡᠷᠡᠭ ᠤᠨ | ᠳᠠᠷᠠᠭ᠎ᠠ ᠬᠠᠷᠢᠭᠤ ᠰᠤᠷᠪᠤᠯᠵᠢᠯᠠᠬᠤ︾ ᠬᠠᠤᠯᠢ ᠬᠡᠷᠡᠭᠵᠢᠭᠦᠯᠬᠦ ᠵᠠᠭᠪᠤᠷ ᠢ ᠢᠳᠡᠪᠬᠢᠲᠡᠶ ᠪᠠᠷ ᠰᠦᠪᠡᠭᠴᠢᠯᠡᠨ ᠪᠠᠶᠢᠭᠤᠯᠵᠤ | ᠂ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠬᠤ ᠮᠥᠷᠲᠡᠭᠡᠨ | ᠪᠠᠰᠠ ᠶᠣᠰᠣ ᠤᠴᠢᠷ ᠢ ᠭᠦᠢᠴᠡᠳ ᠬᠠᠷᠠᠭᠠᠯᠵᠠᠵᠤ᠂ ᠤᠯᠤᠰ ᠲᠥᠷᠥ ᠶᠢᠨ ᠦᠷ᠎ᠡ ᠪᠦᠲᠦᠮᠵᠢ᠂ ᠬᠠᠤᠯᠢ | ᠴᠠᠭᠠᠵᠠ ᠶᠢᠨ ᠦᠷ᠎ᠡ ᠪᠦᠲᠦᠮᠵᠢ ᠪᠠ ᠨᠡᠶᠢᠭᠡᠮ ᠤᠨ ᠦᠷ᠎ᠡ ᠪᠦᠲᠦᠮᠵᠢ ᠶᠢᠨ ᠣᠷᠭᠠᠨᠢᠭ ᠨᠢᠭᠡᠳᠦᠯ ᠢ ᠨᠠᠩ ᠰᠠᠶᠢᠲᠤᠷ | ᠪᠡᠶᠡᠯᠡᠭᠦᠯᠬᠦ ᠬᠡᠷᠡᠭᠲᠡᠶ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |