ᠶᠠᠩᠭᠠᠷ ᠪᠥᠵᠢᠭᠯᠡᠵᠦ ᠪᠠᠶᠢᠭ᠎ᠠ ᠦᠶ᠎ᠡ ᠶᠢᠨ ᠪᠦᠬᠦ ᠠᠷᠠᠳ ᠪᠠᠶᠠᠷ ᠬᠥᠷ ᠲᠠᠢ ᠪᠠᠷ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠵᠦᠸᠧᠽᠢ ᠰᠢᠶᠠᠨ ᠤ ᠥᠯᠵᠡᠶᠢᠲᠦ ᠡᠳᠦᠷ ᠤᠨ ᠶᠠᠩᠭᠠᠷ ᠪᠥᠵᠢᠭ ᠤᠨ ᠤᠷᠤᠯᠳᠤᠭᠠᠨ ᠭᠤᠶᠢᠳᠠ ᠰᠠᠶᠢᠬᠠᠨ ᠶᠠᠪᠤᠭᠳᠠᠪᠠ᠃
ᠨᠡᠶᠢᠲᠡᠯᠡᠭᠰᠡᠨ ᠴᠠᠭ᠄
2025/2/19
    ᠶᠠᠩᠭᠠᠷ ᠪᠥᠵᠢᠭᠯᠡᠵᠦ᠂ ᠮᠥᠩᠭᠦᠨ ᠮᠣᠭᠠᠢ ᠵᠢᠷᠭᠢᠨ ᠮᠠᠨᠳᠤᠪᠠ᠃ 2 ᠰᠠᠷ᠎ᠠ ᠶᠢᠨ 12 ᠤᠨ ᠡᠳᠦᠷ ᠤᠨ ᠪᠢᠯᠢᠭ ᠤᠨ ᠤᠯᠠᠷᠢᠯ ᠤᠨ ᠴᠠᠭᠠᠨ ᠰᠠᠷ᠎ᠠ ᠶᠢᠨ ᠠᠷᠪᠠᠨ ᠲᠠᠪᠤᠨ᠂ ᠵᠦᠸᠧᠽᠢ ᠰᠢᠶᠠᠨ ᠤ ᠵᠢᠷᠭᠤᠳᠤᠭᠠᠷ ᠬᠤᠭᠤᠴᠠᠭᠠᠨ ᠤ ︽ᠥᠯᠵᠡᠶᠢᠲᠦ ᠶᠢᠰᠦᠨ ᠡᠭᠡᠰᠢᠭᠲᠦ ᠦᠵᠡᠰᠬᠦᠯᠡᠩᠲᠦ ᠰᠠᠶᠢᠬᠠᠨ ᠵᠦᠸᠧᠽᠢ︾ ᠶᠢᠨ ᠰᠣᠶᠣᠯ ᠵᠢᠭᠤᠯᠴᠢᠯᠠᠯ ᠤᠨ ᠪᠠᠶᠠᠷ ᠤᠨ ᠶᠠᠩᠭᠠᠷ ᠤᠨ ᠤᠷᠤᠯᠳᠤᠭᠠᠨ ᠭᠤᠶᠢᠳᠠ ᠰᠠᠶᠢᠬᠠᠨ ᠶᠠᠪᠤᠭᠳᠠᠪᠠ᠃ 18 ᠶᠠᠩᠭᠠᠷ ᠪᠥᠵᠢᠭ ᠤᠨ ᠲᠣᠭᠯᠠᠯᠲᠠ ᠶᠢᠨ ᠠᠩᠭᠢ ᠥᠩᠭᠡᠲᠦ ᠲᠡᠷᠭᠡᠨ ᠤ ᠳᠠᠭᠠᠭᠤᠯᠭ᠎ᠠ ᠳᠣᠤᠷ᠎ᠠ᠂ ᠳᠠᠭᠤᠯᠠᠨ ᠪᠥᠵᠢᠭᠯᠡᠵᠦ᠂ ᠲᠦᠩ ᠯᠧ ᠠᠭᠤᠳᠠᠮ ᠲᠠᠯᠠᠪᠠᠶ ᠳᠤ ᠴᠤᠭᠯᠠᠷᠠᠨ᠂ ᠥᠷᠭᠡᠨ ᠣᠯᠠᠨ ᠬᠤᠲᠠ ᠶᠢᠨ ᠠᠷᠠᠳ ᠲᠤ ᠨᠢᠭᠡ ᠤᠳᠠᠭᠠᠨ ᠤ ᠠᠷᠠᠳ ᠤᠨ ᠤᠷᠠᠯᠢᠭ ᠤᠨ ᠷᠢᠳᠢ ᠰᠢᠳᠢ ᠶᠢ ᠠᠪᠴᠢᠷᠠᠵᠤ ᠥᠭᠴᠦ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠳᠠᠬᠢᠨᠲᠠ ᠳᠦᠭᠦᠷᠭᠡᠪᠡ᠃    
   ᠦᠳᠡ ᠶᠢᠨ ᠡᠮᠦᠨᠡᠬᠢ 11 ᠴᠠᠭ ᠲᠤ᠂ ᠶᠠᠩᠭᠠᠷ ᠤᠨ ᠠᠩᠭᠢ ᠬᠤᠳᠠ ᠶᠢᠨ ᠲᠣᠭᠤᠷᠢᠭ ᠤᠨ ᠬᠤᠶᠢᠲᠤ ᠵᠡᠭᠡᠯᠢ ᠠᠴᠠ ᠳᠠᠷᠠᠭᠠᠯᠠᠨ ᠮᠣᠷᠳᠠᠵᠤ᠂ ᠨᠢᠭᠡ ᠵᠠᠮ ᠳᠠᠭᠤᠤ ᠪᠥᠵᠢᠭᠯᠡᠵᠦ᠂ ᠵᠡᠭᠡᠯᠢ ᠭᠤᠳᠤᠮᠵᠢ ᠶᠢᠨ ᠬᠤᠶᠠᠷ ᠲᠠᠯ᠎ᠠ ᠪᠠᠷ ᠠᠯᠢ ᠡᠷᠲᠡ ᠤᠯᠠᠨ ᠠᠷᠠᠳ ᠲᠦᠮᠡᠨ ᠢ ᠴᠤᠭᠯᠠᠷᠠᠭᠤᠯᠵᠤ᠂ ᠶᠠᠩᠭᠠᠷ ᠤᠨ ᠠᠩᠭᠢ ᠠᠯᠠᠭ᠎ᠠ ᠲᠠᠰᠢᠨ ᠮᠠᠭᠲᠠᠨ ᠰᠠᠶᠢᠰᠢᠶᠠᠵᠤ᠂ ᠤᠯᠠᠨ ᠢᠶᠠᠷ ᠢᠶᠠᠨ ᠪᠠᠶᠠᠷ ᠤᠨ ᠡᠳᠦᠷ ᠤᠨ ᠪᠠᠶᠠᠷ ᠤᠨ ᠠᠭᠤᠷ ᠠᠮᠢᠰᠬᠤᠯ ᠳᠤ ᠰᠣᠭᠲᠣᠭᠤᠷᠠᠪᠠ᠃ ᠦᠳᠡ ᠶᠢᠨ 12 ᠴᠠᠭ ᠲᠤ᠂ ᠶᠠᠩᠭᠠᠷ ᠪᠥᠵᠢᠭ ᠤᠨ ᠡᠩᠨᠡᠭᠡ ᠰᠢᠨ᠎ᠡ ᠲᠣᠭᠤᠷᠢᠭ ᠤᠨ ᠶᠡᠷᠦᠩᠬᠡᠶᠢᠯᠡᠭᠰᠡᠨ ᠵᠠᠮ ᠤᠨ ᠠᠭᠤᠯᠵᠠᠷ ᠲᠤ ᠬᠦᠷᠴᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠵᠦᠸᠧᠽᠢ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠳ᠋ᠠ ᠾᠧ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠣᠣ ᠬᠠᠶ ᠮᠢᠩ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠭᠦᠸᠧ ᠬᠤᠩ ᠭᠤᠸᠠᠩ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠶ ᡁᠢ ᠡᠷᠬᠡ ᠲᠡᠭᠰᠢ ᠨᠠᠮ ᠵᠠᠰᠠᠭ ᠤᠨ ᠤᠳᠤᠷᠢᠳᠤᠯᠭ᠎ᠠ ᠬᠤᠪᠢᠰᠬᠠᠯᠲᠤ ᠲᠣᠷᠭ᠎ᠠ ᠳᠤᠷᠳᠤᠩ ᠢᠶᠠᠷ ᠶᠠᠪᠤᠵᠤ᠂ ᠪᠠᠶᠠᠷ ᠪᠠᠶᠠᠰᠬᠤᠯᠠᠩ ᠲᠠᠢ ᠪᠠᠷ ᠡᠩᠨᠡᠭᠡ ᠳᠤ ᠣᠷᠣᠵᠤ᠂ ᠣᠯᠠᠨ ᠲᠦᠮᠡᠨ ᠲᠠᠢ ᠬᠠᠮᠲᠤ ᠪᠠᠷ ᠶᠠᠩᠭᠠᠷ ᠪᠥᠵᠢᠭᠯᠡᠵᠦ᠂ ᠲᠤᠬᠠᠶ ᠶᠢᠨ ᠲᠠᠯᠠᠪᠠᠶ ᠶᠢᠨ ᠣᠯᠠᠨ ᠲᠦᠮᠡᠨ ᠬᠠᠯᠠᠭᠤᠨ ᠢᠶᠠᠷ ᠬᠠᠷᠢᠯᠴᠠᠨ ᠬᠥᠳᠡᠯᠦᠯᠴᠡᠵᠦ᠂ ᠭᠡᠷᠡᠯ ᠵᠢᠷᠤᠭ ᠲᠠᠲᠠᠭᠤᠯᠵᠤ᠂ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠢ ᠪᠡᠯᠭᠡᠯᠡᠬᠦ ᠠᠵᠢᠯᠯᠠᠭ᠎ᠠ ᠶᠢ ᠳᠠᠬᠢᠨᠲᠠ ᠣᠷᠭᠢᠯ ᠳᠤ ᠬᠦᠷᠭᠡᠪᠡ᠃
   
   ᠠᠭᠤᠳᠠᠮ ᠲᠠᠯᠠᠪᠠᠢ ᠳᠤ ᠬᠠᠷᠠᠩᠭ᠎ᠠ ᠬᠡᠩᠭᠡᠷᠭᠡ ᠬᠦᠩᠭᠢᠨᠡᠵᠦ᠂ ᠥᠩᠭᠡᠲᠦ ᠳᠤᠷᠳᠤᠩ ᠨᠠᠮᠢᠷᠠᠵᠤ᠂ ᠲᠠᠯᠠᠪᠠᠢ ᠮᠠᠰᠢ ᠬᠦᠷ ᠬᠥᠭᠵᠢᠶᠡᠨ ᠲᠠᠢ ᠪᠠᠶᠢᠯ᠎ᠠ᠃ ᠪᠦᠬᠦ ᠰᠢᠶᠠᠨ ᠤ ᠡᠯ᠎ᠡ ᠰᠢᠶᠠᠩ ᠪᠠᠯᠭᠠᠰᠤ᠂ ᠪᠠᠶᠢᠭᠤᠯᠭ᠎ᠠ ᠨᠢᠭᠡᠴᠡ᠂ ᠨᠡᠶᠢᠭᠡᠮ ᠲᠣᠭᠤᠷᠢᠭ ᠪᠣᠯᠤᠨ ᠠᠵᠤ ᠠᠬᠤᠶᠢᠯᠠᠯ ᠤᠨ 18 ᠶᠠᠩᠭᠠᠷ ᠤᠨ ᠠᠩᠭᠢ ᠠᠴᠠ ᠢᠷᠡᠭᠰᠡᠨ 2000 ᠭᠠᠷᠤᠶ ᠲᠣᠭᠯᠠᠯᠲᠠ ᠳᠤ ᠣᠷᠣᠯᠴᠠᠭᠰᠠᠳ ᠪᠠᠶᠠᠷ ᠪᠠᠶᠠᠰᠬᠤᠯᠠᠩᠲᠠᠶ ᠬᠠᠷᠠᠩᠭ᠎ᠠ ᠶᠢᠨ ᠬᠡᠩᠭᠡᠷᠭᠡ ᠶᠢᠨ ᠲᠠᠭᠤᠨ ᠤ ᠳᠠᠭᠠᠤ᠂ ᠣᠨᠴᠠᠯᠢᠭᠲᠤ ᠬᠤᠪᠴᠠᠰᠤ ᠪᠠᠷ ᠢᠶᠠᠨ ᠲᠠᠶᠢᠰᠠᠨ ᠳᠤ ᠭᠠᠷᠴᠤ᠂ ᠣᠷᠭᠢᠯᠤᠮ᠎ᠠ ᠬᠠᠯᠠᠭᠤᠨ ᠰᠡᠳᠬᠢᠯᠭᠡ ᠪᠣᠯᠤᠨ ᠢᠷᠠᠭᠤ ᠰᠠᠶᠢᠬᠠᠨ ᠪᠥᠵᠢᠭ ᠤᠨ ᠳᠦᠷᠢ ᠲᠥᠷᠬᠦ ᠪᠠᠷ ᠳᠠᠷᠠᠭᠠᠯᠠᠨ ᠲᠠᠯᠠᠪᠠᠢ ᠳᠤ ᠭᠠᠷᠴᠤ ᠲᠣᠭᠯᠠᠪᠠ᠃ ᠬᠠᠭᠤᠷᠠᠢ ᠣᠩᠭᠤᠴᠠ᠂ ᠥᠨᠳᠥᠷ ᠬᠥᠯ ᠲᠠᠢ᠂ ᠡᠵᠡᠭᠦᠢ ᠲᠠᠱᠢᠭᠤᠷ᠂ ᠡᠯᠵᠢᠭᠡ ᠤᠨᠤᠨ ᠬᠡᠩᠭᠡᠷᠭᠡᠨ ᠢᠰᠬᠦᠯᠵᠦ᠂ ᠯᠤᠤ ᠪᠦᠵᠢᠭᠯᠡᠵᠦ ᠁ ᠠᠤᠭ᠎ᠠ ᠰᠦᠷᠯᠢᠭ᠃ ᠬᠡᠳᠦ᠋ᠢᠪᠡᠷ ᠠᠭᠤᠷ ᠠᠮᠢᠰᠬᠤᠯ ᠬᠠᠬᠢᠷ ᠬᠦᠢᠲᠡᠨ ᠪᠣᠯᠪᠠᠴᠤ ᠲᠣᠭᠯᠠᠭᠴᠢᠳ ᠤᠨ ᠬᠠᠯᠠᠭᠤᠨ ᠰᠡᠳᠬᠢᠯᠭᠡ ᠶᠢ ᠥᠴᠦᠬᠡᠨ ᠴᠦ ᠨᠥᠯᠥᠭᠡᠯᠡᠭᠰᠡᠨ ᠦᠭᠡᠢ᠂ ᠭᠤᠶᠢᠳᠠ ᠰᠠᠶᠢᠬᠠᠨ ᠲᠣᠭᠯᠠᠯᠲᠠ ᠨᠢ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠣᠯᠵᠤ ᠪᠠᠶᠢᠯ᠎ᠠ᠃
 
   ᠣᠯᠠᠨ ᠲᠦᠮᠡᠨ ᠵᠠᠩ ᠱᠢ ᠬᠤᠤ    ᠵᠢᠯ ᠪᠦᠷᠢ ᠪᠢ ᠶᠠᠩᠭᠠᠷ ᠤᠨ ᠤᠷᠤᠯᠳᠤᠭᠠᠨ ᠦᠵᠡᠬᠦ ᠶᠢ ᠬᠦᠰᠡᠵᠦ ᠪᠠᠶᠢᠨ᠎ᠠ᠂ ᠡᠨᠡ ᠵᠢᠯ ᠤᠨ ᠬᠡᠪᠴᠢᠶ᠎ᠡ ᠨᠢ ᠨᠡᠩ ᠶᠡᠭᠡ ᠂ ᠲᠣᠭᠯᠠᠯᠲᠠ ᠨᠢ ᠨᠡᠩ ᠭᠤᠶᠢᠳᠠ ᠰᠠᠶᠢᠬᠠᠨ ᠪᠠᠶᠢᠵᠤ᠂ ᠦᠨᠡᠬᠡᠷ ᠬᠦᠷ ᠬᠥᠭᠵᠢᠶᠡᠨ ᠲᠠᠢ︕ ᠲᠡᠷᠡ ᠳᠠᠷᠤᠢ ᠴᠠᠭᠠᠨ ᠰᠠᠷ᠎ᠠ ᠶᠢᠨ ᠠᠭᠤᠷ ᠠᠮᠢᠰᠬᠤᠯ ᠢ ᠳᠦᠭᠦᠷᠭᠡᠵᠡᠢ᠃  
   ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠠᠵᠢᠯᠯᠠᠭ᠎ᠠ ᠶᠢᠨ ᠤᠯᠠᠮᠵᠢᠯᠠᠯᠲᠤ ᠲᠥᠷᠥᠯ ᠵᠦᠢᠯ ᠪᠣᠯᠤᠭᠰᠠᠨ ᠤ ᠬᠤᠪᠢ ᠳᠤ᠂ ᠶᠠᠩᠭᠠᠷ ᠤᠨ ᠲᠣᠭᠯᠠᠯᠲᠠ ᠨᠢ ᠤᠤᠯ ᠠᠴᠠ ᠪᠠᠨ ᠥᠷᠭᠡᠨ ᠣᠯᠠᠨ ᠲᠦᠮᠡᠨ ᠤ ᠳᠤᠷ᠎ᠠ ᠪᠠᠬ᠎ᠠ ᠶᠢ ᠲᠠᠲᠠᠭᠰᠠᠨ ᠪᠠᠶᠢᠳᠠᠭ᠃ ᠠᠵᠢᠯᠯᠠᠭ᠎ᠠ ᠨᠢ ᠤᠯᠠᠮᠵᠢᠯᠠᠯᠲᠤ ᠠᠷᠠᠳ ᠤᠨ ᠵᠠᠩ ᠦᠢᠯᠡ ᠶᠢᠨ ᠰᠣᠶᠣᠯ ᠤᠨ ᠷᠢᠳᠢ ᠰᠢᠳᠢ ᠶᠢ ᠢᠯᠡᠷᠡᠭᠦᠯᠦᠭᠰᠡᠨ ᠢᠶᠠᠷ ᠪᠠᠷᠠᠬᠤ ᠦᠭᠡᠢ ᠪᠠᠰᠠ ᠥᠷᠭᠡᠨ ᠤᠯᠠᠨ ᠲᠦᠮᠡᠨ ᠳᠤ ᠪᠠᠶᠠᠷ ᠤᠨ ᠡᠳᠦᠷ ᠤᠨ ᠪᠠᠶᠠᠷ ᠪᠠᠶᠠᠰᠤᠯ ᠪᠠ ᠵᠥᠩᠨᠡᠯ ᠳᠡᠪᠰᠢᠭᠦᠯᠵᠡᠢ᠃ ᠣᠯᠠᠨ ᠢᠶᠠᠷ ᠢᠶᠠᠨ ᠲᠡᠭᠷᠢ ᠬᠠᠷᠠᠩᠭ᠎ᠠ ᠬᠡᠩᠭᠡᠷᠭᠡ ᠶᠢᠨ ᠳᠠᠭᠤᠨ ᠳᠤᠮᠳᠠ᠂ ᠥᠯᠵᠡᠶᠢᠲᠦ ᠡᠳᠦᠷ ᠤᠨ ᠪᠠᠶᠠᠷ ᠢ ᠬᠠᠮᠲᠤ ᠪᠠᠷ ᠥᠩᠭᠡᠷᠡᠭᠦᠯᠦᠶ᠎ᠡ︕    ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠤᠷᠤᠯᠳᠤᠭᠠᠨ ᠳᠤ ᠡᠴᠦᠰ ᠲᠡᠭᠡᠨ ᠨᠢᠭᠡᠳᠦᠭᠡᠷ ᠳᠡᠰ ᠤᠨ ᠱᠠᠩᠨᠠᠯ ᠨᠢᠭᠡᠳᠦᠭᠡᠷ᠂ ᠬᠤᠶᠠᠳᠤᠭᠠᠷ ᠳᠡᠰ ᠤᠨ ᠱᠠᠩᠨᠠᠯ ᠭᠤᠷᠪᠠᠨ ᠨᠡᠷᠡᠰ᠂ ᠭᠤᠷᠪᠠᠳᠤᠭᠠᠷ ᠳᠡᠰ ᠤᠨ ᠱᠠᠩᠨᠠᠯ ᠲᠠᠪᠤᠨ ᠨᠡᠷᠡᠰ ᠪᠠ ᠰᠢᠯᠢᠳᠡᠭ ᠱᠠᠩᠨᠠᠯ ᠶᠢᠰᠦᠨ ᠨᠡᠷᠡᠰ ᠢ ᠰᠢᠯᠭᠠᠷᠠᠭᠤᠯᠪᠠ᠃ ᠰᠢᠶᠠᠨ ᠤ ᠤᠳᠤᠷᠢᠳᠤᠯᠭ᠎ᠠ ᠱᠠᠩᠨᠠᠯ ᠣᠯᠤᠭᠰᠠᠨ ᠤᠷᠤᠯᠳᠤᠭᠠᠨ ᠳᠤ ᠣᠷᠣᠯᠴᠠᠪᠠ᠃                                      ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2