2025 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2025/2/19
 2025 ᠣᠨ ᠤ ᠵᠦᠸᠧᠽᠢ ᠰᠢᠶᠠᠨ ᠤ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ                               - 2025 ᠣᠨ ᠤ 1 ᠰᠠᠷ᠎ᠠ ᠶᠢᠨ 24 ᠤ ᠡᠳᠦᠷ ᠵᠦᠸᠧᠽᠢ ᠰᠢᠶᠠᠨ ᠳᠤ    ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠳᠡᠭᠡᠷ᠎ᠡ    ᠵᠠᠰᠠᠭ ᠤᠨ ᠣᠷᠳᠣᠨ ᠤ ᠣᠷᠣᠯᠠᠭᠴᠢ ᠰᠢᠶᠠᠨ ᠤ ᠳᠠᠷᠤᠭ᠎ᠠ ᠶᠤᠤ ᠬᠠᠶ ᠮᠢᠩ    ᠲᠥᠯᠥᠭᠡᠯᠡᠭᠴᠢᠳ ᠡ᠄    ᠤᠳᠤ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃    ᠨᠢᠭᠡ᠂ 2024 ᠣᠨ ᠤ ᠠᠵᠢᠯ ᠤᠨ ᠡᠷᠭᠢᠴᠡᠭᠦᠯᠦᠯ    2024 ᠤᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ‍ ᠨᠢᠭᠡ ᠵᠢᠯ ᠮᠥᠨ᠂ ᠪᠠᠰᠠ ᠴᠤ ᠭᠠᠷᠮᠠᠭᠠᠢ ᠪᠡᠯᠡ ᠮᠥᠩᠭᠦ ᠡᠷᠡᠮᠡᠬᠡᠶᠢᠯᠡᠨ ᠤᠷᠤᠭᠰᠢᠯᠠᠭᠰᠠᠨ ᠨᠢᠭᠡ ᠵᠢᠯ ᠮᠥᠨ᠃ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠦᠴᠦᠲᠡᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ᠂ ︽ᠬᠤᠶᠠᠷ ᠶᠡᠭᠡ ᠶᠠᠪᠤᠳᠠᠯ︾ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ ᠠᠬᠢᠴᠠ ᠲᠠᠢ ᠪᠣᠯᠪᠠ᠃ ᠪᠦᠬᠦ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 80.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.1% ᠪᠠᠷ ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 14.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 31.8% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 10.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3% ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 3.19 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.4% ᠪᠠᠷ ᠨᠡᠮᠡᠭᠳᠡᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 40601 ᠲᠥᠭᠦᠷᠢᠭ ᠪᠠ 17956 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.1% ᠪᠠ 5.8% ᠪᠠᠷ ᠨᠡᠮᠡᠭᠳᠡᠪᠡ᠃ ᠨᠢᠭᠡ ᠵᠢᠯ ᠤᠨ ᠲᠤᠷᠰᠢ᠂ ᠪᠢᠳᠡ ᠪᠠᠬᠢᠵᠢᠭᠦᠯᠬᠦ᠂ ᠵᠣᠯᠭᠠᠭᠤᠯᠬᠤ ᠶᠢ ᠠᠬᠢᠭᠤᠯᠬᠤ ᠶᠢ ᠠᠳᠬᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠰᠡᠬᠦᠪᠡ᠃ ᠣᠳᠣ ᠦᠶ᠎ᠡ ᠶᠢᠨ ᠬᠥᠳᠡᠭᠡ ᠠᠵᠤ ᠠᠬᠤᠢ ᠪᠦᠬᠦ ᠲᠠᠯ᠎ᠠ ᠪᠠᠷ ᠳᠡᠰ ᠳᠡᠪᠰᠢᠵᠦ᠃ ᠲᠠᠷᠢᠶᠠᠨ ᠭᠠᠵᠠᠷ ᠢ ᠬᠠᠮᠠᠭᠠᠯᠠᠬᠤ ᠪᠠ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ 6000 ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠵᠤ᠂ 4 ᠲᠦᠮᠡᠨ ᠮᠦ ᠲᠠᠷᠢᠮᠠᠯ ᠤᠨ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠶᠢ ᠪᠡᠶᠡᠯᠡᠭᠦᠯᠵᠦ᠂ ᠠᠮᠤ ᠪᠤᠳᠠᠭᠠᠨ ᠤ ᠤᠨᠠᠯᠲᠠ ᠶᠢ 1 ᠳ᠋ᠦᠩᠰᠢᠭᠤᠷ ᠵᠢᠩ ᠠᠴᠠ ᠳᠠᠪᠠᠭᠤᠯᠪᠠ᠃ ᠦᠬᠡᠷ᠂ ᠬᠤᠨᠢ᠂ ᠲᠠᠬᠢᠶ᠎ᠠ ᠲᠡᠵᠢᠭᠡᠨ ᠦᠷᠡᠵᠢᠭᠦᠯᠬᠦ ᠬᠡᠪᠴᠢᠶ᠎ᠡ ᠶᠢ ᠦᠷᠭᠦᠯᠵᠢᠯᠡᠨ ᠪᠤᠵᠠᠭᠠᠶᠢᠷᠠᠭᠤᠯᠵᠤ᠂ ᠵᠦᠸᠧᠽᠢ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠨᠢᠭᠡᠳᠦᠭᠡᠷ ᠬᠤᠭᠤᠴᠠᠭ᠎ᠠ᠂ ᠵᠢᠶᠠᠨ ᠬᠤᠸᠠ ᠵᠠᠭᠤᠨ ᠲᠦᠮᠡᠨ ᠥᠳᠥ ᠲᠠᠬᠢᠶ᠎ᠠ ᠨᠢᠭᠡᠳᠦᠭᠡᠷ ᠬᠤᠭᠤᠴᠠᠭ᠎ᠠ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠢ 11 ᠡᠷᠦᠬᠡ ᠳᠤ ᠬᠦᠷᠪᠡ᠃ ᠤᠲᠤᠮᠠᠯ ᠢᠳᠡᠭᠡᠨ ᠤ ᠠᠵᠤ ᠦᠢᠯᠡᠰ ᠤᠨ ᠬᠦᠷᠢᠶᠡᠯᠡᠩ ᠲᠤᠷᠰᠢᠨ ᠡᠵᠡᠩᠨᠡᠬᠦ ᠶᠢ ᠪᠡᠶᠡᠯᠡᠭᠦᠯᠵᠦ᠂ ᠤᠲᠤᠮᠠᠯ ᠲᠠᠬᠢᠶ᠎ᠠ ᠦᠶ᠋ᠯᠡᠳᠬᠦ ᠤᠷ᠎ᠠ ᠮᠡᠷᠭᠡᠵᠢᠯ ᠢ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠪᠦᠷᠢᠯᠡᠯ ᠤᠨ ᠴᠢᠨᠠᠷᠲᠠᠶ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠠᠮᠵᠢᠯᠲᠠ ᠲᠠᠢ ᠪᠠᠷ ᠮᠡᠳᠡᠭᠦᠯᠪᠡ᠃ ︽ᠰᠢᠨᠵᠢᠯᠡᠬᠦ ᠤᠬᠠᠭᠠᠨ ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠭᠦᠨᠵᠡᠭᠡᠶ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠪᠲᠤᠯᠤᠯᠲᠠ ᠶᠢᠨ ᠲᠥᠷᠥᠯ ᠵᠦᠢᠯ 4 ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ 2᠂ ᠠᠵᠤ ᠠᠬᠤᠶᠢᠯᠠᠯ ᠤᠨ ᠬᠥᠭᠵᠢᠯᠲᠡ ᠶᠢᠨ ᠲᠥᠪ ᠢ 2 ᠶᠢ ᠮᠠᠭᠠᠳᠯᠠᠨ ᠲᠣᠭᠲᠠᠭᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠯᠠ ᠮᠥᠩᠭᠦ ᠶᠢᠨ ᠱᠠᠩᠨᠠᠯ ᠭᠥᠷᠳᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠦᠢᠯᠡᠳᠦᠯ ᠲᠠᠰᠤᠷᠠᠯᠲᠠ ᠥᠬᠡᠶ ᠢᠯᠡᠷᠡᠪᠡ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠪᠡ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠬᠥᠮᠦᠨ ᠳᠤᠮᠳᠠᠴᠢ ᠶᠢᠨ ᠴᠡᠪᠡᠷ ᠣᠷᠣᠯᠭ᠎ᠠ 1.65 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.5% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ ᠲᠡᠷᠢᠭᠦᠨ ᠳᠤ ᠣᠷᠣᠪᠠ᠃ ᠵᠣᠯᠭᠠᠭᠤᠯᠬᠤ ᠪᠡᠯᠡ ᠮᠥᠩᠭᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠪᠡᠯᠡ ᠮᠥᠩᠭᠦ᠂ ᠳᠤᠮᠳᠠᠳᠤ ᠤᠯᠤᠰ ᠤᠨ ᠳᠠᠯᠠᠢ ᠶᠢᠨ ᠲᠣᠰᠣᠨ ᠤ ᠬᠠᠪᠰᠤᠷᠤᠨ ᠲᠡᠳᠬᠦᠬᠦ ᠪᠡᠯᠡ ᠮᠥᠩᠭᠦ 2.33 ᠳ᠋ᠦᠩᠰᠢᠭᠤᠷ ᠲᠥᠭᠦᠷᠢᠭ ᠣᠷᠣᠭᠤᠯᠵᠤ᠂ ᠠᠵᠤ ᠦᠢᠯᠡᠰ ᠤᠨ ᠬᠥᠭᠵᠢᠯᠲᠡ᠂ ᠵᠢᠱᠢᠶ᠎ᠡ ᠦᠵᠡᠭᠦᠯᠬᠦ ᠲᠣᠰᠬᠤᠨ ᠤ ᠪᠦᠲᠦᠭᠡᠨ ᠪᠠᠶᠢᠭᠤᠯᠤᠯᠲᠠ᠂ ᠴᠢᠳᠠᠪᠤᠷᠢᠲᠠᠨ ᠤ ᠪᠣᠯᠪᠠᠰᠤᠷᠠᠯ ᠵᠡᠷᠭᠡ 40 ᠲᠥᠷᠥᠯ ᠵᠦᠢᠯ ᠢ ᠬᠡᠷᠡᠭᠵᠢᠭᠦᠯᠵᠦ᠂ 3.8 ᠲᠦᠮᠡᠨ ᠬᠥᠮᠦᠨ ᠳᠤ ᠠᠰᠢᠭ ᠬᠦᠷᠲᠡᠭᠡᠪᠡ᠃ ᠲᠠᠷᠢᠵᠤ ᠲᠡᠵᠢᠭᠡᠬᠦ ᠶᠢᠨ ᠱᠠᠩᠨᠠᠯ᠂ ᠦᠢᠯᠡᠳᠪᠦᠷᠢᠯᠡᠯ ᠤᠨ ᠱᠠᠩᠨᠠᠯ ᠪᠠ ᠠᠵᠢᠯ ᠣᠯᠭᠤᠯᠲᠠ ᠶᠢᠨ ᠱᠠᠩᠨᠠᠯ ᠨᠥᠬᠦᠪᠦᠷᠢ ᠶᠢᠨ ᠡᠷᠴᠢᠮ ᠢ ᠴᠢᠩᠭᠠᠷᠠᠭᠤᠯᠵᠤ᠂ ᠡᠷᠦᠬᠡ ᠳᠤ ᠬᠦᠷᠦᠭᠰᠡᠨ ᠪᠡᠯᠡ ᠮᠥᠩᠭᠦ ᠶᠢ 2959 ᠲᠦᠮᠡᠨ ᠲᠥᠭᠦᠷᠢᠭ ᠲᠣᠬᠢᠷᠠᠭᠤᠯᠵᠤ᠂ ᠡᠯ᠎ᠡ ᠲᠥᠷᠥᠯ ᠤᠨ ᠨᠥᠬᠦᠪᠦᠷᠢ ᠶᠢ 700 ᠭᠠᠷᠤᠢ ᠲᠦᠮᠡᠨ ᠲᠥᠭᠦᠷᠢᠭ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢ 235 ᠲᠦᠮᠡᠨ ᠲᠥᠭᠦᠷᠢᠭ ᠲᠠᠷᠬᠠᠭᠠᠵᠤ᠂ ᠳᠣᠣᠷ᠎ᠠ ᠣᠷᠣᠯᠭ᠎ᠠ ᠲᠠᠢ ᠣᠯᠠᠨ ᠲᠦᠮᠡᠨ ᠤ ᠬᠥᠮᠥᠨ ᠳᠤᠮᠳᠠᠴᠢ ᠶᠢᠨ ᠣᠷᠣᠯᠭ᠎ᠠ ᠶᠢ 2400 ᠭᠠᠷᠤᠢ ᠲᠥᠭᠦᠷᠢᠭ ᠨᠡᠮᠡᠭᠳᠡᠭᠦᠯᠦᠨ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠣᠷᠣᠯᠭ᠎ᠠ ᠶᠢ ᠨᠡᠮᠡᠭᠳᠡᠭᠦᠯᠬᠦ ᠫᠠᠶᠢᠰᠠ ᠶᠢᠨ ᠳᠠᠶᠢᠯᠠᠯᠳᠤᠭᠠᠨ ᠳᠤ ᠤᠷᠤᠭᠰᠢᠲᠠᠢ ᠢᠯᠠᠯᠲᠠ ᠣᠯᠪᠠ᠃ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠲᠠᠰᠤᠷᠠᠯᠲᠠ ᠦᠭᠡᠢ ᠬᠥᠭᠵᠢᠪᠡ᠃ ᠬᠥᠳᠡᠭᠡ ᠲᠣᠰᠬᠤᠨ ᠤ ᠵᠠᠰᠠᠯᠲᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ︽ᠬᠤᠪᠢ ᠬᠤᠷᠠᠮᠳᠤᠭᠤᠯᠬᠤ ᠳᠦᠷᠢᠮ᠂ ᠨᠠᠷᠢᠨ ᠳᠠᠩᠰᠠ ᠶᠢᠨ ᠳᠦᠷᠢᠮ᠂ ᠲᠣᠭᠠᠴᠢᠯᠠᠬᠤ︾ ᠬᠠᠮᠢᠶᠠᠷᠤᠯᠲᠠ ᠶᠢᠨ ᠳᠦᠷᠢᠮ ᠢ ᠢᠳᠡᠪᠬᠢᠲᠡᠢ ᠳᠡᠯᠭᠡᠷᠡᠭᠦᠯᠵᠦ᠂ ᠲᠣᠰᠬᠤᠨ ᠤ ᠱᠠᠲᠤᠨ ᠤ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠦᠨ᠎ᠡ᠃ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ᠂ ᠶᠢᠰᠦᠨ ᠰᠠᠷ᠎ᠠ ᠶᠢᠨ ᠶᠢᠰᠦᠨ ᠤ ᠪᠠᠶᠠᠷ ︽ᠮᠠᠨ ᠤ ᠪᠠᠶᠠᠷ ᠤᠨ ᠡᠳᠦᠷ︾ ᠵᠡᠷᠭᠡ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠢᠷᠢᠰ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠰᠠᠶᠢᠨ ᠬᠥᠮᠦᠨ ᠢ 16 ᠰᠢᠯᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠢ 1 ᠲᠠᠨᠢᠯᠴᠠᠭᠤᠯᠪᠠ︔ ᠬᠡᠪ ᠵᠠᠩᠰᠢᠯ ᠢ ᠥᠭᠡᠷᠡᠴᠢᠯᠡᠬᠦ ᠶᠢ ᠯᠠᠪᠳᠠᠭᠤᠨ ᠢᠶᠠᠷ ᠠᠬᠢᠭᠤᠯᠵᠤ᠂ ᠰᠢᠶᠠᠩ ᠪᠠᠯᠭᠠᠰᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠡᠶᠢᠲᠡ ᠶᠢᠨ ᠣᠩᠭᠤᠨ ᠤ 6 ᠭᠠᠵᠠᠷ᠂ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠪᠤᠯᠠᠰᠢᠯᠠᠬᠤ ᠴᠡᠭ ᠢ 31 ᠪᠠᠶᠢᠭᠤᠯᠵᠤ᠂ ᠲᠣᠭᠲᠠᠭᠠᠯ ᠠᠴᠠ ᠵᠥᠷᠢᠴᠡᠨ ᠪᠤᠯᠠᠰᠢᠯᠠᠭᠰᠠᠨ ᠭᠠᠵᠠᠷ ᠢ 5521 ᠪᠠᠶᠢᠭᠤᠯᠵᠤ᠂ ᠪᠣᠯᠪᠠᠰᠤᠨ ᠨᠤᠲᠤᠭ ᠤᠨ ᠰᠤᠷᠲᠠᠯ ᠢ ᠤᠯᠠᠮ ᠨᠢᠭᠡ ᠠᠯᠬᠤᠮ ᠪᠠᠬᠢᠵᠢᠭᠦᠯᠪᠡ᠃ ᠴᠢᠳᠠᠪᠤᠷᠢᠲᠠᠨ ᠢ ᠪᠤᠴᠠᠭᠠᠨ ᠠᠪᠴᠢᠷᠠᠬᠤ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠤᠶᠤᠲᠠᠳ᠂ ᠴᠡᠷᠢᠭ ᠠᠴᠠ ᠬᠠᠯᠠᠭᠳᠠᠭᠰᠠᠳ ᠵᠡᠷᠭᠡ ᠶᠢ ᠭᠠᠴᠠᠭᠠᠨ ᠳᠤ 66 ᠬᠥᠮᠦᠨ ᠲᠤᠰᠢᠶᠠᠯ ᠡᠭᠦᠷᠭᠡᠯᠡᠭᠦᠯᠵᠦ᠂ 116 ᠬᠥᠮᠦᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠨ᠂ ᠦᠨᠳᠦᠰᠦᠨ ᠱᠠᠲᠤᠨ ᠤ ᠳᠠᠶᠢᠴᠢᠨ ᠬᠦᠴᠦᠨ ᠤᠯᠠᠮ ᠨᠢᠭᠡ ᠠᠯᠬᠤᠮ ᠴᠢᠩᠭᠠᠷᠠᠪᠠ᠃ᠨᠢᠭᠡ ᠵᠢᠯ ᠤᠨ ᠲᠤᠷᠰᠢ᠂ ᠪᠢᠳᠡ ᠬᠥᠬᠡᠮᠳᠦᠭ ᠠᠭᠤᠯᠠ ᠶᠢ ᠰᠠᠬᠢᠵᠤ᠂ ᠬᠥᠬᠡᠮᠳᠦᠭ ᠤᠰᠤ ᠶᠢ ᠬᠠᠮᠠᠭᠠᠯᠠᠵᠤ᠂ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠲᠠᠬᠢᠨ ᠰᠢᠨ᠎ᠡ ᠳᠡᠭᠲᠡᠷ ᠲᠤ ᠭᠠᠷᠪᠠ᠃ ᠠᠮᠢ ᠠᠬᠤᠢ ᠶᠢᠨ ᠪᠦᠲᠦᠭᠡᠨ ᠪᠠᠢᠭᠤᠯᠤᠯᠲᠠ ᠠᠮᠵᠢᠯᠲᠠ ᠪᠦᠲᠦᠮᠵᠢ ᠣᠯᠪᠠ᠃ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ 9.59 ᠲᠦᠮᠡᠨ ᠮᠥ ᠵᠠᠰᠠᠵᠤ᠂ ᠵᠦᠸᠧᠽᠢ ᠱᠠᠨ ᠪᠠᠯᠭᠠᠰᠤ᠂ ᠱᠢ ᠪᠠᠲᠠᠢ ᠪᠠᠯᠭᠠᠰᠤ ᠨᠢ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠰᠢᠶᠠᠩ ᠪᠠᠯᠭᠠᠰᠤ ᠪᠠᠷ ᠮᠠᠭᠠᠳᠯᠠᠨ ᠲᠣᠭᠲᠠᠭᠠᠪᠠ᠃ ᠨᠠᠭᠤᠷ ᠤᠨ ᠯᠢᠶᠠᠩ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠲᠥᠷᠥᠯ ᠵᠦᠢᠯ ᠢ ᠥᠨᠳᠥᠷ ᠪᠠᠷᠢᠮᠵᠢᠶ᠎ᠠ ᠪᠠᠷ ᠬᠡᠷᠡᠭᠵᠢᠭᠦᠯᠵᠦ᠂ 5.4 ᠲᠦᠮᠡᠨ ᠮᠥ ᠪᠢᠲᠡᠭᠦᠮᠵᠢᠯᠡᠨ ᠬᠠᠮᠠᠭᠠᠯᠠᠬᠤ᠂ 4 ᠲᠦᠮᠡᠨ ᠮᠥ ᠰᠡᠷᠭᠦᠭᠡᠨ ᠵᠠᠰᠠᠬᠤ ᠶᠢ ᠪᠡᠶᠡᠯᠡᠭᠦᠯᠦᠨ᠎ᠡ᠃ ᠤᠢ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠤᠨ ᠬᠠᠮᠢᠶᠠᠷᠤᠯᠲᠠ ᠶᠢ ᠥᠨᠳᠥᠷ ᠪᠦᠲᠦᠮᠵᠢᠲᠡᠢ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠠᠭᠤᠯᠠ ᠤᠰᠤ ᠲᠤᠩᠭᠠᠯᠠᠭ ᠰᠠᠶᠢᠬᠠᠨ ᠣᠷᠴᠢᠨ ᠲᠣᠭᠤᠷᠢᠨ ᠦᠷᠭᠦᠯᠵᠢᠯᠡᠨ ᠪᠠᠬᠢᠵᠢᠪᠡ᠃ ᠪᠣᠬᠢᠷᠳᠠᠯ ᠢ ᠰᠡᠷᠭᠡᠶᠢᠯᠡᠨ ᠵᠠᠰᠠᠬᠤ ᠠᠵᠢᠯ ᠡᠷᠴᠢᠮᠲᠡᠢ ᠶᠠᠪᠤᠭᠳᠠᠵᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ 15 ᠵᠠᠬᠢᠳᠠᠯ ᠰᠤᠷᠪᠤᠯᠵᠢᠯᠠᠯ ᠤᠨ ᠬᠡᠷᠡᠭ ᠢ ᠰᠢᠶ᠋ᠳᠪᠦᠷᠢᠯᠡᠨ ᠳᠠᠭᠤᠰᠬᠠᠵᠤ᠂ 8 ᠵᠢᠭᠤᠯᠴᠢᠯᠠᠯ ᠤᠨ ᠲᠥᠬᠦᠭᠡᠷᠦᠮᠵᠢ ᠶᠢ ᠨᠤᠷᠠᠭᠠᠵᠤ᠂ 22 ᠮᠥ ᠨᠤᠲᠤᠭ ᠪᠡᠯᠴᠢᠭᠡᠷ ᠢ ᠰᠤᠯᠠᠯᠠᠨ ᠪᠤᠴᠠᠭᠠᠪᠠ᠃ ᠣᠶ ᠰᠢᠭᠤᠶ ᠶᠢᠨ ᠳᠠᠷᠤᠭ᠎ᠠ ᠶᠢᠨ ᠲᠦᠷᠢᠮ᠂ ᠭᠤᠤᠯ ᠤᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ 28 ᠪᠣᠬᠢᠷᠲᠤᠯ ᠭᠠᠳᠠᠭᠰᠢᠯᠠᠭᠤᠯᠬᠤ ᠠᠮᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠭᠤᠤᠯ ᠤᠨ ᠵᠠᠮ ᠳᠡᠭᠡᠷᠡᠬᠢ 28 ᠭᠤᠤᠯ ᠤᠨ ᠭᠤᠯᠳᠤᠷᠢᠯ ᠢ ᠵᠠᠰᠠᠬᠤ᠂ ᠲᠠᠪᠤᠨ ᠲᠠᠯ᠎ᠠ ᠶᠢᠨ ᠤᠰᠤᠨ ᠤ ᠬᠥᠷᠥᠰᠥ ᠰᠢᠷᠣᠶ ᠶᠢ ᠬᠠᠮᠠᠭᠠᠯᠠᠵᠤ ᠶᠡᠷᠦᠩᠬᠡᠶᠢᠯᠡᠨ ᠵᠠᠰᠠᠬᠤ᠂ ᠪᠠ ᠢ ᠲᠠᠨ ᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢ ᠵᠠᠭᠠᠭᠯᠠᠨ ᠲᠣᠭᠲᠠᠭᠠᠬᠤ ᠵᠡᠷᠭᠡ ᠠᠵᠢᠯ ᠢ ᠪᠥᠬᠦ ᠲᠠᠯ᠎ᠠ ᠪᠠᠷ ᠪᠡᠶᠡᠯᠡᠭᠦᠯᠵᠦ᠂ ᠶᠡᠭᠡ ᠲᠦᠷᠭᠡᠨ ᠭᠤᠤᠯ ᠤᠨ ᠬᠡᠪᠳᠡᠭᠡ ᠪᠣᠷᠬᠠᠨ ᠤ ᠳᠣᠤᠷ᠎ᠠ᠂ ᠴᠢ ᠰᠢᠶᠠ ᠶᠢᠩ ᠤᠰᠤᠨ ᠰᠢᠨᠵᠢᠯᠡᠭᠡᠨ ᠤ ᠥᠷᠲᠡᠭᠡ ᠵᠡᠷᠭᠡ 2 ᠤᠯᠤᠰ ᠤᠨ ᠡᠵᠡᠮᠳᠡᠯ ᠤᠨ ᠣᠭᠲᠣᠯᠤᠭᠠᠰᠤ ᠶᠢᠨ ᠰᠢᠯᠢᠳᠡᠭ ᠤᠰᠤᠨ ᠴᠣᠭᠴᠠ ᠶᠢ ᠪᠠᠬᠢᠵᠢᠭᠦᠯᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠭᠤᠤᠯ ᠮᠥᠷᠡᠨ ᠤ ᠭᠠᠵᠠᠷ ᠳᠡᠭᠡᠷᠡᠬᠢ ᠤᠰᠤᠨ ᠤ Ⅲ ᠲᠥᠷᠥᠯ ᠤᠨ ᠤᠰᠤᠨ ᠴᠣᠭᠴᠠ ᠶᠢᠨ ᠬᠠᠷᠢᠴᠠᠯ ᠢ 100 % ᠳᠤ ᠬᠦᠷᠭᠡᠪᠡ᠃    ᠨᠢᠭᠡ ᠵᠢᠯ ᠤᠨ ᠲᠤᠷᠰᠢ᠂ ᠪᠢᠳᠡ ᠰᠠᠭᠤᠷᠢ ᠶᠢ ᠪᠠᠲᠤᠳᠬᠠᠵᠤ᠂ ᠶᠠᠰᠤ ᠴᠢᠨᠠᠷ ᠢ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠳᠤ ᠰᠢᠨ᠎ᠡ ᠳᠦᠷᠰᠦ ᠪᠠᠶᠢᠳᠠᠯ ᠢᠯᠡᠷᠡᠪᠡ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠠᠶᠢᠲᠤᠷ ᠰᠤᠷᠤᠯᠴᠠᠨ ᠰᠠᠶᠢᠲᠤᠷ ᠬᠡᠷᠡᠭᠯᠡᠵᠦ᠂ ᠬᠥᠳᠡᠭᠡ ᠲᠣᠰᠬᠤᠨ ᠢ ᠭᠤᠶᠣᠯᠠᠬᠤ ᠵᠢᠱᠢᠶ᠎ᠡ ᠦᠵᠡᠭᠦᠯᠬᠦ ᠲᠣᠰᠬᠤᠨ 4᠂ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ 13835 ᠡᠷᠦᠬᠡ᠂ ᠨᠠᠰᠤᠲᠠᠳ ᠲᠤ ᠳᠣᠭᠢᠷᠠᠬᠤ ᠥᠭᠡᠷᠡᠴᠢᠯᠡᠯᠲᠡ ᠶᠢᠨ 429 ᠡᠷᠦᠬᠡ᠂ ᠬᠥᠳᠡᠭᠡ ᠲᠣᠰᠬᠤᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠥᠭᠡᠷᠡᠴᠢᠯᠡᠯᠲᠡ 2008 ᠡᠷᠦᠬᠡ᠂ ︽ᠭᠤᠷᠪᠠ ᠶᠢ ᠵᠠᠰᠠᠵᠤ ᠭᠤᠷᠪᠠ ᠶᠢ ᠥᠭᠡᠷᠡᠴᠢᠯᠡᠬᠦ︾ ᠵᠣᠯ ᠵᠢᠷᠭᠠᠯ ᠤᠨ ᠬᠦᠷᠢᠶᠡᠯᠡᠩ 7 ᠪᠠᠶᠢᠭᠤᠯᠵᠤ᠂ ᠲᠣᠰᠬᠤᠨ ᠤ ᠳᠦᠷᠰᠦ ᠪᠠᠶᠢᠳᠠᠯ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠶᠢ ᠴᠢᠩᠭ᠎ᠠ ᠠᠳᠬᠤᠨ ᠪᠣᠳᠠᠲᠠᠢ ᠠᠳᠬᠤᠵᠤ᠂ 55 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠠᠶᠢᠵᠢᠷᠠᠭᠤᠯᠵᠤ᠂ ᠪᠤᠯᠠᠬᠤ ᠮᠠᠶ᠋ᠢᠭ ᠤᠨ ᠨᠢᠭᠡ ᠴᠣᠭᠴᠠᠵᠢᠭᠤᠯᠤᠭᠰᠠᠨ ᠪᠣᠬᠢᠷ ᠤᠰᠤ ᠶᠢ ᠰᠢᠢᠳᠪᠦᠷᠢᠯᠡᠬᠦ ᠲᠥᠬᠦᠭᠡᠷᠦᠮᠵᠢ ᠶᠢ 151 ᠡᠷᠦᠬᠡ ᠤᠭᠰᠠᠷᠠᠵᠤ᠂ ᠬᠥᠳᠡᠭᠡ ᠲᠣᠰᠬᠤᠨ ᠤ 318 ᠵᠣᠷᠯᠣᠩ᠂ 438 ᠤᠰᠤᠨ ᠵᠣᠷᠯᠣᠩ᠂ 171 ᠬᠠᠭᠤᠷᠠᠶ ᠵᠣᠷᠯᠣᠩ ᠢ ᠥᠭᠡᠷᠡᠴᠢᠯᠡᠨ ᠪᠠᠶᠢᠭᠤᠯᠵᠤ᠂ 116 ᠮᠢᠩᠭᠠᠨ ᠮᠧᠳ᠋ᠷ ᠡᠪᠳᠡᠷᠬᠡᠶ ᠬᠡᠷᠡᠮ ᠢ ᠡᠮᠬᠢᠯᠡᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠪᠠ᠃ ᠬᠤᠲᠠ ᠪᠠᠯᠭᠠᠰᠤᠨ ᠤ ᠴᠢᠨᠠᠷ ᠴᠢᠨᠰᠠᠭ᠎ᠠ ᠢᠯᠡᠳᠲᠡ ᠳᠡᠭᠡᠭᠰᠢᠯᠡᠪᠡ᠃ ᠵᠦᠸᠧᠽᠢ ᠱᠠᠨ ᠪᠠᠯᠭᠠᠰᠤᠨ ᠤ ᠰᠢᠨ᠎ᠡ ᠲᠣᠭᠤᠷᠢᠭ ᠤᠨ ᠪᠣᠷᠣᠭᠠᠨ ᠤ ᠤᠰᠤᠨ ᠤ ᠬᠤᠭᠤᠯᠠᠢ ᠲᠣᠣᠷ᠂ ᠬᠤᠳᠠ ᠶᠢᠨ ᠶᠠᠪᠤᠳᠠᠯ ᠤᠨ ᠢᠯᠴᠢ ᠬᠠᠩᠭᠠᠬᠤ ᠤᠰᠤ ᠬᠠᠩᠭᠠᠬᠤ ᠬᠤᠭᠤᠯᠠᠢ ᠲᠣᠣᠷ ᠵᠢᠴᠢ ᠢᠵᠢ ᠪᠦᠷᠢᠳᠦᠭᠦᠯᠬᠦ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ᠂ ᠵᠢᠵᠢᠭ ᠵᠡᠭᠡᠯᠢ ᠵᠢᠵᠢᠭ ᠭᠤᠳᠤᠮᠵᠢ ᠶᠢ ᠬᠠᠲᠠᠭᠤᠷᠠᠭᠤᠯᠬᠤ ᠵᠡᠷᠭᠡ ᠲᠦᠷᠦᠯ ᠵᠦᠢᠯ ᠢ ᠬᠡᠷᠡᠭᠵᠢᠭᠦᠯᠵᠦ᠂ ᠬᠤᠳᠠ ᠪᠠᠯᠭᠠᠰᠤᠨ ᠤ ᠰᠠᠭᠤᠷᠢ ᠲᠥᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ 120 ᠢᠵᠢ ᠥᠭᠡᠷᠡᠴᠢᠯᠡᠵᠦ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ ᠶᠢᠨ ᠲᠣᠤᠷ ᠢ 13.2 ᠺᠢᠯᠣᠮᠧᠳ᠋ᠷ ᠳᠡᠪᠢᠰᠴᠦ᠂ ᠬᠤᠲᠠ ᠶᠢᠨ ᠲᠣᠭᠤᠷᠢᠭ ᠤᠨ 500 ᠭᠠᠷᠤᠶ ᠡᠷᠦᠬᠡ ᠰᠠᠭᠤᠭᠠᠯᠢ ᠠᠷᠠᠳ ᠲᠤ ᠪᠠᠶᠢᠭᠠᠯᠢ ᠶᠢᠨ ᠰᠢᠲᠠᠮᠠᠬᠠᠶ ᠬᠡᠢ ᠬᠡᠷᠡᠭᠯᠡᠵᠡᠶ᠃ ᠣᠶᠤᠨᠴᠢ ᠪᠠᠷ ᠢᠯᠴᠢ ᠬᠠᠩᠭᠠᠬᠤ᠂ ᠬᠤᠭᠤᠯᠠᠶ ᠲᠣᠤᠷ ᠢ ᠥᠭᠡᠷᠡᠴᠢᠯᠡᠬᠦ᠂ ᠢᠯᠴᠢ ᠶᠢᠨ ᠢᠷᠡᠯᠲᠡ ᠶᠢ ᠳᠡᠭᠡᠭᠰᠢᠯᠡᠭᠦᠯᠬᠦ ᠵᠡᠷᠭᠡ 11 ︽ᠳᠤᠯᠠᠭᠠᠴᠠᠭᠤᠯᠬᠤ ᠢᠨᠵᠧᠨᠧᠷᠢᠩ︾ ᠤᠨ ᠵᠦᠢᠯᠡᠰ ᠢ ᠬᠤᠭᠤᠴᠠᠭ᠎ᠠ ᠶᠣᠰᠣᠭᠠᠷ ᠳᠠᠭᠤᠰᠬᠠᠵᠤ᠂ ᠣᠯᠠᠨ ᠲᠦᠮᠡᠨ ᠤ ᠠᠮᠢᠳᠤᠷᠠᠯ ᠢ ᠨᠠᠩ ᠳᠤᠯᠠᠭᠠᠴᠠᠭᠤᠯᠬᠤ ᠪᠤᠯᠭᠠᠪᠠ᠃ ᠨᠢᠭᠡ ᠵᠢᠯ ᠤᠨ ᠲᠤᠷᠰᠢ᠂ ᠪᠢᠳᠡ ᠠᠷᠠᠳ ᠤᠨ ᠠᠮᠢᠳᠤᠷᠠᠯ ᠢ ᠪᠠᠲᠤᠯᠠᠵᠤ᠂ ᠬᠥᠭᠵᠢᠯᠲᠡ ᠶᠢ ᠠᠬᠢᠭᠤᠯᠵᠤ᠂ ᠨᠡᠶᠢᠭᠡᠮ ᠤᠨ ᠦᠢᠯᠡᠰ ᠰᠢᠨ᠎ᠡ ᠳᠡᠭᠡᠭᠰᠢᠯᠡᠯᠲᠡ ᠲᠠᠢ ᠪᠣᠯᠪᠠ᠃ ᠠᠷᠠᠳ ᠤᠨ ᠠᠮᠢᠳᠤᠷᠠᠯ ᠤᠨ ᠪᠠᠲᠤᠯᠠᠭ᠎ᠠ ᠯᠠᠪᠳᠠᠭᠤᠨ ᠪᠠᠲᠤ ᠲᠠᠢ᠃ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠳᠡᠭᠡᠳᠦ ᠬᠡᠮᠵᠢᠶ᠎ᠡ ᠪᠠᠷ ᠠᠩᠬᠠᠷᠴᠤ᠂ 9 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠡᠶᠡᠯᠡᠭᠦᠯᠪᠡ᠃ ᠠᠵᠢᠯ ᠣᠯᠭᠤᠬᠤ ᠲᠥᠷᠥ ᠶᠢᠨ ᠪᠣᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠤᠲᠠ ᠪᠠᠯᠭᠠᠰᠤᠨ ᠳᠤ 298 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠠᠵᠢᠯ ᠣᠯᠬᠤ ᠳᠤ ᠬᠦᠴᠢᠷᠲᠡᠢ ᠬᠥᠮᠥᠰ᠂ ᠠᠵᠢᠯ ᠠᠯᠳᠠᠭᠰᠠᠳ ᠲᠤ ᠳᠠᠬᠢᠨ ᠠᠵᠢᠯ ᠣᠯᠭᠤᠭᠰᠠᠨ ᠨᠢ 586 ᠬᠥᠮᠥᠨ ᠪᠠᠶᠢᠵᠤ᠂ ᠠᠵᠢᠯ ᠣᠯᠬᠤ ᠬᠠᠷᠠᠯᠲᠠ ᠨᠢ ᠵᠢᠱᠢᠭᠰᠡᠨ ᠠᠴᠠ ᠳᠠᠪᠠᠵᠠᠢ᠃ ᠨᠡᠶᠢᠭᠡᠮ ᠤᠨ ᠠᠪᠤᠷᠠᠨ ᠲᠤᠰᠠᠯᠠᠬᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠵᠡᠷᠭᠡ ᠡᠯ᠎ᠡ ᠲᠥᠷᠥᠯ ᠤᠨ ᠠᠪᠤᠷᠠᠨ ᠲᠤᠰᠠᠯᠠᠬᠤ ᠪᠠᠯᠠ ᠮᠥᠩᠭᠦ ᠶᠢ 1.84 ᠳ᠋ᠦᠩᠰᠢᠭᠤᠷ ᠲᠥᠭᠦᠷᠢᠭ ᠲᠠᠷᠬᠠᠭᠠᠪᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠶᠡᠬᠡᠪᠡᠷ ᠬᠥᠭᠵᠢᠭᠦᠯᠵᠦ᠂ ᠬᠠᠭᠤᠴᠢᠨ ᠢᠳᠡᠭᠡᠨ ᠤᠮᠳᠠᠭᠠᠨ᠂ ᠠᠮᠢᠳᠤᠷᠠᠯ ᠤᠨ ᠬᠠᠷᠠᠭᠠᠯᠵᠠᠯ᠂ ᠡᠷᠡᠭᠦᠯᠵᠢᠯ ᠤᠨ ᠰᠤᠪᠢᠯᠠᠯᠲᠠ᠂ ᠣᠶᠤᠨ ᠰᠠᠨᠠᠭᠠᠨ ᠤ ᠲᠠᠶᠢᠳᠬᠤᠷᠠᠭᠤᠯᠤᠯ ᠵᠡᠷᠭᠡ ᠶᠡᠷᠦᠩᠬᠡᠶᠢᠯᠡᠭᠰᠡᠨ ᠴᠢᠨᠠᠷᠲᠠᠶ᠂ ᠲᠤᠰᠬᠠᠶᠢᠵᠢᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠢᠳᠡᠪᠬᠢᠲᠡᠶ ᠪᠠᠷ ᠠᠬᠢᠭᠤᠯᠵᠤ᠂ ᠣᠯᠠᠨ ᠡᠰᠢᠵᠢᠭᠰᠡᠨ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠤᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ ᠰᠤᠷᠭᠠᠨ ᠬᠥᠮᠦᠵᠢᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠥᠪᠡᠷ ᠤᠨ ᠥᠷᠲᠡᠭ ᠤᠨ ᠳᠡᠭᠡᠭᠰᠢᠯᠡᠯᠲᠡ ᠶᠢᠨ ᠨᠣᠷᠮ᠎ᠠ ᠶᠢ 6.5 ᠵᠠᠭᠤᠨ ᠤ ᠴᠡᠭ ᠳᠡᠭᠡᠭᠰᠢᠯᠡᠭᠦᠯᠵᠦ᠂ ᠳᠤᠮᠳᠠᠳᠤ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ 500 ᠬᠤᠪᠢ ᠠᠴᠠ ᠳᠡᠭᠡᠭᠰᠢᠬᠢ ᠰᠣᠷᠣᠭᠴᠢ ᠶᠢᠨ ᠬᠠᠷᠢᠴᠠᠯ ᠢ ᠳᠠᠬᠢᠨ ᠰᠢᠨ᠎ᠡ ᠲᠡᠮᠳᠡᠭᠯᠡᠯ ᠢ ᠡᠭᠦᠳᠴᠦ᠂ ︽ᠭᠤᠷᠪᠠᠨ ᠵᠢᠯ ᠳᠤ ᠦᠷ᠎ᠡ ᠪᠦᠲᠦᠮᠵᠢ ᠤᠯᠬᠤ︾ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠪᠡ᠃ ᠡᠷᠡᠭᠦᠯ ᠮᠡᠨᠳᠦ ᠶᠢᠨ ᠭᠠᠷᠮᠠᠭᠠᠶ ᠬᠢᠷᠢ ᠬᠡᠮ ᠢ ᠪᠥᠬᠦ ᠲᠠᠯ᠎ᠠ ᠪᠠᠷ ᠠᠬᠢᠭᠤᠯᠵᠤ᠂ ᠰᠢᠶᠠᠨ ᠤ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠠᠰᠠᠷ ᠢ ᠡᠬᠢᠯᠡᠨ ᠠᠵᠢᠯᠯᠠᠭᠤᠯᠵᠤ᠂ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠣᠨᠴᠠᠯᠢᠭᠲᠤ ᠰᠠᠯᠠᠭ᠎ᠠ ᠲᠠᠰᠤᠭ ᠢ ᠥᠭᠡᠷᠡᠴᠢᠯᠡᠨ ᠰᠠᠶᠢᠵᠢᠷᠠᠭᠤᠯᠬᠤ ᠶᠢ ᠪᠡᠶᠡᠯᠡᠭᠦᠯᠵᠦ᠂ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠪᠡᠶᠡᠯᠡᠭᠦᠯᠵᠦ᠂ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠡᠮᠴᠢᠯᠡᠭᠡᠨ ᠤ ︽ᠨᠢᠭᠡ ᠥᠷᠲᠡᠭᠡᠨ ᠤ ᠮᠠᠶ᠋ᠢᠭ︾ ᠤᠨ ᠳ᠋ᠦᠩᠨᠡᠨ ᠪᠣᠳᠣᠯᠲᠠ ᠶᠢ ᠪᠡᠶᠡᠯᠡᠭᠦᠯᠪᠡ᠃ ᠰᠣᠶᠣᠯ ᠤᠨ ᠦᠢᠯᠡᠴᠢᠯᠡᠭᠡ ᠨᠠᠩ ᠪᠠᠶᠠᠯᠢᠭ ᠪᠣᠯᠵᠤ᠂ ᠣᠨᠣᠯ ᠤᠨ ᠵᠣᠬᠢᠶᠠᠯ ︽ᠣᠷᠳᠣ ᠴᠠᠭᠠᠨ ᠬᠡᠷᠡᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠲᠤ ᠦᠵᠡᠭᠦᠯᠬᠦ ᠦᠢᠯᠡᠳᠦᠯ︾ ᠤᠨ ᠲᠤᠬᠠᠶ ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠣᠷᠳᠣ ᠴᠠᠭᠠᠨ ᠬᠡᠷᠡᠮ ᠤᠨ ᠶᠠᠷᠢᠶᠠᠨ ᠤ ᠲᠠᠪᠴᠠᠩ ᠤᠨ ᠵᠣᠬᠢᠶᠠᠯ ᠡᠯᠰᠡᠬᠦ ᠰᠢᠯᠢᠳᠡᠭ ᠱᠠᠩᠨᠠᠯ ᠢ ᠭᠥᠷᠳᠡᠵᠦ᠂ ᠮᠦᠽᠧᠶ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠵᠡᠷᠭᠡ ︽ᠲᠠᠪᠤᠨ ᠣᠷᠳᠣᠨ ᠢ ᠨᠢᠭᠡᠳᠬᠡᠭᠰᠡᠨ︾ ᠠᠷᠠᠳ ᠲᠤ ᠠᠰᠢᠭ ᠬᠦᠷᠲᠡᠭᠡᠬᠦ ᠲᠥᠷᠥᠯ ᠵᠦᠢᠯ ᠢ ᠪᠠᠶᠢᠭᠤᠯᠤᠨ ᠨᠡᠭᠡᠭᠡᠯᠲᠡ ᠬᠢᠵᠦ᠂ ᠤᠯᠠᠭᠠᠨᠮᠥ᠋ᠴᠢᠷ ᠤᠨ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 100 ᠭᠠᠷᠤᠶ ᠲᠠᠯᠠᠪᠤᠷ ᠤᠳᠠᠭ᠎ᠠ ᠬᠢᠵᠦ᠂ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠨᠠᠩ ᠪᠠᠶᠠᠯᠢᠭᠵᠢᠭᠤᠯᠪᠠ᠃ ᠦᠨᠳᠦᠰᠦᠲᠡᠨ ᠤ ᠪᠦᠯᠬᠦᠮᠳᠡᠯ ᠯᠠᠪᠳᠠᠭᠤᠨ ᠢᠶᠠᠷ ᠠᠬᠢᠪᠠ᠃ ᠡᠭᠦᠳᠦᠨ ᠪᠠᠶᠢᠭᠤᠯᠬᠤ ᠪᠠᠷ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠢ ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠠᠮᠲᠤ 1᠂ ᠵᠢᠱᠢᠶ᠎ᠡ ᠦᠵᠡᠭᠦᠯᠬᠦ ᠨᠢᠭᠡᠴᠡ 2᠂ ᠵᠢᠱᠢᠶᠡᠴᠢ ᠬᠤᠪᠢ ᠬᠥᠮᠦᠨ 1 ᠬᠥᠮᠦᠨ ᠢ ᠡᠭᠦᠳᠦᠨ ᠪᠠᠶᠢᠭᠤᠯᠪᠠ︔ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠵᠡᠷᠭᠡ ᠠᠵᠢᠯᠯᠠᠭ᠎ᠠ ᠶᠢ ᠥᠷᠨᠢᠭᠦᠯᠵᠦ᠂ ᠦᠵᠡᠭᠳᠡᠯᠲᠦ ᠳᠠᠭᠤᠤ ᠪᠥᠵᠢᠭ ︽ᠳᠤᠮᠳᠠᠳᠤ ᠶᠢᠨ ᠦᠨᠳᠦᠰᠦᠲᠡᠨ ᠨᠢᠭᠡ ᠭᠡᠷ ᠪᠦᠯᠢ ᠮᠡᠳᠦ︾ ᠵᠡᠷᠭᠡ ᠤᠳᠬ᠎ᠠ ᠤᠷᠠᠯᠢᠭ ᠤᠨ ᠪᠦᠲᠦᠭᠡᠯ ᠢ ᠵᠠᠯᠭᠠᠭ᠎ᠠ ᠪᠠᠷ ᠨᠡᠶᠢᠲᠡᠯᠡᠪᠡ᠃ ︽ᠭᠤᠷᠪᠠᠨ ᠵᠦᠢᠯ ᠤᠨ ᠲᠥᠯᠥᠪᠯᠡᠭᠡ︾ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠵᠦᠸᠧᠽᠢ ᠱᠠᠨ ᠪᠠᠯᠭᠠᠰᠤᠨ ᠤ ᠳ᠋ᠦᠩ ᠵᠢᠶᠧ ᠨᠡᠶᠢᠭᠡᠮ ᠲᠣᠭᠤᠷᠢᠭ ᠤᠨ ᠬᠢᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠰᠢᠭᠢᠳᠬᠡᠬᠦ ᠮᠠᠶ᠋ᠢᠭ ᠤᠨ ᠬᠥᠭᠵᠢᠯᠲᠡ ᠶᠢᠨ ᠲᠥᠯᠥᠪᠯᠡᠭᠡ ᠶᠢᠨ ᠲᠤᠷᠰᠢᠯᠲᠠ ᠶᠢᠨ ᠴᠡᠭ ᠢ ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ ︽ᠵᠢᠷᠭᠤᠭᠠᠨ ᠦᠭᠡ ᠶᠢᠨ ᠪᠣᠳᠠᠲᠤ ᠬᠡᠷᠡᠭ ᠪᠠ ᠶᠣᠰᠣ ᠵᠦᠢ︾᠂ ︽ᠳᠤᠯᠤᠭ᠎ᠠ ᠶᠢ ᠵᠢᠱᠢᠶᠡᠴᠢ ᠪᠣᠯᠭᠠᠬᠤ︾ ᠵᠡᠷᠭᠡ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠨᠡᠩ ᠭᠦᠨ ᠬᠠᠳᠠᠩᠰᠢᠭᠤᠯᠤᠨ᠎ᠠ᠃    ᠨᠢᠭᠡ ᠵᠢᠯ ᠤᠨ ᠲᠤᠷᠰᠢ᠂ ᠪᠢᠳᠡ ᠠᠶᠤᠯ ᠲᠦᠭᠰᠢᠭᠦᠷᠢ ᠶᠢ ᠰᠡᠷᠭᠡᠶᠢᠯᠡᠨ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠪᠠᠶᠢᠭᠤᠯᠤᠯᠲᠠ ᠰᠢᠨ᠎ᠡ ᠵᠢᠳᠬᠦᠯ ᠴᠢᠷᠮᠠᠶᠢᠯᠭ᠎ᠠ ᠭᠠᠷᠭᠠᠪᠠ᠃ ᠲᠣᠰ ᠪᠡᠶ᠎ᠡ ᠶᠢᠨ ᠪᠠᠶᠢᠭᠤᠯᠤᠯᠲᠠ ᠦᠷᠭᠦᠯᠵᠢᠯᠡᠨ ᠴᠢᠩᠭᠠᠷᠠᠪᠠ᠃ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠷᠢᠨ ᠬᠢᠨᠠᠮᠠᠭᠠᠢ ᠭᠦᠢᠴᠡᠳᠬᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠯ ᠵᠥᠪᠯᠡᠯᠭᠡ 63 ᠬᠤᠪᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ 44 ᠬᠤᠪᠢ ᠭᠦᠢᠴᠡᠳᠬᠡᠪᠡ᠃ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠯᠠᠪᠳᠠᠭᠤᠨ ᠪᠦᠲᠦᠮᠵᠢᠲᠡᠢ ᠬᠢᠪᠡ᠃ ᠠᠶᠤᠯ ᠲᠦᠭᠰᠢᠭᠦᠷᠢ ᠶᠢ ᠰᠡᠷᠭᠡᠶᠢᠯᠡᠬᠦ ᠪᠠ ᠬᠥᠭᠵᠢᠯᠲᠡ ᠶᠢ ᠠᠬᠢᠭᠤᠯᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ 1.28 ᠳ᠋ᠦᠩᠰᠢᠭᠤᠷ ᠲᠥᠭᠦᠷᠢᠭ ᠠᠷᠢᠯᠭᠠᠪᠠ᠃ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ 2300 ᠭᠠᠷᠤᠢ ᠠᠰᠠᠭᠤᠳᠠᠯ ᠤᠨ ᠭᠡᠮ ᠰᠣᠭᠤᠭ ᠢ ᠪᠠᠶᠢᠩᠭᠤᠵᠢᠭᠤᠯᠤᠨ ᠪᠠᠶᠢᠴᠠᠭᠠᠵᠤ ᠴᠡᠭᠴᠡᠯᠡᠨ ᠵᠠᠰᠠᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠬᠠᠤᠯᠢ ᠪᠠᠷ ᠵᠠᠰᠠᠬᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠲᠣᠭᠲᠠᠭᠠᠯ ᠶᠣᠰᠣᠭᠠᠷ ᠭᠤᠮᠣᠳᠠᠯ ᠱᠠᠭᠠᠷᠳᠠᠯᠭ᠎ᠠ ᠪᠠ ᠠᠰᠠᠭᠤᠳᠠᠯ ᠢ ᠨᠢ ᠲᠤᠰᠬᠠᠨ᠎ᠠ︔ ᠤᠳᠤᠷᠢᠳᠬᠤ ᠺᠠᠳ᠋ᠷᠴᠤᠳ ᠤᠨ ᠲᠣᠭᠲᠠᠮᠠᠯ ᠬᠤᠭᠤᠴᠠᠭ᠎ᠠ ᠲᠠᠢ ᠪᠠᠷ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠴᠤ ᠳᠣᠷᠣᠭᠰᠢ ᠪᠠᠭᠤᠵᠤ ᠰᠤᠷᠪᠤᠯᠵᠢᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠴᠠᠭ ᠲᠤᠬᠠᠶ ᠳᠤᠨᠢ ᠬᠦᠯᠢᠶᠡᠨ ᠠᠪᠬᠤ ᠨᠣᠷᠮ᠎ᠠ᠂ ᠬᠤᠭᠤᠴᠠᠭ᠎ᠠ ᠶᠣᠰᠣᠭᠠᠷ ᠬᠠᠷᠢᠭᠤᠯᠲᠠ ᠥᠭᠬᠦ ᠨᠣᠷᠮ᠎ᠠ 100% ᠳᠤ ᠬᠦᠷᠦᠭᠦᠯᠦᠨ᠎ᠡ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠪᠠ᠃ ᠡᠵᠡᠩᠨᠡᠯᠲᠡ ᠶᠢᠨ ᠭᠤᠤᠯ ᠴᠣᠭᠴᠠ ᠶᠢᠨ ᠢᠲᠡᠭᠡᠮᠵᠢ ᠶᠢ 85 ᠡᠷᠦᠬᠡ ᠰᠡᠷᠭᠦᠭᠡᠵᠦ᠂ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠨᠡᠶᠢᠲᠡᠯᠢᠭ ᠠᠵᠤ ᠠᠬᠤᠶᠢᠯᠠᠯ ᠢ 2 ᠡᠷᠦᠬᠡ ᠮᠠᠭᠠᠳᠯᠠᠨ ᠲᠣᠭᠲᠠᠭᠠᠵᠤ᠂ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠪᠣᠯᠭᠠᠨ ᠭᠦᠶ᠋ᠴᠡᠳᠬᠡᠬᠦ︾ ᠵᠦᠢᠯᠡᠰ ᠢ 3172 ᠬᠤᠪᠢ ᠭᠦᠢᠴᠡᠳᠬᠡᠪᠡ᠃ ︽ᠤᠷᠢᠳᠠᠪᠠᠷ ᠠᠰᠠᠭᠤᠬᠤ ᠬᠠᠷᠢᠭᠤᠴᠠᠯᠭ᠎ᠠ ᠶᠢᠨ ᠲᠦᠷᠢᠮ᠂ ᠦᠶ᠋ᠯᠡᠴᠢᠯᠡᠭᠡᠨ ᠤ ᠠᠮᠠᠯᠠᠯᠲᠠ ᠶᠢᠨ ᠲᠦᠷᠢᠮ︾ ᠵᠡᠷᠭᠡ 4 ᠵᠦᠶ᠋ᠯ ᠤᠨ ᠲᠦᠷᠢᠮ ᠢ ᠴᠢᠩᠭ᠎ᠠ ᠬᠡᠷᠡᠭᠵᠢᠭᠦᠯᠵᠦ᠂ ︽ᠢᠲᠡᠭᠡᠮᠵᠢ ᠶᠢᠨ ᠳᠤᠲᠠᠭᠤ ᠶᠢ ᠭᠥᠯᠢᠶᠡᠨ ᠠᠪᠴᠤ ᠰᠢᠶ᠋ᠳᠪᠦᠷᠢᠯᠡᠬᠦ᠂ ᠬᠠᠪᠰᠤᠷᠤᠨ ᠭᠦᠶ᠋ᠴᠡᠳᠬᠡᠵᠦ ᠣᠷᠣᠯᠠᠨ ᠭᠦᠶ᠋ᠴᠡᠳᠬᠡᠬᠦ᠂ ᠢᠯᠡ ᠲᠣᠳᠣ ᠦᠶ᠋ᠯᠡᠴᠢᠯᠡᠬᠦ︾ ᠵᠠᠭᠪᠤᠷ ᠢ ᠢᠳᠡᠪᠬᠢᠲᠡᠶ ᠬᠡᠷᠡᠭᠵᠢᠭᠦᠯᠵᠦ᠂ 108 ᠵᠦᠶ᠋ᠯᠡᠰ ᠢ ᠭᠥᠯᠢᠶᠡᠨ ᠠᠪᠴᠤ ᠰᠢᠶ᠋ᠳᠪᠦᠷᠢᠯᠡᠬᠦ ᠵᠦᠶ᠋ᠯᠡᠰ ᠤᠨ ᠨᠠᠷᠢᠨ ᠬᠠᠭᠤᠳᠠᠰᠤ ᠶᠢ ᠨᠠᠶᠢᠳᠠᠪᠤᠷᠢᠵᠢᠭᠤᠯᠵᠤ᠂ 138 ᠵᠦᠶ᠋ᠯ ᠠᠮᠠᠯᠠᠯᠲᠠ ᠶᠢ ᠮᠡᠳᠡᠭᠳᠡᠵᠦ᠂ 26 ᠤᠳᠠᠭ᠎ᠠ ᠦᠶ᠋ᠯᠡᠴᠢᠯᠡᠵᠦ᠂ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠴᠢᠳᠠᠮᠵᠢ ᠦᠷᠭᠦᠯᠵᠢᠯᠡᠨ ᠳᠡᠭᠡᠭᠰᠢᠯᠡᠪᠡ᠃    ᠡᠭᠦᠨ ᠠᠴᠠ ᠭᠠᠳᠠᠨ᠎ᠠ᠂ ᠴᠡᠷᠢᠭ ᠠᠴᠠ ᠬᠠᠯᠠᠭᠳᠠᠭᠰᠠᠳ᠂ ᠬᠤᠶᠠᠷ ᠢ ᠬᠦᠷᠢᠶᠡᠯᠡᠵᠦ ᠠᠰᠠᠷᠠᠨ ᠬᠠᠷᠠᠭᠠᠯᠵᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ᠂ ᠠᠮᠤ ᠪᠤᠳᠠᠭ᠎ᠠ ᠬᠠᠩᠭᠠᠨ ᠪᠣᠷᠣᠯᠠᠭᠤᠯᠬᠤ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠠᠭ ᠠᠭᠤᠷ᠂ ᠬᠢᠨᠠᠨ ᠪᠤᠳᠤᠬᠤ ᠲᠤᠭ᠎ᠠ ᠪᠦᠷᠢᠳᠬᠡᠯ᠂ ᠲᠠᠩᠰᠠ ᠡᠪᠬᠡᠮᠡᠯ ᠤᠨ ᠭᠠᠵᠠᠷ ᠣᠷᠣᠨ ᠤ ᠣᠶᠢᠯᠠᠯᠭ᠎ᠠ᠂ ᠡᠮᠡᠭᠲᠡᠶᠢᠴᠦᠳ ᠬᠡᠦᠬᠡᠳ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠡᠯ᠎ᠡ ᠵᠦᠢᠯ ᠤᠨ ᠠᠵᠢᠯ ᠳᠤ ᠴᠥᠮ ᠰᠢᠨ᠎ᠡ ᠦᠷ᠎ᠡ ᠪᠦᠲᠦᠮᠵᠢ ᠣᠯᠵᠤ᠂ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃    ᠲᠥᠯᠥᠭᠡᠯᠡᠭᠴᠢᠳ ᠡ︕ ᠨᠢᠭᠡ ᠵᠢᠯ ᠤᠨ ᠰᠠᠯᠬᠢ ᠪᠣᠷᠣᠭᠠᠨ ᠳᠤ ᠰᠢᠨᠠᠯᠵᠤ᠂ ᠨᠢᠭᠡ ᠵᠢᠯ ᠤᠨ ᠬᠠᠪᠤᠷ ᠨᠠᠮᠤᠷ ᠬᠤᠷᠢᠶᠠᠨ᠎ᠠ᠃ ᠥᠩᠭᠡᠷᠡᠭᠰᠡᠨ ᠨᠢᠭᠡ ᠵᠢᠯ ᠳᠤ᠂ ᠮᠠᠨ ᠤ ᠣᠯᠤᠭᠰᠠᠨ ᠠᠮᠵᠢᠯᠲᠠ ᠪᠦᠲᠦᠮᠵᠢ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠬᠠᠨᠳᠤᠯᠭ᠎ᠠ ᠠᠴᠠ ᠰᠠᠯᠵᠤ ᠴᠢᠳᠠᠬᠤ ᠦᠭᠡᠢ᠂ ᠰᠡᠳᠬᠢᠯ ᠨᠢᠭᠡᠳᠦᠨ ᠰᠦᠭ ᠰᠦᠨᠡᠰᠦ ᠪᠠᠨ ᠱᠤᠭᠤᠬᠤ ᠨᠢ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠰᠢᠢᠳᠪᠦᠷᠢᠲᠦ ᠪᠤᠳᠤᠯᠭ᠎ᠠ ᠠᠴᠠ ᠰᠠᠯᠵᠤ ᠴᠢᠳᠠᠬᠤ ᠦᠭᠡᠢ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠪᠦᠲᠦᠮᠵᠢᠲᠡᠢ ᠬᠢᠨᠠᠯᠲᠠ᠂ ᠬᠦᠴᠦᠲᠡᠢ ᠳᠡᠮᠵᠢᠯᠭᠡ ᠠᠴᠠ ᠰᠠᠯᠵᠤ ᠴᠢᠳᠠᠬᠤ ᠦᠭᠡᠢ᠂ ᠪᠡᠭᠡᠵᠢᠩ ᠤᠨ ᠴᠤᠤᠶᠠᠩ ᠲᠣᠭᠤᠷᠢᠭ᠂ ᠳᠤᠮᠳᠠᠳᠤ ᠤᠯᠤᠰ ᠤᠨ ᠲᠠᠯᠠᠢ ᠶᠢᠨ ᠲᠤᠰᠤᠨ ᠤ ᠭᠦᠨ ᠵᠤᠵᠠᠭᠠᠨ ᠬᠠᠶᠢᠷ᠎ᠠ ᠰᠡᠳᠬᠢᠯᠭᠡ᠂ ᠦᠨᠡᠨ ᠬᠦ ᠬᠠᠪᠰᠤᠷᠴᠤ ᠪᠣᠳᠠᠲᠠᠢ ᠲᠡᠳᠬᠦᠬᠦ ᠠᠴᠠ ᠰᠠᠯᠵᠤ ᠴᠢᠳᠠᠬᠤ ᠦᠭᠡᠢ᠂ ᠨᠡᠩ ᠴᠤ ᠵᠦᠸᠧᠽᠢ ᠬᠥᠮᠦᠨ ᠨᠢᠭᠡᠪᠦᠷᠢ ᠶᠢᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠷᠡᠯᠬᠡᠭᠯᠡᠨ ᠲᠡᠮᠡᠴᠡᠵᠦ ᠤᠷᠤᠭᠰᠢᠯᠠᠨ ᠲᠠᠪᠰᠢᠬᠤ ᠠᠴᠠ ᠰᠠᠯᠵᠤ ᠴᠢᠳᠠᠬᠤ ᠦᠭᠡᠢ ᠶᠤᠮ᠃    ᠠᠳᠡ᠂ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ ᠨᠥᠬᠦᠳ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠷᠠᠳ ᠤᠨ ᠪᠦᠯᠬᠦᠮ᠂ ᠰᠢᠶᠠᠨ ᠳᠤ ᠰᠠᠭᠤᠭ᠎ᠠ ᠴᠡᠷᠢᠭ ᠠᠩᠭᠢ᠂ ᠪᠦᠬᠦ ᠰᠢᠶᠠᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠵᠢᠴᠢ ᠭᠠᠷᠮᠠᠭᠠᠶ ᠬᠥᠭᠵᠢᠯᠲᠡ ᠶᠢᠨ ᠡᠯ᠎ᠡ ᠡᠲᠡᠭᠡᠳ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ ᠬᠤᠶᠠᠷ᠂ 2025 ᠣᠨ ᠤ ᠠᠵᠢᠯ ᠤᠨ ᠲᠣᠬᠢᠷᠠᠭᠤᠯᠤᠯᠲᠠ    2025 ᠤᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠵᠢᠯ ᠮᠥᠨ᠂ ᠪᠠᠰᠠ ᠴᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠡᠴᠦᠰ ᠤᠨ ᠵᠢᠯ ᠮᠥᠨ᠂ ᠨᠡᠩ ᠴᠤ ᠲᠣᠰ ᠬᠤᠭᠤᠴᠠᠭᠠᠨ ᠤ ᠵᠠᠰᠠᠭ ᠤᠨ ᠣᠷᠳᠣᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠣᠭᠤᠮᠲᠠ ᠰᠢᠪᠲᠤᠯᠬᠤ ᠵᠢᠯ ᠮᠥᠨ᠃ ᠰᠢᠶᠠᠨ ᠤ ᠨᠠᠮ ᠤᠨ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠨᠢᠭᠡ ᠭᠤᠤᠯ ᠱᠤᠭᠤᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠢ ᠨᠡᠭᠡᠭᠡᠵᠦ ᠳᠤᠮᠳᠠ ᠤᠷᠤᠰᠬᠠᠯ ᠳᠤ ᠣᠷᠣᠬᠤ︾ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ︽ᠵᠢᠷᠭᠤᠭᠠᠨ ᠢᠨᠵᠧᠨᠧᠷᠢᠩ︾ ᠢ ᠰᠠᠶᠢᠲᠤᠷ ᠬᠡᠷᠡᠭᠵᠢᠭᠦᠯᠵᠦ᠂ ︽ᠵᠢᠷᠭᠤᠭᠠᠨ ᠢᠨᠵᠧᠨᠧᠷᠢᠩ︾ ᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰ ᠠᠮᠵᠢᠯᠲᠠ ᠲᠠᠢ ᠲᠡᠭᠦᠰᠬᠦ ᠶᠢ ᠦᠨᠡᠨ ᠬᠦ ᠪᠠᠲᠤᠯᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠨ᠎ᠡ᠃    ᠪᠦᠬᠦ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6% ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10% ᠠᠴᠠ ᠳᠡᠭᠡᠭᠰᠢ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 10% ᠠᠴᠠ ᠳᠡᠭᠡᠭᠰᠢ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 5% ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 5% ᠪᠠᠷ ᠨᠡᠮᠡᠭᠳᠡᠭᠦᠯᠵᠦ᠂ ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠠᠵᠤ ᠠᠬᠤᠶ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠪᠣᠯᠭᠠᠵᠤ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠳᠡᠭᠡᠳᠦ ᠱᠠᠲᠤᠨ ᠠᠴᠠ ᠪᠠᠭᠤᠯᠭᠠᠭᠰᠠᠨ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢᠨ ᠡᠭᠦᠷᠭᠡ ᠶᠢ ᠪᠡᠶᠡᠯᠡᠭᠦᠯᠦᠨ᠎ᠡ᠃    ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ᠂ ᠭᠤᠤᠯᠳᠠᠯᠭ᠎ᠠ ᠶᠢ ᠲᠣᠪᠤᠶᠢᠯᠭᠠᠬᠤ ᠵᠠᠷᠴᠢᠮ ᠤᠨ ᠶᠣᠰᠣᠭᠠᠷ᠂ ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ ᠳᠣᠤᠷᠠᠬᠢ ᠵᠢᠷᠭᠤᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠶ᠄    ︵ᠨᠢᠭᠡ︶ ᠪᠦᠬᠦ ᠬᠦᠴᠦᠨ ᠢᠶᠠᠷ ᠢᠶᠠᠨ ᠠᠵᠤ ᠦᠢᠯᠡᠰ ᠢ ᠠᠳᠬᠤᠵᠤ᠂ ᠲᠤᠯᠭᠠᠭᠤᠷᠢᠯᠠᠯ ᠢ ᠴᠣᠭᠴᠠᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠳᠠᠪᠠᠭᠤᠯᠢᠭ ᠢ ᠵᠤᠵᠠᠭᠠᠳᠬᠠᠨ᠎ᠠ    ᠬᠦᠴᠦ ᠪᠠᠨ ᠲᠥᠪᠯᠡᠷᠡᠭᠦᠯᠦᠨ ᠣᠳᠣ ᠦᠶ᠎ᠡ ᠶᠢᠨ ᠠᠵᠤ ᠦᠢᠯᠡᠳᠪᠦᠷᠢ ᠶᠢᠨ ᠬᠡᠯᠬᠢᠶᠡᠵᠢᠯ ᠤᠨ ᠮᠠᠶ᠋ᠢᠭ ᠤᠨ ᠬᠥᠭᠵᠢᠯᠲᠡ ᠶᠢ ᠠᠬᠢᠭᠤᠯᠤᠨ᠎ᠠ᠃ ᠠᠵᠤ ᠦᠢᠯᠡᠳᠪᠦᠷᠢ ᠶᠢ ᠲᠡᠷᠢᠭᠦᠨ ᠳᠤ ᠲᠠᠯᠪᠢᠬᠤ᠂ ᠦᠢᠯᠡᠳᠬᠦ ᠪᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠥᠩᠭᠡᠲᠦ ᠲᠡᠮᠦᠷᠯᠢᠭ᠂ ᠾᠯᠣᠷᠲᠤ ᠬᠤᠵᠢᠷ ᠤᠨ ᠬᠢᠮᠢ ᠶᠢᠨ ᠠᠵᠤ ᠦᠢᠯᠡᠳᠪᠦᠷᠢ᠂ ᠲᠡᠮᠦᠷ ᠤᠨ ᠬᠠᠶᠢᠯᠤᠰᠢ ᠵᠡᠷᠭᠡ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠢ ᠴᠢᠩᠭ᠎ᠠ ᠠᠩᠬᠠᠷᠴᠤ᠂ ᠢ ᠳ᠋ᠦᠩ ᠳ᠋ᠦᠩ ᠰᠢᠩ ᠬᠢᠮᠢ ᠶᠢᠨ ᠠᠵᠤ ᠦᠢᠯᠡᠳᠪᠦᠷᠢ ᠶᠢᠨ ᠬᠠᠳᠠᠭᠠᠬᠤ ᠵᠤᠤᠬ᠎ᠠ ᠶᠢᠨ ᠮᠡᠷᠭᠡᠵᠢᠯ ᠤᠨ ᠥᠭᠡᠷᠡᠴᠢᠯᠡᠯᠲᠡ᠂ ᠭᠦᠸᠧ ᠴᠧᠩ ᠠᠵᠤ ᠦᠢᠯᠡᠰ ᠤᠨ ᠵᠢᠯ ᠳᠤ 800 ᠲᠦᠮᠡᠨ ᠲᠣᠨ ᠴᠢᠳᠠᠪᠬᠢ ᠪᠠᠨ ᠥᠷᠭᠡᠳᠬᠡᠨ ᠶᠠᠰᠤ ᠴᠢᠨᠠᠷ ᠢᠶᠠᠨ ᠳᠡᠭᠡᠭᠰᠢᠯᠡᠭᠦᠯᠬᠦ᠂ ᠢ ᠰᠢᠩ ᠱᠧᠩ ᠤᠨ 60 ᠲᠦᠮᠡᠨ ᠲᠣᠨ ᠯᠠᠨ ᠨᠡᠭᠦᠷᠡᠰᠦ ᠪᠣᠯᠤᠨ 30 ᠰᠠᠶ᠎ᠠ ᠸᠠᠲ ᠤᠨ ᠬᠡᠢ ᠪᠠᠷ ᠴᠠᠬᠢᠯᠭᠠᠨ ᠭᠠᠷᠭᠠᠬᠤ ᠵᠡᠷᠭᠡ ᠲᠦᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠲᠢᠶᠠᠨ ᠪᠦᠦ᠂ ᠵᠢᠦᠢ ᠬᠤᠩ᠂ ᠴᠠᠩ ᠯᠦᠩ ᠤᠨ 110 ᠲᠦᠮᠡᠨ ᠲᠣᠨ ᠥᠨᠳᠥᠷ ᠨᠡᠭᠦᠷᠡᠰᠦᠲᠥ᠋ᠷᠥᠭᠴᠢᠲᠦ ᠾᠷᠣᠮ ᠲᠡᠮᠦᠷ ᠤᠨ ᠲᠦᠷᠦᠯ ᠵᠦᠢᠯ ᠢ ᠠᠵᠢᠯ ᠡᠬᠢᠯᠡᠭᠦᠯᠦᠨ ᠪᠦᠳᠦᠭᠡᠨ ᠪᠠᠶᠢᠭᠤᠯᠬᠤ ᠶᠢ ᠪᠠᠲᠤᠯᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠢ 120 ᠳ᠋ᠦᠩᠰᠢᠭᠤᠷ ᠲᠥᠭᠦᠷᠢᠭ ᠳᠠᠪᠠᠭᠤᠯᠬᠤ ᠪᠠᠷ ᠴᠢᠷᠮᠠᠶᠢᠨ᠎ᠠ᠃ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠯᠠᠪᠳᠠᠭᠤᠨ ᠪᠠᠲᠤᠲᠠᠢ ᠠᠬᠢᠭᠤᠯᠵᠤ᠂ ᠴᠠᠬᠢᠯᠭᠠᠨ ᠲᠣᠣᠷ ᠤᠨ ᠲᠠᠯ᠎ᠠ ᠶᠢᠨ ᠲᠤᠰᠠᠭᠠᠷ ᠡᠨᠧᠷᠭᠢ ᠬᠠᠳᠠᠭᠠᠯᠠᠬᠤ ᠲᠦᠷᠦᠯ ᠵᠦᠢᠯ ᠢ ᠡᠬᠢᠯᠡᠭᠦᠯᠦᠨ ᠬᠡᠷᠡᠭᠵᠢᠭᠦᠯᠵᠦ ᠂ ᠰᠢᠩ ᠮᠧᠩ ᠡᠨᠧᠷᠭᠢ ᠶᠢᠨ ᠡᠳᠦᠷ ᠲᠤ 180 ᠲᠦᠮᠡᠨ ᠪᠣᠰᠤᠭ᠎ᠠ ᠳᠥᠷᠪᠡᠯᠵᠢᠨ ᠮᠧᠳ᠋ᠷ ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠢ ᠬᠡᠢ ᠶᠢᠨ ᠲᠦᠷᠦᠯ ᠵᠦᠢᠯ ᠢ ᠣᠷᠣᠭᠤᠯᠤᠨ ᠠᠪᠴᠢᠷᠠᠵᠤ ᠬᠡᠷᠡᠭᠵᠢᠭᠦᠯᠦᠨ᠂ ᠵᠦᠩ ᠨᠧᠩ ᠪᠠᠶᠢᠭᠠᠯᠢ ᠶᠢᠨ ᠰᠢᠲᠠᠮᠠᠬᠠᠢ ᠬᠡᠢ᠂ ᠬᠤᠰᠢᠭᠤ ᠰᠢᠶᠠᠨ ᠠᠯᠤᠰᠯᠠᠭᠰᠠᠨ 47 ᠲᠦᠮᠡᠨ ᠺᠢᠯᠣᠸᠠᠲ ᠤᠨ ᠪᠣᠬᠢᠷᠲᠤᠯ ᠦᠭᠡᠢ ᠴᠠᠬᠢᠯᠭᠠᠨ ᠬᠠᠩᠭᠠᠬᠤ ᠵᠡᠷᠭᠡ 4 ᠰᠢᠨ᠎ᠡ ᠡᠨᠧᠷᠭᠢ ᠶᠢᠨ ᠲᠦᠷᠦᠯ ᠵᠦᠢᠯ ᠢ ᠲᠦᠷᠭᠡᠳᠬᠡᠨ ᠪᠠᠶᠢᠭᠤᠯᠵᠤ᠂ ︽ᠮᠢᠩᠭᠠᠨ ᠰᠢᠶᠠᠩ ᠲᠦᠮᠡᠨ ᠲᠣᠰᠬᠤᠨ ᠤ ᠰᠢᠭᠤᠷᠬᠠᠢ ᠠᠵᠢᠯᠯᠠᠭ᠎ᠠ︾ ᠶᠢᠨ ᠲᠦᠷᠦᠯ ᠵᠦᠢᠯ ᠤᠨ ᠲᠤᠷᠰᠢᠯᠲᠠ ᠶᠢᠨ ᠴᠡᠭ ᠢ ᠢᠳᠡᠪᠬᠢᠲᠡᠢ ᠥᠷᠨᠢᠭᠦᠯᠦᠨ᠂ ᠲᠣᠰᠬᠤᠨ ᠤ ᠱᠠᠲᠤᠨ ᠤ 17.6 ᠰᠠᠶ᠎ᠠ ᠸᠠᠲ ᠭᠡᠷᠡᠯ ᠴᠡᠨᠡᠭ ᠤᠨ ᠴᠠᠬᠢᠯᠭᠠᠨ ᠥᠷᠲᠡᠭᠡ ᠶᠢ ᠠᠵᠢᠯ ᠡᠬᠢᠯᠡᠭᠦᠯᠦᠨ ᠪᠠᠶᠢᠭᠤᠯᠵᠤ᠂ ᠴᠠᠬᠢᠯᠭᠠᠨ ᠤ ᠲᠣᠣᠷ ᠤᠨ ᠤᠷᠭᠢᠯ ᠢ ᠲᠣᠬᠢᠷᠠᠭᠤᠯᠬᠤ᠂ ᠪᠣᠬᠢᠷᠳᠤᠯ ᠦᠭᠡᠢ ᠴᠠᠬᠢᠯᠭᠠᠨ ᠤ ᠪᠠᠭᠲᠠᠭᠠᠨ ᠰᠢᠩᠭᠡᠭᠡᠬᠦ ᠳᠤ ᠪᠠᠲᠤ ᠰᠠᠭᠤᠷᠢ ᠲᠠᠯᠪᠢᠨ᠎ᠠ᠃    ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠲᠥᠷᠥᠯ ᠵᠦᠢᠯ ᠢᠶᠠᠷ ᠴᠡᠴᠡᠷᠯᠢᠭ ᠪᠠᠶᠢᠭᠤᠯᠬᠤ᠂ ᠬᠦᠷᠢᠶᠡᠯᠡᠩ ᠲᠣᠭᠤᠷᠢᠭ ᠲᠤ ᠠᠵᠢᠯ ᠬᠥᠭᠵᠢᠭᠦᠯᠬᠦ ᠶᠢ ᠪᠠᠷᠢᠮᠲᠠᠯᠠᠵᠤ᠂ 2 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ ᠵᠠᠮ᠂ ᠴᠠᠬᠢᠯᠭᠠᠨ ᠬᠠᠩᠭᠠᠬᠤ᠂ ᠤᠰᠤ ᠬᠠᠩᠭᠠᠬᠤ᠂ ᠬᠡᠶ ᠬᠠᠩᠭᠠᠬᠤ ᠵᠡᠷᠭᠡ ᠢᠵᠢ ᠪᠥᠷᠢᠳᠦᠭᠦᠯᠬᠦ ᠪᠡᠯᠡᠳᠬᠡᠮᠵᠢ ᠶᠢ ᠲᠡᠭᠦᠯᠳᠡᠷᠵᠢᠭᠦᠯᠦᠨ᠂ ᠭᠤᠤ ᠱᠦᠨ ᠬᠦᠷᠢᠶᠡᠯᠡᠩ ᠲᠣᠭᠤᠷᠢᠭ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠳᠠᠭᠠᠭᠠᠴᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠵᠥᠪᠰᠢᠶᠡᠷᠡᠨ ᠣᠷᠣᠭᠤᠯᠵᠤ ᠭᠠᠷᠭᠠᠬᠤ ᠲᠣᠭᠲᠠᠴᠠ ᠶᠢ ᠬᠡᠷᠡᠭᠵᠢᠭᠦᠯᠵᠦ᠂ 4 ᠬᠠᠭᠤᠴᠢᠨ ᠠᠵᠤ ᠠᠬᠤᠶᠢᠯᠠᠯ ᠢ ᠠᠮᠢᠯᠠᠭᠤᠯᠵᠤ᠂ ︽ᠦᠬᠦᠰᠢᠷᠡᠮᠡᠯ ᠠᠵᠤ ᠠᠬᠤᠶᠢᠯᠠᠯ︾ ᠢ 2 ᠴᠡᠪᠡᠷᠯᠡᠨ ᠪᠤᠴᠠᠭᠠᠵᠤ᠂ ᠬᠦᠴᠦᠨ ᠵᠦᠢᠯ ᠢ ᠬᠦᠷᠢᠶᠡᠯᠡᠩ ᠲᠣᠭᠤᠷᠢᠭ ᠲᠤ ᠲᠥᠪᠯᠡᠷᠡᠭᠦᠯᠬᠦ᠂ ᠠᠵᠤ ᠠᠬᠤᠶᠢᠯᠠᠯ ᠢ ᠬᠦᠷᠢᠶᠡᠯᠡᠩ ᠲᠣᠭᠤᠷᠢᠭ ᠲᠤ ᠲᠥᠪᠯᠡᠷᠡᠭᠦᠯᠬᠦ᠂ ᠠᠵᠤ ᠦᠢᠯᠡᠰ ᠢ ᠬᠦᠷᠢᠶᠡᠯᠡᠩ ᠲᠣᠭᠤᠷᠢᠭ ᠲᠤ ᠲᠥᠪᠯᠡᠷᠡᠭᠦᠯᠬᠦ ᠶᠢ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠤᠢ ᠪᠣᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠶ ᠴᠠᠬᠢᠯᠭᠠᠨ ᠢᠶᠠᠷ ᠲᠣᠬᠢᠷᠠᠭᠤᠯᠬᠤ ᠲᠥᠷᠥ ᠶᠢᠨ ᠪᠣᠳᠣᠯᠭ᠎ᠠ ᠶᠢ ᠢᠳᠡᠪᠬᠢᠲᠡᠶ ᠳᠠᠭᠠᠵᠤ᠂ ᠦᠯᠡᠳᠡᠭᠡᠯ ᠠᠵᠤ ᠠᠬᠤᠶᠢᠯᠠᠯ ᠤᠨ ᠪᠣᠬᠢᠷᠲᠤᠯ ᠦᠭᠡᠶ ᠴᠠᠬᠢᠯᠭᠠᠨ ᠤ ᠬᠡᠷᠡᠭᠯᠡᠬᠦ ᠨᠣᠷᠮ᠎ᠠ ᠶᠢ 30% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃    ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠯᠲᠠᠨ ᠦᠰᠦᠭ ᠢ ᠲᠠᠰᠤᠷᠠᠯᠲᠠ ᠦᠭᠡᠢ ᠠᠷᠴᠢᠵᠤ ᠪᠠᠢᠨ᠎ᠠ᠃ ᠰᠣᠶᠣᠯ ᠢᠶᠠᠷ ᠵᠤᠭᠠᠴᠠᠯ ᠢ ᠱᠤᠭᠤᠬᠤ᠂ ᠵᠤᠭᠠᠴᠠᠯ ᠢᠶᠠᠷ ᠰᠣᠶᠣᠯ ᠢ ᠢᠯᠡᠷᠡᠭᠦᠯᠬᠦ ᠶᠢ ᠪᠠᠷᠢᠮᠲᠠᠯᠠᠵᠤ᠂ ᠯᠢᠨ ᠬᠤᠤ ᠡᠷᠲᠡᠨ ᠤ ᠰᠠᠢ ᠲᠣᠭᠯᠠᠯᠲᠠ ᠶᠢᠨ ᠠᠭᠤᠳᠠᠮ ᠲᠠᠯᠠᠪᠠᠢ᠂ ᠮᠢᠩ ᠰᠢᠩ ᠭᠸᠤ ᠺᠠᠩ ᠶᠠᠩ ᠵᠢᠯᠠᠭ᠎ᠠ᠂ ᠵᠢᠢ ᠴᠢᠩ ᠶᠢᠩ ᠮᠢᠨ ᠬᠤᠤ ᠲᠣᠰᠬᠤᠨ ᠵᠡᠷᠭᠡ ᠲᠦᠷᠦᠯ ᠵᠦᠢᠯ ᠢ ᠪᠦᠳᠦᠭᠡᠨ ᠪᠠᠶᠢᠭᠤᠯᠵᠤ᠂ ᠣᠳᠣᠨ ᠲᠡᠰ ᠤᠨ ᠦᠵᠡᠮᠵᠢ ᠶᠢᠨ ᠣᠷᠣᠨ ᠤ ᠲᠡᠰ ᠳᠡᠪᠰᠢᠬᠦ ᠶᠢ ᠠᠬᠢᠭᠤᠯᠪᠠ᠃ ᠾᠧ ᠯᠦᠩ ᠤᠨ ᠵᠢᠯᠣᠭᠤᠳᠬᠤ ᠭᠠᠵᠠᠷ ᠤᠨ ᠬᠠᠭᠤᠴᠢᠨ ᠪᠠᠭᠤᠷᠢ ᠶᠢ ᠳᠡᠭᠡᠭᠰᠢᠯᠡᠭᠦᠯᠦᠨ ᠥᠭᠡᠷᠡᠴᠢᠯᠡᠬᠦ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠨ ᠵᠠᠯᠭᠠᠮᠵᠢᠯᠠᠬᠤ ᠦᠢᠯᠡᠴᠢᠯᠡᠭᠡᠨ ᠤ ᠲᠥᠪ᠂ ᠮᠣᠩᠭᠤᠯ ᠣᠷᠣᠨ ᠤ ᠬᠡᠭᠡᠷ᠎ᠡ ᠶᠢᠨ ᠯᠠᠩ ᠭᠦ᠋᠂ ᠡᠯ ᠯᠦᠩ ᠱᠠᠨ ᠤ ᠲᠠᠷᠢᠶᠠᠯᠠᠬᠤ ᠰᠣᠶᠣᠯ ᠺᠢᠨᠣ᠋ ᠲᠧᠯᠸᠢᠰ ᠤᠨ ᠰᠠᠭᠤᠷᠢᠨ ᠭᠠᠵᠠᠷ ᠵᠡᠷᠭᠡ ᠲᠥᠷᠥᠯ ᠵᠦᠢᠯ ᠢ ᠲᠥᠯᠥᠪᠵᠢᠭᠦᠯᠦᠨ ᠪᠠᠶᠢᠭᠤᠯᠵᠤ᠂ ᠭᠡᠷ ᠲᠡᠷᠭᠡ ᠬᠡᠭᠡᠷ᠎ᠡ ᠪᠠᠭᠤᠳᠠᠯᠯᠠᠬᠤ ᠭᠠᠵᠠᠷ᠂ ᠴᠢᠨᠳᠠᠷ ᠢ ᠰᠢᠯᠭᠠᠨ ᠪᠠᠶᠢᠴᠠᠭᠠᠬᠤ ᠣᠷᠣᠨ ᠢ ᠪᠣᠶ ᠪᠣᠯᠭᠠᠵᠤ᠂ ᠹᠦ᠋ ᠳ᠋ᠤᠤ ᠰᠢᠶᠠᠩ ᠤᠨ ᠣᠷᠣᠨ ᠰᠠᠭᠤᠴᠠ᠂ ᠬᠤᠲᠠ ᠶᠢᠨ ᠵᠡᠭᠦᠨ ᠠᠷᠪᠠᠨ ᠭᠠᠵᠠᠷ ᠵᠡᠷᠭᠡ ᠤᠯᠠᠭᠠᠨ ᠲᠠᠰ ᠤᠨ 3 ᠠᠷᠠᠳ ᠤᠨ ᠣᠷᠣᠨ ᠰᠠᠭᠤᠴᠠ ᠶᠢ ᠭᠤᠶᠤᠴᠢᠯᠠᠨ ᠮᠡᠳᠡᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠠᠰᠤᠷᠠᠯᠲᠠ ᠥᠬᠡᠶ ᠪᠤᠵᠠᠭᠠᠶᠢᠷᠠᠬᠤ ᠶᠢ ᠠᠬᠢᠭᠤᠯᠤᠨ᠂ ᠬᠡᠷᠡᠭᠯᠡᠭᠡᠨ ᠤ ᠡᠵᠡᠩᠨᠡᠯᠲᠡ ᠶᠢᠨ ᠪᠠᠶᠢᠳᠠᠯ ᠢ ᠦᠷᠭᠦᠯᠵᠢᠯᠡᠨ ᠪᠠᠶᠠᠯᠢᠭᠵᠢᠭᠤᠯᠤᠨ᠎ᠠ᠃ ︽ᠦᠯᠵᠡᠶᠢᠲᠦ ᠶᠢᠰᠦᠨ ᠮᠤᠷᠤᠶ · ᠦᠵᠡᠰᠬᠦᠯᠡᠩᠲᠦ ᠵᠦᠸᠧᠽᠢ︾ ᠶᠢᠨ ᠰᠣᠶᠣᠯ ᠤᠨ ᠨᠠᠶᠢᠷ᠂ ᠤᠲᠤᠮᠠᠯ ᠳᠠᠬᠢᠶ᠎ᠠ ᠶᠢᠨ ᠰᠣᠶᠣᠯ ᠵᠢᠭᠤᠯᠴᠢᠯᠠᠯ ᠤᠨ ᠪᠠᠶᠠᠷ ᠵᠡᠷᠭᠡ ᠪᠠᠶᠠᠷ ᠳᠤᠷᠠᠰᠬᠠᠯ ᠤᠨ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠡᠷᠭᠢᠯᠡᠵᠦ᠂ 4 ᠰᠣᠳᠣᠨ ᠵᠢᠭᠤᠯᠴᠢᠯᠠᠯ ᠤᠨ ᠵᠠᠮ ᠱᠤᠭᠤᠮ ᠢ ᠦᠷᠭᠦᠯᠵᠢᠯᠡᠨ ᠰᠢᠯᠢᠳᠡᠭᠵᠢᠭᠦᠯᠵᠦ᠂ ᠵᠣᠴᠢᠳ ᠤᠨ ᠢᠷᠡᠯᠲᠡ ᠶᠢ ᠤᠬᠠᠭᠤᠯᠤᠨ ᠲᠠᠨᠢᠯᠴᠠᠭᠤᠯᠬᠤ ᠶᠢ ᠴᠢᠩᠭᠠᠳᠬᠠᠨ᠂ ᠵᠢᠯ ᠤᠨ ᠳᠣᠲᠣᠷ᠎ᠠ 400 ᠲᠦᠮᠡᠨ ᠬᠥᠮᠦᠨ ᠤᠳᠠᠭ᠎ᠠ ᠵᠤᠭᠠᠴᠠᠭᠰᠠᠳ ᠢ ᠭᠥᠯᠢᠶᠡᠨ ᠠᠪᠬᠤ ᠪᠠᠷ ᠴᠢᠷᠮᠠᠶᠢᠵᠤ᠂ ᠡᠯ᠎ᠡ ᠠᠵᠢᠯ ᠲᠥᠷᠥᠯ ᠤᠨ ᠣᠷᠣᠯᠭ᠎ᠠ ᠶᠢ 25 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠬᠦ ᠶᠢ ᠳᠠᠶᠢᠴᠢᠯᠠᠨ᠎ᠠ᠃    ︵ᠬᠤᠶᠠᠷ︶ ᠲᠦᠷᠦᠯ ᠵᠦᠢᠯ ᠢ ᠲᠦᠷᠭᠡᠨ ᠪᠥᠭᠡᠳ ᠯᠠᠪᠳᠠᠭᠤᠨ ᠢᠶᠠᠷ ᠠᠳᠬᠤᠵᠤ᠂ ᠦᠢᠯᠡᠴᠢᠯᠡᠭᠡ ᠶᠢ ᠰᠢᠯᠢᠳᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ    ᠲᠥᠷᠥᠯ ᠵᠦᠢᠯ ᠢ ᠪᠦᠬᠦ ᠬᠦᠴᠦᠨ ᠢᠶᠠᠷ ᠢᠶᠠᠨ ᠲᠥᠯᠥᠪᠯᠡᠨ ᠬᠡᠷᠡᠭᠵᠢᠭᠦᠯᠦᠨ᠎ᠡ᠃ ︽ᠲᠥᠷᠥᠯ ᠵᠦᠢᠯ ᠢ ᠶᠡᠬᠡᠪᠡᠷ ᠠᠳᠬᠤᠵᠤ᠂ ᠲᠣᠮᠣ ᠲᠥᠷᠥᠯ ᠵᠦᠢᠯ ᠢ ᠠᠳᠬᠤᠬᠤ︾ ᠢᠯᠡ ᠲᠣᠳᠣ ᠤᠳᠤᠷᠢᠳᠤᠮᠵᠢ ᠶᠢ ᠪᠠᠲᠤ ᠪᠠᠬᠢ ᠪᠣᠶ ᠪᠣᠯᠭᠠᠵᠤ ᠂ 13 ᠴᠢᠬᠤᠯᠠ ᠶᠡᠭᠡ ᠲᠥᠷᠥᠯ ᠵᠦᠢᠯ ᠢ ᠴᠢᠩᠭ᠎ᠠ ᠠᠩᠬᠠᠷᠴᠤ᠂ ︽ᠲᠥᠷᠥᠯ ᠵᠦᠢᠯ ᠤᠨ ᠬᠠᠮᠢᠶᠠᠷᠤᠭᠴᠢ︾ ︽ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ︾ ᠵᠡᠷᠭᠡ ᠦᠢᠯᠡᠴᠢᠯᠡᠭᠡᠨ ᠤ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ᠂ ᠲᠥᠷᠥᠯ ᠵᠦᠢᠯ ᠢ ᠡᠷᠲᠡ ᠨᠠᠶᠢᠳᠠᠪᠤᠷᠢᠵᠢᠭᠤᠯᠬᠤ᠂ ᠡᠷᠲᠡ ᠠᠵᠢᠯ ᠡᠬᠢᠯᠡᠭᠦᠯᠬᠦ᠂ ᠡᠷᠲᠡ ᠦᠷ᠎ᠡ ᠪᠦᠲᠦᠮᠵᠢ ᠤᠯᠬᠤ ᠶᠢ ᠬᠦᠴᠦᠯᠡᠨ ᠠᠬᠢᠭᠤᠯᠵᠤ᠂ 15 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠯᠠ ᠣᠷᠣᠭᠤᠯᠤᠯᠲᠠ ᠶᠢ ᠦᠨᠡᠨ ᠬᠦ ᠪᠠᠲᠤᠯᠠᠨ᠎ᠠ᠃ ᠲᠥᠷᠥᠯ ᠵᠦᠢᠯ ᠢ ᠬᠢᠨᠠᠨ ᠵᠥᠪᠰᠢᠶᠡᠷᠡᠬᠦ ᠬᠤᠷᠳᠤᠴᠠ ᠶᠢ ᠲᠦᠷᠭᠡᠳᠬᠡᠨ ᠂ ᠰᠢᠨ᠎ᠡ ᠪᠠᠷ ᠪᠠᠶᠢᠭᠤᠯᠬᠤ 10 ᠲᠥᠷᠥᠯ ᠵᠦᠢᠯ ᠤᠨ ᠭᠠᠷᠳᠠᠮ ᠢ 3 ᠳ᠋ᠤᠭᠠᠷ ᠰᠠᠷ᠎ᠠ ᠶᠢᠨ ᠰᠡᠭᠦᠯᠴᠢ ᠪᠠᠷ ᠪᠦᠬᠦᠨ ᠢ ᠭᠦᠶ᠋ᠴᠡᠳᠬᠡᠵᠦ ᠳᠠᠭᠤᠰᠬᠠᠬᠤ ᠪᠠᠷ ᠴᠢᠷᠮᠠᠶᠢᠵᠤ᠂ ᠨᠢᠭᠡᠳᠦᠭᠡᠷ ᠤᠯᠠᠷᠢᠯ ᠳᠤ ᠠᠵᠢᠯ ᠡᠬᠢᠯᠡᠭᠦᠯᠦᠭᠰᠡᠨ ᠨᠣᠷᠮ᠎ᠠ 60% ᠶᠢ ᠳᠠᠪᠠᠪᠠ᠃ ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ︾ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠲᠥᠷᠥ ᠶᠢᠨ ᠶᠠᠪᠤᠳᠠᠯ ᠤᠨ ᠬᠤᠷᠢᠶᠠᠨ ᠤ ︽ᠰᠠᠨᠠᠯ︾ ᠵᠢᠴᠢ ᠡᠯ᠎ᠡ ᠶᠠᠮᠤᠨ ᠵᠥᠪᠯᠡᠯ ᠤᠨ ᠢᠵᠢ ᠪᠥᠷᠢᠳᠦᠭᠰᠡᠨ ᠪᠢᠴᠢᠭ ᠮᠠᠲ᠋ᠧᠷᠢᠶᠠᠯ ᠤᠨ ᠲᠣᠭᠤᠷᠢᠨ ᠳᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠴᠣᠩᠬᠤᠪᠴᠢ ᠶᠢᠨ ᠬᠤᠭᠤᠴᠠᠭ᠎ᠠ ᠶᠢ ᠠᠳᠬᠤᠵᠤ᠂ ᠠᠵᠤ ᠦᠢᠯᠡᠰ ᠤᠨ ᠬᠥᠭᠵᠢᠯᠲᠡ᠂ ᠨᠡᠶᠢᠭᠡᠮ ᠠᠷᠠᠳ ᠤᠨ ᠠᠮᠢᠳᠤᠷᠠᠯ ᠵᠡᠷᠭᠡ ᠲᠥᠷᠥᠯ ᠵᠦᠢᠯ ᠢ 15 ᠠᠴᠠ ᠳᠡᠭᠡᠭᠰᠢ ᠲᠥᠯᠥᠪᠵᠢᠭᠦᠯᠵᠦ᠂ ︽ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ︾ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ᠃   ᠨᠠᠷᠢᠯᠢᠭ ᠣᠨᠣᠴᠠᠲᠠᠶ ᠪᠠᠷ ᠪᠣᠳᠠᠲᠠᠢ ᠶᠢ ᠡᠷᠬᠢᠮᠯᠡᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠥᠷᠨᠢᠭᠦᠯᠪᠡ᠃ ︽ᠭᠠᠳᠠᠭᠰᠢ ᠭᠠᠷᠬᠤ︾ ᠪᠠ ︽ᠤᠷᠢᠵᠤ ᠠᠪᠴᠢᠷᠠᠬᠤ︾ ᠶᠢ ᠤᠶᠠᠯᠳᠤᠭᠤᠯᠬᠤ ᠶᠢ ᠪᠠᠷᠢᠮᠲᠠᠯᠠᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠠᠵᠤ ᠦᠢᠯᠡᠰ ᠤᠨ ᠪᠥᠭᠡᠮᠨᠡᠷᠡᠯ ᠢ ᠪᠤᠵᠠᠭᠠᠶᠢᠷᠠᠭᠤᠯᠬᠤ ᠪᠠᠷ ᠭᠤᠣᠯᠳᠠᠯᠭ᠎ᠠ ᠪᠣᠯᠭᠠᠵᠤ᠂ ᠯᠢᠲ᠋ᠢ ᠳ᠋ᠢᠶᠠᠨ ᡂᠢ᠂ ᠰᠢᠨ᠎ᠡ ᠮᠠᠲ᠋ᠧᠷᠢᠶᠠᠯ᠂ ᠣᠨᠴᠠᠯᠢᠭᠲᠤ ᠲᠠᠷᠢᠶᠠᠯᠠᠩ᠂ ᠵᠢᠭᠤᠯᠴᠢᠯᠠᠯ ᠡᠷᠡᠭᠦᠯᠵᠢᠯ ᠰᠤᠪᠢᠯᠠᠯᠲᠠ ᠵᠡᠷᠭᠡ ᠣᠨᠴᠠᠯᠢᠭᠲᠤ ᠳᠠᠪᠠᠭᠤᠯᠢᠭ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠᠯᠳᠤᠭᠠᠴᠢᠨ ᠤᠷᠢᠬᠤ ᠲᠥᠷᠥᠯ ᠵᠦᠢᠯ ᠢ ᠨᠠᠷᠢᠨ ᠬᠢᠨᠠᠮᠠᠭᠠᠢ ᠲᠥᠯᠥᠪᠵᠢᠭᠦᠯᠵᠦ᠂ ᠬᠡᠯᠬᠢᠶ᠎ᠡ ᠶᠢ ᠨᠥᠬᠦᠪᠦᠷᠢᠯᠡᠬᠦ᠂ ᠬᠡᠯᠬᠢᠶ᠎ᠡ ᠶᠢ ᠤᠷᠲᠤᠳᠬᠠᠬᠤ ᠪᠠ ᠪᠥᠭᠡᠮᠨᠡᠷᠡᠯ ᠤᠨ ᠬᠡᠯᠪᠡᠷᠢ ᠪᠠᠷ ᠬᠤᠳᠠᠯᠳᠤᠭᠠᠴᠢᠨ ᠤᠷᠢᠬᠤ ᠶᠢ ᠶᠡᠬᠡᠪᠡᠷ ᠥᠷᠨᠢᠭᠦᠯᠵᠦ ᠂ ᠨᠢᠭᠡ ᠪᠦᠯᠦᠭ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠡᠳ᠋ ᠤᠨ ᠵᠠᠰᠠᠭ ᠭᠠᠶᠢᠯᠢ ᠶᠢᠨ ᠬᠤᠪᠢ ᠨᠡᠮᠡᠷᠢ ᠪᠠᠷ ᠶᠡᠭᠡ᠂ ᠠᠵᠢᠯ ᠣᠯᠭᠤᠯᠲᠠ ᠶᠢ ᠳᠠᠶᠢᠴᠢᠯᠠᠬᠤ ᠲᠣᠮᠣ ᠲᠥᠷᠥᠯ ᠵᠦᠢᠯ᠂ ᠲᠣᠮᠣ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠵᠦᠸᠧᠽᠢ ᠳᠤ ᠣᠷᠣᠭᠤᠯᠬᠤ ᠪᠠᠷ ᠴᠢᠷᠮᠠᠶᠢᠵᠤ᠂ ᠪᠦᠬᠦ ᠵᠢᠯ ᠳᠤ 50 ᠭᠠᠷᠤᠢ ᠲᠥᠷᠥᠯ ᠵᠦᠢᠯ ᠢ ᠣᠷᠣᠭᠤᠯᠤᠨ ᠠᠪᠴᠢᠷᠠᠵᠤ᠂ 6 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠮᠥᠩᠭᠦ ᠲᠠᠢ ᠪᠣᠯᠭᠠᠬᠤ ᠪᠠᠷ ᠴᠢᠷᠮᠠᠶᠢᠨ᠎ᠠ᠃    ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠪᠠᠷᠢᠮᠲᠠᠯᠠᠨ᠎ᠠ᠃ ᠣᠯᠠᠨ ᠲᠦᠮᠡᠨ ᠪᠠ ᠠᠵᠤ ᠠᠬᠤᠶᠢᠯᠠᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠂ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ︾ ᠵᠦᠢᠯᠡᠰ ᠢ 30᠂ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠵᠦᠢᠯᠡᠰ ᠢ 150 ᠵᠦᠢᠯ ᠨᠠᠶᠢᠳᠠᠪᠤᠷᠢᠵᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠢᠷᠤᠮᠵᠢᠭᠰᠠᠨ᠂ ᠳᠥᠭᠦᠮᠴᠢᠯᠡᠭᠰᠡᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠪᠡ᠃ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠶᠢ ᠭᠦᠨᠵᠡᠭᠡᠶ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠤ ᠬᠤᠯᠪᠣᠭᠳᠠᠬᠤ ᠦᠶ᠋ᠯᠡᠴᠢᠯᠡᠭᠡ ᠶᠢ ᠰᠢᠯᠢᠳᠡᠭᠵᠢᠭᠦᠯᠦᠨ᠂ ᠠᠵᠤ ᠠᠬᠤᠶᠢᠯᠠᠯ ᠳᠤ ᠬᠤᠯᠪᠣᠭᠳᠠᠬᠤ ᠵᠦᠶ᠋ᠯᠡᠰ ᠢ ᠬᠢᠨᠠᠨ ᠵᠥᠪᠰᠢᠶᠡᠷᠡᠬᠦ ᠬᠤᠷᠳᠤᠴᠠ ᠶᠢ ᠲᠦᠷᠭᠡᠳᠬᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ︾ ᠶᠢᠨ ᠢᠨᠵᠧᠨᠧᠷᠢᠩ ᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ ᠬᠥᠳᠡᠯᠦᠩᠭᠦᠶ ᠲᠣᠬᠢᠷᠠᠭᠤᠯᠤᠯᠲᠠ᠂ ︽ᠢᠲᠡᠭᠡᠮᠵᠢ︾ ᠶᠢᠨ ᠬᠡᠷᠡᠭᠯᠡᠭᠡᠨ ᠤ ᠬᠡᠷᠡᠭᠯᠡᠯᠲᠡ᠂ ᠢᠲᠡᠭᠡᠮᠵᠢ ᠠᠯᠳᠠᠭᠰᠠᠨ ᠢ ᠴᠡᠭᠴᠡᠯᠡᠨ ᠵᠠᠰᠠᠬᠤ᠂ ᠢᠲᠡᠭᠡᠮᠵᠢ ᠲᠠᠢ ᠪᠠᠶᠢᠬᠤ ᠶᠢ ᠱᠠᠩᠨᠠᠨ ᠬᠥᠬᠢᠭᠦᠯᠬᠦ ᠵᠡᠷᠭᠡ ᠭᠤᠤᠯᠳᠠᠯᠭ᠎ᠠ ᠲᠠᠢ ᠠᠵᠢᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠥᠷᠭᠡᠨ ᠣᠯᠠᠨ ᠠᠵᠤ ᠠᠬᠤᠶᠢᠯᠠᠯ ᠢ ᠰᠠᠨᠠᠭ᠎ᠠ ᠠᠮᠤᠷ ᠪᠠᠯᠠ ᠣᠷᠣᠭᠤᠯᠵᠤ᠂ ᠰᠠᠨᠠᠭ᠎ᠠ ᠠᠮᠤᠷ ᠬᠥᠭᠵᠢᠭᠦᠯᠦᠨ᠎ᠡ᠃    ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠮᠵᠢᠯᠴᠠᠬᠤ ᠶᠢ ᠲᠣᠪᠤᠶᠢᠮ᠎ᠠ ᠰᠠᠶᠢᠲᠤᠷ ᠠᠳᠬᠤᠵᠤ᠂ ︽ᠵᠢᠷᠭᠤᠭᠠᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠪᠠ ︽ᠳᠥᠷᠪᠡᠨ ᠵᠦᠢᠯ ᠤᠨ ᠠᠵᠢᠯᠯᠠᠭ᠎ᠠ︾ ᠶᠢ ᠭᠦᠨᠵᠡᠭᠡᠶ ᠬᠡᠷᠡᠭᠵᠢᠭᠦᠯᠦᠨ᠂ ᠳᠤᠮᠳᠠᠳᠤ ᠤᠯᠤᠰ ᠤᠨ ᠳᠠᠯᠠᠢ ᠶᠢᠨ ᠲᠣᠰᠣᠨ ᠤ ᠴᠡᠭ ᠲᠣᠭᠲᠠᠭᠠᠨ ᠬᠠᠪᠰᠤᠷᠤᠨ ᠲᠡᠳᠬᠦᠬᠦ ᠶᠢ ᠢᠳᠡᠪᠬᠢᠲᠡᠶ ᠠᠬᠢᠭᠤᠯᠵᠤ᠂ ᠨᠠᠩ ᠣᠯᠠᠨ ᠪᠡᠭᠡᠵᠢᠩ ᠤᠨ ᠡᠬᠢ ᠪᠠᠶᠠᠯᠢᠭ᠂ ᠪᠡᠭᠡᠵᠢᠩ ᠤᠨ ᠴᠢᠳᠠᠪᠤᠷᠢᠲᠠᠨ ᠢ ᠲᠡᠳᠡᠨ ᠠᠪᠴᠢᠷᠠᠵᠤ ᠵᠦᠸᠧᠽᠢ ᠳᠤ ᠨᠤᠲᠤᠭᠰᠢᠭᠤᠯᠵᠤ᠂ ᠭᠠᠷᠮᠠᠭᠠᠶ ᠴᠢᠳᠠᠪᠤᠷᠢᠲᠠᠨ ᠳᠤ ᠦᠢᠯᠡᠴᠢᠯᠡᠭᠦᠯᠦᠨ᠎ᠡ᠃ ᠪᠡᠭᠡᠵᠢᠩ ᠲᠢᠶᠠᠨᠵᠢᠨ ᠤ ᠱᠠᠨ ᠰᠢ ᠾᠧᠪᠸᠢ ᠶᠢᠨ ᠶᠡᠭᠡ ᠵᠠᠬ᠎ᠠ ᠳᠡᠯᠭᠡᠭᠦᠷ ᠢ ᠴᠢᠩᠭ᠎ᠠ ᠠᠩᠬᠠᠷᠴᠤ᠂ ᠬᠥᠬᠡᠬᠤᠲᠠ ᠪᠤᠭᠤᠲᠤ ᠤᠷᠳᠤᠰ ᠤᠯᠠᠭᠠᠨᠴᠠᠪ ᠢ ᠨᠢᠭᠡ ᠴᠤᠬᠴᠠᠵᠢᠭᠤᠯᠤᠨ ᠠᠭᠤᠰᠤᠯᠴᠠᠭᠤᠯᠬᠤ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠠᠵᠤ ᠦᠢᠯᠡᠰ ᠢ ᠬᠦᠯᠢᠶᠡᠨ ᠠᠪᠬᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠰᠣᠶᠣᠯ ᠵᠢᠭᠤᠯᠴᠢᠯᠠᠯ ᠵᠡᠷᠭᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠨᠡᠩ ᠤᠯᠠᠨ ᠠᠵᠤ ᠠᠬᠤᠶᠢᠯᠠᠯ ᠤᠨ ᠭᠠᠷᠮᠠᠭᠠᠢ ᠪᠡᠯᠡ ᠣᠷᠣᠭᠤᠯᠤᠯᠲᠠ᠂ ᠨᠡᠩ ᠤᠯᠠᠨ ᠵᠤᠭᠠᠴᠠᠭᠰᠠᠳ ᠢ ᠳᠠᠳᠠᠨ ᠠᠪᠴᠢᠷᠠᠪᠠ᠃    ︵ᠭᠤᠷᠪᠠ︶ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠢ ᠡᠷᠡᠰ ᠭᠤᠶᠢᠪᠢᠰᠢ ᠦᠭᠡᠢ ᠠᠳᠬᠤᠵᠤ᠂ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ    ᠬᠥᠳᠡᠭᠡ ᠠᠵᠤ ᠠᠬᠤᠢ ᠶᠢ ︽ᠲᠤᠯᠭᠠᠭᠤᠷᠢ ᠲᠠᠢ︾ ᠪᠣᠯᠭᠠᠬᠤ ᠬᠡᠷᠡᠭᠲᠡᠢ᠃ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ 1.52 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠥᠲᠥᠭᠡᠨ ᠪᠠᠶᠢᠭᠤᠯᠵᠤ᠂ ᠲᠠᠷᠢᠶᠠᠨ ᠭᠠᠵᠠᠷ ᠤᠨ ᠲᠠᠯᠠᠪᠠᠶ ᠶᠢ 63 ᠲᠦᠮᠡᠨ ᠮᠥ ᠠᠴᠠ ᠳᠡᠭᠡᠭᠰᠢ ᠳᠤ ᠲᠣᠭᠲᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠠᠮᠤ ᠪᠤᠳᠠᠭ᠎ᠠ ᠳᠠᠷᠢᠬᠤ ᠲᠠᠯᠠᠪᠠᠶ ᠶᠢ 36.5 ᠲᠦᠮᠡᠨ ᠮᠥ ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠠᠮᠤ ᠪᠤᠳᠠᠭᠠᠨ ᠤ ᠤᠨᠠᠯᠲᠠ ᠶᠢ 1 ᠳ᠋ᠦᠩᠰᠢᠭᠤᠷ ᠵᠢᠩ ᠠᠴᠠ ᠳᠡᠭᠡᠭᠰᠢ ᠳᠤ ᠬᠦᠷᠦᠭᠦᠯᠦᠨ᠎ᠡ᠃ ᠣᠨᠴᠠᠯᠢᠬᠵᠢᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠲᠠᠬᠢᠶ᠎ᠠ᠂ ᠨᠣᠬᠠᠶ ᠶᠢᠨ ᠬᠤᠰᠢᠭᠤ᠂ ᠬᠦᠢᠲᠡᠨ ᠰᠡᠷᠢᠭᠦᠨ ᠢᠳᠡᠰᠢᠨ ᠨᠣᠭᠤᠭ᠎ᠠ᠂ ᠦᠬᠡᠷ ᠬᠤᠨᠢᠨ ᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠬᠡᠮᠵᠢᠶ᠎ᠡ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ ᠭᠦᠢᠴᠡᠳ ᠠᠷᠭ᠎ᠠ ᠤᠬᠠᠭᠠᠨ ᠭᠠᠷᠭᠠᠬᠤ ᠬᠡᠷᠡᠭᠲᠡᠢ᠃ ᠤᠲᠤᠮᠠᠯ ᠲᠠᠬᠢᠶᠠᠨ ᠤ ᠠᠵᠤ ᠦᠶ᠋ᠯᠡᠰ ᠂ ᠵᠢᠶᠠᠨ ᠬᠤᠸᠠ ᠵᠠᠭᠤᠨ ᠲᠦᠮᠡᠨ ᠥᠳᠥ ᠳᠠᠬᠢᠶᠠᠨ ᠤ ᠨᠢᠭᠡᠳᠦᠭᠡᠷ ᠬᠤᠭᠤᠴᠠᠭ᠎ᠠ᠂ ᠤᠲᠤᠮᠠᠯ ᠢᠳᠡᠭᠡᠨ ᠤ ᠠᠵᠤ ᠦᠶ᠋ᠯᠡᠰ ᠤᠨ ᠬᠦᠷᠢᠶᠡᠯᠡᠩ ᠤᠨ ᠪᠦᠲᠦᠨ ᠦᠷ᠎ᠡ ᠪᠦᠲᠦᠮᠵᠢ ᠤᠯᠬᠤ ᠶᠢ ᠠᠬᠢᠭᠤᠯᠵᠤ᠂ ᠵᠢᠶᠠᠨ ᠬᠤᠸᠠ ᠵᠠᠭᠤᠨ ᠲᠦᠮᠡᠨ ᠥᠳᠥ ᠳᠠᠬᠢᠶ᠎ᠠ ᠶᠢᠨ ᠬᠤᠶᠠᠳᠤᠭᠠᠷ ᠬᠤᠭᠤᠴᠠᠭ᠎ᠠ᠂ ᠭᠤᠷᠪᠠᠳᠤᠭᠠᠷ ᠬᠤᠭᠤᠴᠠᠭᠠᠨ ᠤ ᠲᠥᠷᠥᠯ ᠵᠦᠶ᠋ᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ ᠵᠢᠯ ᠤᠨ ᠳᠣᠲᠣᠷ᠎ᠠ ᠥᠨᠳᠡᠭᠡᠨ ᠲᠠᠬᠢᠶ᠎ᠠ ᠲᠡᠵᠢᠭᠡᠨ ᠦᠷᠡᠵᠢᠭᠦᠯᠬᠦ ᠬᠡᠪᠴᠢᠶ᠎ᠡ ᠶᠢ 350 ᠲᠦᠮᠡᠨ ᠥᠳᠥ᠂ ᠤᠲᠤᠮᠠᠯ ᠲᠠᠬᠢᠶ᠎ᠠ ᠶᠢᠨ ᠪᠣᠷᠣᠯᠠᠭᠤᠯᠭ᠎ᠠ ᠶᠢᠨ ᠬᠡᠮᠵᠢᠶ᠎ᠡ ᠶᠢ 800 ᠲᠦᠮᠡ ᠳᠤ ᠬᠦᠷᠦᠭᠦᠯᠬᠦ ᠪᠠᠷ ᠴᠢᠷᠮᠠᠶᠢᠨ᠎ᠠ᠃ ᠨᠣᠬᠠᠶ ᠶᠢᠨ ᠬᠤᠰᠢᠭᠤ ᠶᠢᠨ ᠠᠵᠤ ᠦᠶ᠋ᠯᠡᠰ ᠲᠤ ︽ᠲᠠᠷᠢᠶᠠᠨ ᠦᠷ᠎ᠡ ᠰᠣᠩᠭᠤᠬᠤ︾ ᠲᠠᠪᠴᠠᠩ ᠤᠨ ᠦᠶ᠋ᠯᠡᠳᠦᠯ ᠢ ᠰᠠᠶᠢᠲᠤᠷ ᠪᠠᠳᠠᠷᠠᠭᠤᠯᠵᠤ᠂ ᠠᠷᠪᠠᠨ ᠨᠠᠢᠮᠠᠨ ᠲᠠᠪᠴᠠᠩ ᠂ ᠳ᠋ᠠ ᠢᠦᠶ ᠱᠤ᠋ ᠵᠡᠷᠭᠡ ᠨᠣᠬᠠᠶ ᠶᠢᠨ ᠬᠤᠰᠢᠭᠤ ᠶᠢᠨ ᠰᠢᠯᠢᠳᠡᠭ ᠡᠭᠦᠯᠳᠡᠷ ᠤᠨ ᠲᠠᠷᠢᠮᠠᠯ ᠤᠨ ᠪᠦᠰᠡ ᠶᠢ 13 ᠲᠦᠮᠡᠨ ᠮᠥ ᠭᠤᠤᠯᠳᠠᠯᠭ᠎ᠠ ᠲᠠᠢ ᠪᠣᠶ ᠪᠣᠯᠭᠠᠵᠤ᠂ 2 ᠲᠦᠮᠡᠨ ᠲᠣᠨ ᠨᠣᠬᠠᠶ ᠶᠢᠨ ᠬᠤᠰᠢᠭᠤ ᠶᠢᠨ ᠨᠠᠷᠢᠯᠢᠭ ᠡᠳ᠋ᠰᠢᠭᠦᠯᠬᠦ ᠲᠥᠷᠥᠯ ᠵᠦᠶ᠋ᠯ ᠢ ᠪᠠᠶᠢᠭᠤᠯᠤᠨ ᠪᠦᠲᠦᠭᠡᠵᠦ᠂ ᠨᠣᠬᠠᠶ ᠶᠢᠨ ᠬᠤᠰᠢᠭᠤ ᠶᠢᠨ ᠠᠵᠤ ᠦᠶ᠋ᠯᠡᠰ ᠤᠨ ᠪᠥᠬᠦ ᠠᠵᠤ ᠦᠶ᠋ᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠤᠨ᠎ᠠ᠃ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠠᠵᠤ ᠦᠢᠯᠡᠰ᠂ ᠰᠢ ᠯᠠᠨ ᠬᠤᠸᠠ᠂ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ ᠲᠠᠷᠢᠬᠤ᠂ ᠡᠳ᠋ᠰᠢᠭᠦᠯᠬᠦ ᠠᠵᠤ ᠦᠢᠯᠡᠰ ᠢ ᠭᠤᠣᠯᠳᠠᠯᠭ᠎ᠠ ᠲᠠᠢ ᠠᠬᠢᠭᠤᠯᠵᠤ᠂ ᠬᠦᠢᠲᠡᠨ ᠰᠡᠷᠢᠭᠦᠨ ᠢᠳᠡᠰᠢᠨ ᠨᠣᠭᠤᠭ᠎ᠠ ᠲᠠᠷᠢᠬᠤ ᠲᠠᠯᠠᠪᠠᠢ ᠶᠢ 5 ᠲᠦᠮᠡᠨ ᠮᠦ ᠠᠴᠠ ᠳᠡᠭᠡᠭᠰᠢ ᠲᠣᠭᠲᠠᠭᠤᠨ ᠪᠠᠶᠢᠯᠭᠠᠬᠤ ᠶᠢ ᠦᠨᠡᠨᠬᠦ ᠪᠠᠲᠤᠯᠠᠵᠤ᠂ ᠡᠳ᠋ᠰᠢᠭᠦᠯᠬᠦ᠂ ᠬᠥᠮᠥᠷᠭᠡᠯᠡᠨ ᠬᠠᠳᠠᠭᠠᠯᠠᠬᠤ ᠴᠢᠳᠠᠪᠤᠷᠢ ᠶᠢ 5000 ᠲᠣᠨ ᠠᠴᠠ ᠳᠡᠭᠡᠭᠰᠢ ᠳᠤ ᠬᠦᠷᠦᠭᠦᠯᠦᠨ᠎ᠡ᠃ ᠦᠬᠡᠷ ᠬᠤᠨᠢᠨ ᠤ ᠠᠵᠤ ᠦᠶ᠋ᠯᠡᠰ᠂ ᠵᠦᠸᠧᠽᠢ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠬᠤᠶᠠᠳᠤᠭᠠᠷ ᠬᠤᠭᠤᠴᠠᠭ᠎ᠠ᠂ ᠬᠤᠩ ᠵᠤᠤ ᠠᠯᠠᠰᠢᠨ ᠬᠤᠨᠢᠨ ᠤ ᠡᠭᠦᠯᠳᠡᠷ ᠢ ᠰᠠᠶᠢᠵᠢᠷᠠᠭᠤᠯᠬᠤ ᠰᠠᠭᠤᠷᠢᠨ ᠭᠠᠵᠠᠷ᠂ ᠯᠢ ᠬᠤᠸᠠ ᠪᠠᠯᠭᠠᠰᠤᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠠᠯᠠᠪᠠᠢ ᠵᠡᠷᠭᠡ ᠲᠥᠷᠥᠯ ᠵᠦᠶ᠋ᠯ ᠤᠨ ᠪᠦᠲᠦᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠲᠦᠯᠬᠢᠨ ᠠᠬᠢᠭᠤᠯᠵᠤ᠂ ᠠᠯᠠᠰᠢᠨ ᠦᠬᠡᠷ᠂ ᠠᠯᠠᠰᠢᠨ ᠬᠤᠨᠢᠨ ᠤ ᠲᠤᠭ᠎ᠠ ᠲᠣᠯᠣᠭᠠᠢ ᠶᠢ 8 ᠲᠦᠮᠡ᠂ 40 ᠲᠦᠮᠡ ᠠᠴᠠ ᠳᠡᠭᠡᠭᠰᠢ ᠪᠠᠶᠢᠯᠭᠠᠬᠤ ᠶᠢ ᠦᠨᠡᠨᠬᠦ ᠪᠠᠲᠤᠯᠠᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠦᠷᠭᠦᠯᠵᠢᠯᠡᠨ ᠠᠬᠢᠭᠤᠯᠵᠤ ᠂ ᠲᠥᠮᠥᠰᠥ ᠶᠢᠨ ᠦᠷ᠎ᠡ ᠪᠤᠶᠢᠵᠢᠭᠤᠯᠬᠤ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠨᠣᠬᠠᠶ ᠶᠢᠨ ᠬᠤᠰᠢᠭᠤ ᠶᠢᠨ ᠦᠷ᠎ᠡ ᠪᠤᠶᠢᠵᠢᠭᠤᠯᠬᠤ᠂ ᠦᠷᠡᠵᠢᠭᠦᠯᠦᠨ ᠪᠤᠶᠢᠵᠢᠭᠤᠯᠬᠤ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ ᠲᠥᠷᠥᠯ ᠵᠦᠢᠯ ᠢ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃    ᠬᠥᠳᠡᠭᠡ ᠲᠣᠰᠬᠤᠨ ᠤ ︽ᠬᠠᠷᠠᠭᠠᠲᠠᠢ ᠪᠠᠶᠢᠬᠤ︾᠃ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠪᠠᠷ ᠲᠣᠯᠢ ᠪᠣᠯᠭᠠᠵᠤ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ᠂ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ᠂ ᠡᠷᠦᠬᠡ ᠶᠢᠨ ᠵᠣᠷᠯᠣᠩ ᠢ ᠥᠭᠡᠷᠡᠴᠢᠯᠡᠬᠦ᠂ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠵᠡᠷᠭᠡ 5 ᠲᠥᠷᠥᠯ ᠵᠦᠢᠯ ᠢ ᠬᠡᠷᠡᠭᠵᠢᠭᠦᠯᠵᠦ᠂ ᠬᠥᠳᠡᠭᠡ ᠲᠣᠰᠬᠤᠨ ᠤ 608 ᠡᠷᠦᠬᠡ ᠶᠢᠨ ᠵᠣᠷᠯᠣᠩ ᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ 5 ᠠᠶᠢᠯ ᠲᠣᠰᠬᠤᠨ ᠢ ᠭᠤᠶᠤᠵᠢᠭᠤᠯᠤᠨ ᠨᠣᠭᠤᠭᠠᠷᠠᠭᠤᠯᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠬᠤ ᠶᠢ ᠠᠬᠢᠭᠤᠯᠪᠠ᠃ ᠬᠥᠳᠡᠭᠡ ᠲᠣᠰᠬᠤᠨ ᠤ ᠵᠠᠰᠠᠯᠲᠠ ᠶᠢᠨ ︽ᠭᠤᠷᠪᠠ ᠶᠢ ᠵᠠᠰᠠᠬᠤ ᠶᠢ ᠤᠶᠠᠯᠳᠤᠭᠤᠯᠬᠤ︾ ᠶᠢ ᠢᠳᠡᠪᠬᠢᠲᠡᠢ ᠠᠬᠢᠭᠤᠯᠵᠤ᠂ ︽ᠭᠤᠷᠪᠠᠨ ᠳᠠᠭᠠᠤ ᠲᠤᠯᠤᠭᠠᠨ ᠲᠣᠭᠤᠷᠢᠭ︾ ᠤᠨ ᠲᠠᠷᠠᠬᠠᠢ ᠪᠤᠯᠠᠵᠤ ᠳᠤᠷ᠎ᠠ ᠪᠠᠷ ᠢᠶᠠᠨ ᠪᠤᠯᠠᠬᠤ ᠶᠢ ᠵᠠᠰᠠᠭᠰᠠᠨ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠵᠦ᠂ ᠬᠡᠪ ᠵᠠᠩᠰᠢᠯ ᠢ ᠥᠭᠡᠷᠡᠴᠢᠯᠡᠬᠦ ᠶᠢ ᠭᠦᠨᠵᠡᠭᠡᠢ ᠥᠷᠨᠢᠭᠦᠯᠵᠦ᠂ ᠲᠣᠰᠬᠤᠨ ᠤ ᠲᠦᠷᠢᠮ ᠠᠷᠠᠳ ᠤᠨ ᠭᠡᠷ᠎ᠡ ᠶᠢ ᠲᠡᠭᠦᠯᠳᠡᠷᠵᠢᠭᠦᠯᠵᠦ᠂ ᠪᠣᠯᠪᠠᠰᠤᠨ ᠨᠤᠲᠤᠭ ᠤᠨ ᠵᠠᠩᠰᠢᠯ ᠢᠶᠠᠷ ᠰᠠᠶᠢᠨ ᠰᠠᠶᠢᠬᠠᠨ ᠭᠡᠷ ᠤᠨ ᠰᠤᠷᠲᠠᠯ᠂ ᠪᠣᠷᠣᠭᠵᠢᠭᠤᠨ ᠠᠷᠠᠳ ᠤᠨ ᠰᠤᠷᠲᠠᠯ ᠢ ᠳᠠᠶᠢᠴᠢᠯᠠᠬᠤ ᠬᠡᠷᠡᠭᠲᠡᠢ᠃    ᠲᠠᠷᠢᠶᠠᠴᠢᠳ ᠢ ᠬᠦᠰᠡᠯ ᠡᠷᠡᠮᠡᠯᠵᠡᠯ ᠲᠠᠢ ᠪᠣᠯᠭᠠᠨ᠎ᠠ᠃ ︽ᠳᠥᠷᠪᠡ ᠶᠢ ᠥᠯᠥ ᠰᠠᠯᠭᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽1422︾ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠲᠣᠭᠲᠠᠴᠠ ᠶᠢᠨ ᠲᠣᠭᠤᠷᠢᠨ ᠳᠤ᠂ ᠠᠵᠤ ᠦᠢᠯᠡᠰ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠨᠠᠷᠠᠲᠤ ᠲᠥᠷᠥᠯ ᠲᠡᠮᠳᠡᠭᠲᠦ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠣᠷᠣᠯᠭ᠎ᠠ ᠶᠢ ᠵᠢᠯ ᠳᠠᠷᠠᠭᠠᠯᠠᠨ ᠨᠡᠮᠡᠭᠳᠡᠭᠦᠯᠬᠦ ᠶᠢ ᠦᠨᠡᠨᠬᠦ ᠪᠠᠲᠤᠯᠠᠨ᠎ᠠ᠃ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠵᠣᠯᠭᠠᠭᠤᠯᠬᠤ ᠪᠠᠯᠠ ᠮᠥᠩᠭᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠪᠠᠯᠠ ᠮᠥᠩᠭᠦ᠂ ᠳᠤᠮᠳᠠᠳᠤ ᠤᠯᠤᠰ ᠤᠨ ᠲᠡᠯᠡᠶ ᠶᠢᠨ ᠲᠣᠰᠣᠨ ᠤ ᠬᠠᠪᠰᠤᠷᠤᠨ ᠲᠡᠳᠬᠦᠬᠦ ᠪᠠᠯᠠ ᠮᠥᠩᠭᠦ ᠶᠢ ᠰᠠᠶᠢᠲᠤᠷ ᠠᠰᠢᠭᠯᠠᠨ᠂ ᠠᠵᠤ ᠦᠢᠯᠡᠰ ᠤᠨ ᠬᠥᠭᠵᠢᠯᠲᠡ᠂ ᠠᠵᠢᠯ ᠣᠯᠭᠤᠯᠲᠠ ᠶᠢᠨ ᠪᠣᠯᠪᠠᠰᠤᠷᠠᠭᠤᠯᠤᠯ᠂ ᠬᠥᠳᠡᠭᠡ ᠲᠣᠰᠬᠤᠨ ᠤ ᠵᠠᠰᠠᠯᠲᠠ ᠵᠡᠷᠭᠡ ᠡᠯ᠎ᠡ ᠲᠥᠷᠥᠯ ᠤᠨ 15 ᠲᠥᠷᠥᠯ ᠵᠦᠢᠯ ᠢ ᠬᠡᠷᠡᠭᠵᠢᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢ 3000 ᠲᠦᠮᠡᠨ ᠲᠥᠭᠦᠷᠢᠭ ᠠᠴᠠ ᠳᠠᠪᠠᠭᠤᠯᠬᠤ ᠶᠢ ᠠᠬᠢᠭᠤᠯᠵᠤ᠂ ᠲᠠᠷᠢᠶᠠᠴᠢᠳ ᠤᠨ ᠬᠥᠮᠦᠨ ᠳᠤᠮᠳᠠᠴᠢ ᠶᠢᠨ ᠣᠷᠣᠯᠭ᠎ᠠ ᠶᠢ 1000 ᠲᠥᠭᠦᠷᠢᠭ ᠠᠴᠠ ᠳᠡᠭᠡᠭᠰᠢ ᠳᠠᠶᠢᠴᠢᠯᠠᠪᠠ᠃    ︵ᠲᠦᠷᠪᠡ︶ ᠠᠮᠢ ᠠᠬᠤᠢ ᠶᠢ ᠭᠤᠶᠢᠪᠢᠰᠢ ᠦᠭᠡᠢ ᠠᠳᠬᠤᠵᠤ᠂ ᠬᠠᠮᠠᠭᠠᠯᠠᠯᠲᠠ ᠶᠢ ᠴᠢᠬᠤᠯᠠᠴᠢᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠳᠡᠭᠡᠭᠰᠢᠯᠡᠭᠦᠯᠦᠨ᠎ᠡ᠃    ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠢ ᠠᠬᠢᠭᠤᠯᠵᠤ᠃ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠴᠠᠭ ᠲᠤᠬᠠᠶ ᠳᠤᠨᠢ ᠰᠢᠯᠭᠠᠨ ᠠᠪᠴᠤ ᠳ᠋ᠤᠭᠠᠷ ᠬᠠᠰᠤᠬᠤ ᠶᠢ ᠦᠨᠡᠨᠬᠦ ᠪᠠᠲᠤᠯᠠᠬᠤ ᠬᠡᠷᠡᠭᠲᠡᠶ᠃ ᠭᠤᠣᠯ ᠤᠨ ᠵᠠᠮ ᠤᠨ ︽ᠳᠥᠷᠪᠡᠨ ᠰᠠᠮᠠᠭᠤᠨ ᠢ ᠠᠷᠢᠯᠭᠠᠬᠤ︾ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠪᠠᠢ ᠶᠢᠨ ᠾᠧ ᠭᠤᠣᠯ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠦᠨ᠂ ᠬᠠᠲᠤᠨ ᠭᠤᠣᠯ ᠤᠨ ᠰᠠᠪᠠ ᠭᠠᠵᠠᠷ ᠤᠨ ᠪᠣᠬᠢᠷᠳᠤᠯ ᠭᠠᠳᠠᠭᠰᠢᠯᠠᠭᠤᠯᠬᠤ ᠠᠮᠠᠰᠠᠷ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠷᠠᠭᠤᠯᠵᠤ᠂ ᠤᠯᠤᠰ ᠤᠨ ᠡᠵᠡᠮᠳᠡᠯ ᠤᠨ ᠣᠭᠲᠣᠯᠤᠭᠠᠰᠤ ᠶᠢᠨ ᠤᠰᠤᠨ ᠤ ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠠᠵᠤ ᠦᠢᠯᠡᠳᠪᠦᠷᠢ ᠶᠢᠨ ᠬᠠᠶᠠᠭᠳᠠᠮᠠᠯ ᠬᠡᠢ ᠶᠢᠨ ᠵᠠᠰᠠᠯᠲᠠ ᠶᠢ ᠴᠢᠩᠭᠠᠳᠬᠠᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠡᠲᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠲᠦᠷᠭᠡᠳᠬᠡᠵᠦ᠂ ᠢ ᠳ᠋ᠦᠩ ᠳ᠋ᠦᠩ ᠰᠢᠩ ᠬᠢᠮᠢ ᠶᠢᠨ ᠠᠵᠤ ᠦᠢᠯᠡᠳᠪᠦᠷᠢ ᠵᠡᠷᠭᠡ 2 ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠬᠠᠶᠠᠭᠳᠠᠮᠠᠯ ᠠᠭᠤᠷᠬᠠᠶ ᠶᠢᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠵᠠᠰᠠᠯᠲᠠ ᠶᠢ ᠰᠠᠶᠢᠲᠤᠷ ᠠᠳᠬᠤᠵᠤ᠂ ᠠᠮᠢ ᠠᠬᠤᠶ ᠶᠢᠨ ᠣᠷᠴᠢᠨ ᠲᠣᠭᠤᠷᠢᠨ ᠢ ᠪᠦᠲᠦᠮᠵᠢᠲᠡᠶ ᠰᠠᠶᠢᠵᠢᠷᠠᠭᠤᠯᠤᠨ᠎ᠠ᠃    ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠥᠷᠨᠢᠭᠦᠯᠦᠨ᠎ᠡ᠃ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠣᠶ ᠰᠢᠭᠤᠶ ᠡᠪᠡᠰᠦ ᠪᠡᠯᠴᠢᠭᠡᠷ ᠤᠨ ᠴᠢᠭᠢᠭᠯᠢᠭ ᠠᠲᠠᠷ ᠭᠠᠵᠠᠷ ᠢ ᠨᠢᠭᠡ ᠴᠣᠭᠴᠠᠵᠢᠭᠤᠯᠤᠨ ᠬᠠᠮᠠᠭᠠᠯᠠᠵᠤ ᠰᠡᠷᠭᠦᠭᠡᠬᠦ ᠲᠥᠷᠥᠯ ᠵᠦᠶ᠋ᠯ 30.96 ᠲᠦᠮᠡᠨ ᠮᠥ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ 8.46 ᠲᠦᠮᠡᠨ ᠮᠥ ᠪᠠᠶᠢᠵᠤ᠂ ᠣᠶ ᠰᠢᠭᠤᠶ ᠡᠪᠡᠰᠦ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ ᠶᠢ 70% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠭᠡᠨ ᠠᠪᠴᠤ ᠨᠡᠭᠡᠭᠡᠨ ᠬᠥᠭᠵᠢᠭᠦᠯᠬᠦ ᠠᠷᠠᠯᠵᠢᠶ᠎ᠠ ᠶᠢ 14.2 ᠲᠦᠮᠡᠨ ᠮᠦ ᠪᠡᠶᠡᠯᠡᠭᠦᠯᠵᠦ᠂ ᠣᠶ ᠰᠢᠭᠤᠶ ᠡᠪᠡᠰᠦ ᠪᠡᠯᠴᠢᠭᠡᠷ ᠤᠨ ᠶᠠᠰᠤ ᠴᠢᠨᠠᠷ ᠪᠠ ᠣᠶ ᠰᠢᠭᠤᠶ ᠶᠢᠨ ᠡᠬᠢ ᠪᠠᠶᠠᠯᠢᠭ ᠤᠨ ᠠᠰᠢᠭᠯᠠᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ︽ᠤᠰᠤ ᠠᠷᠪᠢᠯᠠᠬᠤ ᠬᠡᠯᠪᠡᠷᠢ︾ ᠶᠢᠨ ᠨᠡᠶᠢᠭᠡᠮ ᠢ ᠬᠦᠴᠦᠯᠡᠨ ᠡᠭᠦᠳᠦᠨ ᠪᠠᠶᠢᠭᠤᠯᠵᠤ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠢ ᠪᠠᠭᠠᠰᠬᠠᠬᠤ᠂ ᠬᠤᠲᠠ ᠪᠠᠯᠭᠠᠰᠤ ᠶᠢᠨ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠶᠢ ᠲᠦᠯᠬᠢᠨ ᠠᠬᠢᠭᠤᠯᠵᠤ᠂ ᠭᠦᠸᠧ ᠴᠧᠩ ᠠᠵᠤ ᠦᠢᠯᠡᠰ ᠤᠨ ᠠᠭᠤᠷᠬᠠᠢ ᠶᠢᠨ ᠬᠤᠳᠳᠤᠭ ᠤᠨ ᠨᠡᠭᠦᠷᠡᠰᠦᠨ ᠠᠭᠤᠷᠬᠠᠢ ᠶᠢᠨ ᠤᠰᠤ ᠶᠢ ᠪᠦᠬᠦᠨ ᠢ ᠡᠭᠡᠭᠦᠯᠦᠨ ᠬᠡᠷᠡᠭᠯᠡᠬᠦ ᠶᠢ ᠦᠨᠡᠨᠬᠦ ᠪᠠᠲᠤᠯᠠᠵᠤ᠂ ᠪᠣᠬᠢᠷ ᠤᠰᠤ ᠰᠢᠢᠳᠪᠦᠷᠢᠯᠡᠬᠦ 2 ᠦᠢᠯᠡᠳᠪᠦᠷᠢ ᠶᠢᠨ ᠳᠠᠬᠢᠯᠲᠠ ᠤᠰᠤ ᠶᠢ ᠪᠦᠬᠦᠨ ᠢ ᠠᠵᠤ ᠦᠢᠯᠡᠳᠪᠦᠷᠢ ᠶᠢᠨ ᠦᠢᠯᠡᠳᠪᠦᠷᠢᠯᠡᠯ ᠳᠤ ᠬᠡᠷᠡᠭᠯᠡᠵᠦ᠂ ︽ᠤᠰᠤ ᠠᠷᠪᠢᠯᠠᠬᠤ ᠠᠵᠢᠯᠯᠠᠭ᠎ᠠ︾ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠪᠠ᠃ ᠪᠣᠬᠢᠷᠲᠤᠯ ᠥᠬᠡᠶ ᠦᠶ᠋ᠯᠡᠳᠪᠦᠷᠢ᠂ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠢ ᠭᠤᠶᠤᠴᠢᠯᠠᠨ ᠮᠡᠳᠡᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠵᠢᠯ ᠤᠨ ᠳᠣᠲᠣᠷ᠎ᠠ ᠪᠣᠬᠢᠷᠲᠤᠯ ᠥᠬᠡᠶ ᠦᠶ᠋ᠯᠡᠳᠪᠦᠷᠢ ᠶᠢ 2 ᠡᠷᠦᠬᠡ᠂ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠢᠶᠠᠷ ᠦᠨᠡᠯᠡᠭᠦᠯᠬᠦ ᠪᠠᠷ ᠴᠢᠷᠮᠠᠶᠢᠵᠤ᠂ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠪᠡᠶᠡᠯᠡᠭᠦᠯᠦᠨ᠎ᠡ᠃   ︵ᠲᠠᠪᠤ︶ ᠰᠡᠳᠬᠢᠯ ᠲᠠᠯᠪᠢᠨ ᠠᠷᠠᠳ ᠤᠨ ᠠᠮᠢᠳᠤᠷᠠᠯ ᠢ ᠠᠳᠬᠤᠵᠤ᠂ ᠠᠵᠠ ᠵᠢᠷᠭᠠᠯ ᠢ ᠨᠡᠮᠡᠭᠳᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠨ᠎ᠡ᠃    ᠨᠡᠶᠢᠭᠡᠮ ᠤᠨ ᠦᠢᠯᠡᠰ ᠤᠨ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠤᠨ᠎ᠠ᠃ ᠰᠤᠷᠭᠠᠨ ᠬᠥᠮᠦᠵᠢᠯ ᠤᠨ ᠦᠢᠯᠡᠰ ᠢ ᠡᠩ ᠲᠡᠷᠢᠭᠦᠨ ᠳᠤ ᠬᠥᠭᠵᠢᠭᠦᠯᠵᠦ᠂ ᠰᠢᠶᠠᠩ ᠪᠠᠯᠭᠠᠰᠤᠨ ᠤ 4 ᠪᠠᠭ᠎ᠠ ᠬᠡᠪᠴᠢᠶᠡᠨ ᠤ ᠰᠤᠷᠭᠠᠭᠤᠯᠢ ᠶᠢ ᠡᠮᠬᠢᠯᠡᠨ ᠨᠡᠶᠢᠯᠡᠭᠦᠯᠵᠦ᠂ ︽ᠭᠤᠷᠪᠠᠨ ᠨᠡᠷᠡᠲᠦ ᠢᠨᠵᠧᠨᠧᠷᠢᠩ︾ ᠢ ᠬᠡᠷᠡᠭᠵᠢᠭᠦᠯᠦᠨ᠂ ᠳᠤᠮᠳᠠᠳᠤ ᠰᠤᠷᠭᠠᠭᠤᠯᠢ ᠳᠤ 500 ᠬᠤᠪᠢ ᠠᠴᠠ ᠳᠡᠭᠡᠭᠰᠢᠬᠢ ᠰᠤᠷᠤᠭᠴᠢ ᠶᠢᠨ ᠬᠠᠷᠢᠴᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠡᠭᠡᠳᠦ ᠰᠤᠷᠭᠠᠭᠤᠯᠢ ᠳᠤ ᠰᠢᠯᠭᠠᠭᠤᠯᠬᠤ ᠥᠪᠡᠷ ᠤᠨ ᠥᠷᠲᠡᠭ ᠤᠨ ᠨᠣᠷᠮ᠎ᠠ ᠶᠢ 38% ᠠᠴᠠ ᠳᠡᠭᠡᠭᠰᠢ ᠳᠤ ᠬᠦᠷᠦᠭᠦᠯᠵᠦ᠂ ︽ᠲᠠᠪᠤᠨ ᠵᠢᠯ ᠳᠤ ᠨᠡᠷᠡᠲᠦ ᠰᠤᠷᠭᠠᠭᠤᠯᠢ ᠪᠠᠶᠢᠭᠤᠯᠬᠤ︾ ᠬᠠᠷᠠᠯᠲᠠ ᠲᠡᠰᠢ ᠪᠦᠬᠦ ᠬᠦᠴᠦᠨ ᠢᠶᠠᠷ ᠢᠶᠠᠨ ᠤᠷᠤᠭᠰᠢᠯᠠᠭᠤᠯᠬᠤ ᠬᠡᠷᠡᠭᠲᠡᠶ᠃ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠲᠦᠷᠦᠯ ᠲᠡᠮᠳᠡᠭ ᠢ ᠬᠦᠴᠦᠷᠬᠡᠭᠵᠢᠭᠦᠯᠵᠦ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ᠂ ᠦᠢᠯᠡᠳᠪᠦᠷᠢᠯᠡᠯ ᠵᠢᠭᠠᠨ ᠰᠤᠷᠭᠠᠯᠲᠠ ᠶᠢᠨ ᠠᠭᠤᠰᠤᠯᠴᠠᠯ ᠢ ᠴᠢᠩᠭᠠᠳᠬᠠᠵᠤ᠂ ᠨᠡᠩ ᠤᠯᠠᠨ ᠤᠷ᠎ᠠ ᠴᠢᠳᠠᠪᠤᠷᠢ ᠶᠢᠨ ᠬᠡᠯᠪᠡᠷᠢ ᠶᠢᠨ ᠬᠡᠷᠡᠭᠯᠡᠭᠡᠨ ᠤ ᠴᠢᠳᠠᠪᠤᠷᠢᠲᠠᠨ ᠢ ᠬᠥᠮᠦᠵᠢᠭᠦᠯᠦᠨ᠎ᠡ᠃ ᠡᠷᠡᠭᠦᠯ ᠬᠠᠮᠠᠭᠠᠯᠠᠯ ᠤᠨ ᠦᠢᠯᠡᠰ ᠢ ᠢᠳᠡᠪᠬᠢᠲᠡᠢ ᠬᠥᠭᠵᠢᠭᠦᠯᠵᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠪᠠ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠬᠤᠶᠠᠳᠤᠭᠠᠷ ᠳᠡᠰ ᠤᠨ ᠬᠥᠬᠡ ᠲᠠᠰ ᠤᠨ ᠰᠢᠨ᠎ᠡ ᠶᠢ ᠡᠭᠦᠳᠴᠦ ᠥᠭᠡᠷᠡᠴᠢᠯᠡᠨ ᠰᠠᠶᠢᠵᠢᠷᠠᠭᠤᠯᠬᠤ ᠶᠢ ᠬᠡᠷᠡᠭᠵᠢᠭᠦᠯᠵᠦ᠂ ᠵᠦᠸᠧᠽᠢ ᠱᠠᠨ ᠪᠠᠯᠭᠠᠰᠤᠨ ᠤ ᠦ᠋ ᠹᠦ᠋ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢ ᠪᠠᠶᠢᠭᠤᠯᠤᠨ ᠪᠦᠲᠦᠭᠡᠵᠦ᠂ ᠡᠮᠴᠢᠯᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠰᠣᠶᠣᠯ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠡᠷᠳᠡᠨᠢᠰ ᠤᠨ ᠬᠥᠮᠥᠷᠭᠡ ᠶᠢ ᠭᠦᠨᠵᠡᠭᠡᠶ ᠠᠭᠤᠳᠠᠯᠵᠤ᠂ ︽ᠪᠣᠳᠠᠰ ᠤᠨ ᠪᠤᠰᠤ ᠰᠣᠶᠣᠯ ᠤᠨ ᠥᠪ︾ ᠢ ᠤᠯᠠᠮᠵᠢᠯᠠᠨ ᠵᠠᠯᠭᠠᠮᠵᠢᠯᠠᠬᠤ ᠡᠷᠴᠢᠮ ᠢᠶᠠᠨ ᠴᠢᠩᠭᠠᠷᠠᠭᠤᠯᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠦᠸᠧᠽᠢ ᠶᠢᠨ ᠲᠡᠦᠬᠡ ︵1922 - 1992︶︾ ᠶᠢ ᠬᠡᠪᠯᠡᠨ ᠲᠠᠷᠬᠠᠭᠠᠬᠤ ᠶᠢ ᠲᠦᠷᠭᠡᠳᠬᠡᠨ ᠠᠬᠢᠭᠤᠯᠵᠤ᠂ ︽ᠣᠨ ᠰᠠᠷ᠎ᠠ ᠶᠢᠨ ᠷᠦ᠋ ᠳᠠᠭᠤᠤ︾᠂ ︽ᠨᠢᠭᠡ ᠰᠡᠳᠬᠢᠯ ᠢᠶᠠᠷ ᠨᠠᠮ ᠲᠠᠭᠠᠨ︾ ᠭᠡᠬᠦ 2 ᠭᠤᠤᠯ ᠰᠡᠳᠦᠪᠲᠦ ᠵᠦᠴᠦᠭᠡ ᠶᠢ ᠨᠠᠷᠢᠨ ᠨᠢᠮᠪᠠᠶ ᠬᠢᠵᠦ᠂ ᠤᠯᠠᠭᠠᠨᠮᠥ᠋ᠴᠢᠷ ᠤᠨ ᠳᠠᠭᠤᠤ ᠪᠥᠵᠢᠭ ᠤᠨ ᠵᠦᠴᠦᠭᠡ ᠨᠠᠶᠢᠷᠠᠭᠤᠯᠬᠤ ᠪᠠ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ ᠳᠡᠮᠵᠢᠵᠦ᠂ ᠣᠯᠠᠨ ᠲᠦᠮᠡᠨ ᠲᠠᠢ ᠣᠶᠢᠷᠠᠲᠤᠭᠰᠠᠨ᠂ ᠤᠯᠠᠮᠵᠢᠯᠠᠭᠳᠠᠭᠰᠠᠨ᠂ ᠦᠯᠡᠳᠡᠭᠡᠵᠦ ᠳᠡᠶᠢᠯᠬᠦ ᠰᠢᠯᠢᠳᠡᠭ ᠪᠦᠲᠦᠭᠡᠯ ᠢ ᠨᠠᠩ ᠣᠯᠠᠨ ᠵᠣᠬᠢᠶᠠᠨ ᠪᠦᠲᠦᠭᠡᠵᠦ᠂ ︽ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ︾ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ᠃    ᠨᠡᠶᠢᠭᠡᠮ ᠤᠨ ᠪᠠᠲᠤᠯᠠᠪᠤᠷᠢ ᠶᠢᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠃ ︽ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ︾ ᠶᠢ ᠬᠡᠷᠡᠭᠵᠢᠭᠦᠯᠵᠦ᠂ ᠰᠢᠶᠠᠨ ᠤ ᠳᠣᠲᠣᠷᠠᠬᠢ ᠠᠵᠤ ᠠᠬᠤᠶᠢᠯᠠᠯ ᠤᠨ ᠠᠵᠢᠯ ᠤᠨ ᠪᠠᠶᠢᠷᠢ ᠲᠠᠢ ᠵᠣᠯᠭᠠᠭᠤᠯᠬᠤ ᠶᠢ ᠴᠢᠩᠭᠠᠳᠬᠠᠵᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠥᠷᠢ᠂ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ᠂ ᠠᠵᠢᠯ ᠣᠯᠭᠤᠯᠲᠠ ᠶᠢᠨ ᠵᠢᠯᠣᠭᠤᠳᠣᠯᠭ᠎ᠠ ᠵᠡᠷᠭᠡ ᠠᠵᠢᠯ ᠢ ᠰᠠᠶᠢᠲᠤᠷ ᠬᠢᠵᠦ᠂ ᠵᠢᠯ ᠤᠨ ᠳᠣᠲᠣᠷ᠎ᠠ ᠠᠵᠢᠯᠲᠠᠨ ᠡᠯᠰᠡᠬᠦ ᠬᠤᠷᠠᠯ ᠢ 3 ᠲᠠᠯᠠᠪᠤᠷ ᠡᠷᠭᠢᠯᠡᠵᠦ᠂ ᠬᠥᠳᠡᠯᠮᠦᠷᠢᠯᠡᠭᠴᠢᠳ ᠢ 1000 ᠬᠥᠮᠦᠨ ᠠᠴᠠ ᠳᠡᠭᠡᠭᠰᠢ ᠪᠣᠯᠪᠠᠰᠤᠷᠠᠭᠤᠯᠤᠨ᠎ᠠ᠃ ︽ᠥᠪᠡᠷᠲᠡᠭᠡᠨ ᠵᠠᠰᠠᠬᠤ ᠣᠷᠣᠨ ᠤ ᠳᠤᠮᠳᠠ ᠣᠷᠳᠣ ᠬᠤᠭᠤᠴᠠᠭᠠᠨ ᠤ ᠵᠠᠯᠠᠭᠤᠴᠤᠳ ᠤᠨ ᠬᠥᠭᠵᠢᠯᠲᠡ ᠶᠢᠨ ᠲᠥᠯᠥᠪᠵᠢᠭᠦᠯᠭᠡ︾ ᠶᠢ ᠰᠠᠶᠢᠲᠤᠷ ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ ᠵᠡᠷᠭᠡ ᠬᠠᠮᠲᠤᠯᠢᠭ ᠤᠨ ᠪᠡᠶ᠎ᠡ ᠪᠠᠨ ᠳᠠᠭᠠᠭᠠᠵᠤ ᠦᠢᠯᠡᠰ ᠴᠣᠭᠴᠠᠯᠠᠬᠤ ᠶᠢ ᠳᠡᠮᠵᠢᠨ ᠬᠥᠲᠥᠯᠦᠨ ᠵᠢᠯᠣᠭᠤᠳᠴᠤ᠂ ᠨᠠᠩ ᠣᠯᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠨ᠎ᠠ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠲᠦᠷ ᠴᠠᠭ ᠤᠨ ᠠᠪᠤᠷᠠᠨ ᠲᠤᠰᠠᠯᠠᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ︽ᠭᠤᠷᠪᠠᠨ ᠱᠠᠲᠤᠨ ᠤ ᠲᠣᠤᠷ ᠰᠦᠯᠵᠢᠶ᠎ᠡ︾ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ︽ᠭᠤᠷᠪᠠ ᠶᠢ ᠵᠠᠰᠠᠵᠤ ᠭᠤᠷᠪᠠ ᠶᠢ ᠥᠭᠡᠷᠡᠴᠢᠯᠡᠬᠦ︾ 3 ᠵᠣᠯ ᠵᠢᠷᠭᠠᠯ ᠤᠨ ᠬᠦᠷᠢᠶᠡᠯᠡᠩ ᠭᠠᠷᠭᠠᠵᠤ᠂ ᠬᠤᠰᠢᠭᠤᠨ ᠤ ᠳᠣᠲᠣᠷᠠᠬᠢ ᠡᠵᠡᠩᠨᠡᠯᠲᠡ ᠶᠢᠨ ᠵᠢᠱᠢᠶ᠎ᠡ ᠦᠵᠡᠭᠦᠯᠬᠦ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠥᠭᠡᠷᠡᠴᠢᠯᠡᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠤᠷᠢᠭ᠎ᠠ ᠱᠤᠭᠤᠮ ᠢ ᠤᠯᠠᠮ ᠨᠢᠭᠡ ᠠᠯᠬᠤᠮ ᠪᠠᠲᠤ ᠰᠠᠬᠢᠪᠠ᠃    ᠬᠤᠲᠠ ᠪᠠᠯᠭᠠᠰᠤ ᠶᠢᠨ ᠦᠢᠯᠡᠴᠢᠯᠡᠭᠡᠨ ᠤ ᠴᠢᠳᠠᠮᠵᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠬᠤᠲᠠ ᠪᠠᠯᠭᠠᠰᠤ ᠶᠢ ᠰᠢᠨᠡᠳᠬᠡᠬᠦ ᠠᠵᠢᠯᠯᠠᠭ᠎ᠠ ᠶᠢ ᠶᠡᠬᠡᠪᠡᠷ ᠠᠬᠢᠭᠤᠯᠵᠤ᠂ ᠵᠦᠸᠧᠽᠢ ᠱᠠᠨ ᠪᠠᠯᠭᠠᠰᠤᠨ ᠤ ᠪᠢᠨ ᠾᠧ ᠵᠡᠭᠦᠨ ᠵᠠᠮ ᠤᠨ ᠪᠦᠲᠦᠭᠡᠨ ᠪᠠᠶᠢᠭᠤᠯᠤᠯᠲᠠ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ᠂ ᠣᠨᠳᠣᠤ ᠭᠠᠵᠠᠷ ᠲᠤ ᠨᠡᠭᠦᠯᠭᠡᠭᠰᠡᠨ ᠵᠢᠵᠢᠭ ᠲᠣᠭᠤᠷᠢᠭ ᠤᠨ ᠲᠦᠭᠡᠭᠡᠯ ᠤᠰᠤ ᠶᠢ ᠥᠭᠡᠷᠡᠴᠢᠯᠡᠨ ᠳᠡᠭᠡᠭᠰᠢᠯᠡᠭᠦᠯᠬᠦ᠂ ᠰᠦᠵᠢ ᠶᠢᠨ ᠭᠤᠤ ᠶᠢ ᠵᠠᠰᠠᠬᠤ ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠰᠢᠤᠳᠠᠨ ᠤ ᠶᠠᠪᠤᠳᠠᠯ᠂ ᠢᠨᠲ᠋ᠧᠷ ᠰᠦᠯᠵᠢᠶ᠎ᠡ ᠵᠡᠷᠭᠡ 4 ᠵᠢᠵᠢᠭ ᠲᠣᠭᠤᠷᠢᠭ ᠤᠨ ᠪᠠᠶᠢᠭᠠᠯᠢ ᠶᠢᠨ ᠰᠢᠲᠠᠮᠠᠬᠠᠶ ᠬᠡᠢ ᠶᠢ ᠡᠷᠦᠬᠡ ᠳᠤ ᠣᠷᠣᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ︽ᠳᠤᠯᠠᠭᠠᠨ ᠬᠠᠩᠭᠠᠬᠤ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ 5.5 ᠺᠢᠯᠣᠮᠧᠳ᠋ᠷ ᠬᠠᠭᠤᠴᠢᠨ ᠬᠤᠭᠤᠯᠠᠶ ᠲᠣᠤᠷ ᠢ ᠰᠢᠨᠡᠳᠬᠡᠨ ᠥᠭᠡᠷᠡᠴᠢᠯᠡᠵᠦ᠂ ᠢᠯᠴᠢ ᠬᠠᠩᠭᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠬᠤᠲᠠ ᠪᠠᠯᠭᠠᠰᠤ ᠶᠢᠨ ᠨᠠᠷᠢᠯᠢᠭ ᠬᠠᠮᠢᠶᠠᠷᠤᠯᠲᠠ ᠶᠢ ᠴᠢᠩᠭᠠᠳᠬᠠᠵᠤ᠂ ᠠᠳᠠᠯ ᠠᠬᠤᠶ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠦᠨ᠂ ᠬᠤᠲᠠ ᠶᠢᠨ ᠳᠦᠷᠢ ᠲᠥᠷᠬᠦ ᠶᠢᠨ ᠡᠮᠬᠢ ᠵᠢᠷᠤᠮ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠬᠤᠲᠠ ᠶᠢᠨ ᠶᠠᠪᠤᠳᠠᠯ ᠤᠨ ᠪᠡᠯᠡᠳᠬᠡᠮᠵᠢ ᠵᠡᠷᠭᠡ ᠶᠢ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠬᠤᠲᠠ ᠪᠠᠯᠭᠠᠰᠤ ᠶᠢᠨ ᠴᠢᠨᠠᠷ ᠳᠡᠰ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃   ︵ᠵᠢᠷᠭᠤᠭ᠎ᠠ︶ ᠠᠷᠭ᠎ᠠ ᠪᠦᠬᠦᠨ ᠢ ᠰᠦᠪᠡᠭᠴᠢᠯᠡᠨ ᠠᠮᠤᠷ ᠲᠦᠪᠰᠢᠨ ᠢ ᠠᠳᠬᠤᠵᠤ᠂ ᠠᠶᠤᠯ ᠲᠦᠭᠰᠢᠭᠦᠷᠢ ᠶᠢ ᠰᠡᠷᠭᠡᠶᠢᠯᠡᠵᠦ᠂ ᠴᠢᠨᠠᠷ ᠰᠠᠶᠢᠲᠠᠢ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠴᠣᠭᠴᠠᠯᠠᠨ᠎ᠠ    ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ ᠠᠷᠢᠯᠭᠠᠨ᠎ᠠ᠃ ᠰᠤᠯᠠ ᠪᠠᠶᠢᠭ᠎ᠠ ᠡᠳ᠋ ᠬᠥᠷᠥᠩᠭᠡ ᠡᠬᠢ ᠪᠠᠶᠠᠯᠢᠭ ᠢ ᠠᠮᠢᠳᠤᠯᠢᠭ ᠪᠣᠯᠭᠠᠨ ᠰᠢᠢᠳᠪᠦᠷᠢᠯᠡᠬᠦ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠭᠤᠤᠯᠯᠠᠭᠴᠢ ᠡᠳ᠋ ᠬᠥᠷᠥᠩᠭᠡ ᠶᠢᠨ ᠢᠷᠡᠯᠲᠡ ᠶᠢ ᠪᠤᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠥᠷᠢ ᠰᠢᠷᠢ ᠠᠷᠢᠯᠭᠠᠬᠤ ᠪᠡᠯᠡ ᠮᠥᠩᠭᠦ ᠶᠢ ᠴᠤᠭᠯᠠᠭᠤᠯᠵᠤ᠂ ᠣᠨ ᠤ ᠥᠷᠢ ᠰᠢᠷᠢ ᠠᠷᠢᠯᠭᠠᠬᠤ ᠬᠠᠷᠠᠯᠲᠠ ᠶᠢ ᠡᠷᠡᠰ ᠪᠡᠶᠡᠯᠡᠭᠦᠯᠦᠨ᠎ᠡ᠃ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠵᠣᠭᠤᠰ ᠢ ᠦᠨᠡᠨᠬᠦ ︽ᠵᠠᠩᠭᠢᠯᠠᠭ᠎ᠠ ᠶᠢᠨ ᠭᠠᠵᠠᠷ︾ ᠲᠤ ᠬᠡᠷᠡᠭᠯᠡᠨ᠎ᠡ᠃ ᠲᠦᠭᠰᠢᠭᠦᠷᠢ ᠶᠡᠬᠡᠲᠡᠶ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠳᠠᠭᠠᠳᠬᠠᠯ ᠤᠨ ᠠᠵᠢᠯ ᠢ ᠠᠬᠢᠭᠤᠯᠵᠤ᠂ ᠰᠢᠰᠲ᠋ᠧᠮ ᠤᠨ ᠴᠢᠨᠠᠷᠲᠠᠶ ᠮᠥᠩᠭᠦᠨ ᠭᠦᠢᠯᠭᠡᠭᠡᠨ ᠤ ᠲᠦᠭᠰᠢᠭᠦᠷᠢ ᠡᠭᠦᠰᠬᠦ ᠥᠬᠡᠶ ᠪᠠᠶᠢᠬᠤ ᠶᠢ ᠦᠨᠡᠨ ᠬᠦ ᠪᠠᠲᠤᠯᠠᠨ᠎ᠠ᠃    ᠣᠯᠠᠨ ᠨᠡᠶᠢᠲᠡ ᠶᠢᠨ ᠠᠮᠤᠷ ᠲᠥᠪᠰᠢᠨ ᠢ ᠪᠠᠲᠤᠯᠠᠬᠤ ᠲᠥᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠬᠦᠨᠳᠦ ᠶᠡᠭᠡ ᠣᠨᠴᠠ ᠶᠡᠭᠡ ᠠᠮᠤᠷ ᠲᠦᠪᠰᠢᠨ ᠤ ᠠᠳᠡᠯ ᠢ ᠪᠦᠲᠦᠮᠵᠢᠲᠡᠢ ᠬᠤᠷᠢᠭᠯᠠᠨ᠎ᠠ᠃ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠡᠮᠦᠨ᠎ᠡ ᠦᠵᠦᠭᠦᠷ ᠤᠨ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠣᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠦᠨᠡᠨᠬᠦ ᠪᠠᠲᠤᠯᠠᠬᠤ ᠬᠡᠷᠡᠭᠲᠡᠢ᠃ ᠠᠪᠤᠷᠠᠨ ᠲᠤᠰᠠᠯᠠᠬᠤ ᠶᠡᠷᠦᠩᠬᠡᠢ ᠡᠳ᠋ ᠪᠣᠳᠠᠰ ᠨᠥᠭᠡᠴᠡᠯᠡᠬᠦ ᠬᠥᠮᠥᠷᠭᠡ ᠵᠢᠴᠢ ᠪᠣᠯᠪᠠᠰᠤᠷᠠᠯ ᠤᠨ ᠲᠥᠪ ᠢ ᠪᠠᠶᠢᠭᠤᠯᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠵᠤ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃    ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠤᠳᠤᠷᠢᠳᠬᠤ ᠺᠠᠳ᠋ᠷ ᠤᠨ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠬᠡᠷᠡᠭ ᠢ ᠳᠠᠭᠠᠭᠠᠴᠢᠯᠠᠬᠤ᠂ ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠰᠢᠢᠳᠪᠦᠷᠢᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠵᠥᠷᠢᠴᠡᠯ ᠵᠢᠭᠤᠷᠠᠯᠳᠤᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ᠂ ᠬᠤᠯᠪᠣᠭᠠᠯᠠᠨ ᠬᠥᠳᠡᠯᠦᠯᠴᠡᠵᠦ ᠰᠢᠢᠳᠪᠦᠷᠢᠯᠡᠬᠦ ᠲᠣᠭᠲᠠᠴᠠ ᠶᠢ ᠲᠠᠰᠤᠷᠠᠯᠳᠠ ᠦᠭᠡᠢ ᠪᠦᠷᠢᠨᠰᠢᠬᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠢᠳᠡᠪᠬᠢᠲᠡᠢ ᠪᠠᠷ ᠡᠭᠦᠳᠦᠨ ᠪᠠᠶᠢᠭᠤᠯᠤᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠵᠡᠷᠭᠡ ᠲᠤᠰᠬᠠᠶ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠰᠦᠯᠵᠢᠶᠡᠨ ᠤ ᠵᠢᠭᠰᠠᠭᠠᠯ ᠤᠨ ᠭᠠᠵᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ᠂ ᠨᠠᠰᠤᠵᠢᠯ ᠤᠨ ᠮᠡᠬᠡᠯᠡᠯ ᠬᠢᠬᠦ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ᠨᠡᠶᠢᠭᠡᠮ ᠤᠨ ᠠᠮᠤᠷ ᠲᠦᠪᠰᠢᠨ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠪᠠ ᠵᠠᠰᠠᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃   ᠲᠥᠯᠥᠭᠡᠯᠡᠭᠴᠢᠳ ᠡ᠂ ᠠᠶᠠᠨ ᠵᠠᠮ ᠤᠨ ᠬᠦᠨᠳᠦ ᠡᠭᠦᠷᠭᠡ ᠶᠢ ᠡᠭᠦᠷᠭᠡᠯᠡᠵᠦ ᠪᠠᠶᠢᠨ᠎ᠠ︕ ᠰᠢᠨ᠎ᠡ ᠠᠶᠠᠨ ᠵᠠᠮ ᠨᠢ ᠵᠠᠰᠠᠭ ᠤᠨ ᠣᠷᠳᠣᠨ ᠤ ᠠᠵᠢᠯ ᠳᠤ ᠨᠠᠩ ᠥᠨᠳᠥᠷ ᠱᠠᠭᠠᠷᠳᠠᠯᠭ᠎ᠠ ᠲᠠᠯᠪᠢᠵᠤ᠂ ᠪᠢᠳᠡ ᠰᠢᠯᠭᠠᠯᠲᠠ ᠳᠤ ᠣᠷᠣᠯᠴᠠᠬᠤ ᠰᠡᠷᠭᠡᠭ ᠪᠠ ᠣᠭ ᠰᠠᠨᠠᠭ᠎ᠠ ᠪᠠᠨ ᠡᠭᠦᠷᠢᠳᠡ ᠬᠠᠳᠠᠭᠠᠯᠠᠵᠤ᠂ ᠠᠷᠠᠳ ᠤᠨ ᠲᠥᠯᠥᠭᠡ ᠪᠠᠶᠢᠬᠤ ᠵᠣᠭᠰᠣᠯᠲᠠ ᠪᠠ ᠬᠠᠶᠢᠷ᠎ᠠ ᠰᠡᠳᠬᠢᠯᠭᠡ ᠶᠢ ᠪᠠᠲᠤ ᠰᠠᠬᠢᠵᠤ᠂ ᠦᠨᠡᠨ ᠬᠦ ᠪᠣᠳᠠᠲᠠᠶ ᠠᠵᠢᠯᠯᠠᠵᠤ᠂ ᠰᠢᠨ᠎ᠡ ᠵᠦᠢᠯ ᠢ ᠰᠦᠪᠡᠭᠴᠢᠯᠡᠵᠦ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃    ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠵᠤ᠂ ᠦᠨᠡᠨᠴᠢ ᠰᠢᠳᠤᠷᠭᠤ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠴᠢᠩᠭᠠᠳᠬᠠᠨ᠎ᠠ᠃ ᠨᠠᠮ ᠤᠨ ᠵᠠᠰᠠᠭ ᠤᠨ ᠣᠷᠳᠣᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠳᠠ ᠪᠣᠯᠤᠨ ᠰᠢᠶᠠᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠪᠦᠬᠦ ᠲᠠᠯ᠎ᠠ ᠪᠠᠷ ᠠᠬᠢᠭᠤᠯᠵᠤ᠂ ᠦᠨᠡᠨᠬᠦ ᠪᠣᠳᠠᠲᠠᠢ ᠠᠵᠢᠯᠯᠠᠬᠤ ᠪᠠᠷ ᠦᠨᠡᠨᠴᠢ ᠰᠢᠳᠤᠷᠭᠤ ᠶᠢ ᠲᠠᠶᠢᠯᠪᠤᠷᠢᠯᠠᠵᠤ᠂ ᠪᠣᠳᠠᠲᠤ ᠠᠮᠵᠢᠯᠲᠠ ᠪᠠᠷ ᠭᠤᠣᠯᠯᠠᠭᠴᠢ ᠶᠢ ᠬᠦᠷᠢᠶᠡᠯᠡᠬᠦ ᠬᠡᠷᠡᠭᠲᠡᠢ᠃    ᠬᠠᠤᠯᠢ ᠪᠠᠷ ᠵᠠᠰᠠᠬᠤ ᠡᠭᠦᠷᠭᠡᠯᠡᠯ ᠢᠶᠠᠨ ᠴᠢᠩᠭᠠᠳᠬᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠪᠠᠨ ᠨᠡᠮᠡᠭᠳᠡᠭᠦᠯᠦᠨ᠎ᠡ᠃ ᠵᠠᠰᠠᠭ ᠤᠨ ᠣᠷᠳᠣᠨ ᠤ ᠰᠢᠰᠲ᠋ᠧᠮ ᠤᠨ ᠬᠠᠤᠯᠢ ᠰᠤᠷᠬᠤ ᠳᠦᠷᠢᠮ ᠢ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ ᠠᠷᠠᠳᠴᠢᠯᠠᠯ ᠤᠨ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠡᠷᠴᠢᠮ ᠲᠠᠢ ᠪᠥᠭᠡᠳ ᠳᠤᠯᠠᠭᠠᠬᠠᠨ ᠪᠠᠶᠢᠯᠭᠠᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠴᠢᠨᠠᠷ ᠰᠠᠶᠢᠲᠠᠢ ᠭᠦᠢᠴᠡᠳᠬᠡᠪᠡ᠃ ᠵᠠᠰᠠᠭ ᠤᠨ ᠶᠠᠪᠤᠳᠠᠯ ᠢ ᠢᠯᠡ ᠪᠣᠯᠭᠠᠬᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠠᠵᠢᠯ ᠤᠨ ᠢᠯᠡ ᠲᠣᠳᠣ ᠶᠢᠨ ᠬᠡᠮᠵᠢᠶ᠎ᠡ᠂ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ᠃    ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠵᠤ᠂ ᠥᠨᠳᠥᠷ ᠪᠦᠲᠦᠮᠵᠢᠲᠡᠢ ᠨᠠᠶᠢᠳᠠᠪᠤᠷᠢᠵᠢᠭᠤᠯᠬᠤ ᠴᠢᠳᠠᠪᠤᠷᠢ ᠶᠢ ᠴᠢᠩᠭᠠᠷᠠᠭᠤᠯᠤᠨ᠎ᠠ᠃ ᠨᠠᠶᠢᠳᠠᠪᠤᠷᠢᠵᠢᠭᠤᠯᠤᠯᠲᠠ ᠶᠢ ᠢᠮᠠᠭᠲᠠ ᠵᠠᠰᠠᠭ ᠤᠨ ᠣᠷᠳᠣᠨ ᠤ ᠠᠵᠢᠯ ᠤᠨ ᠨᠢᠭᠡᠳᠦᠭᠡᠷ ᠱᠠᠭᠠᠷᠳᠠᠯᠭ᠎ᠠ ᠪᠣᠯᠭᠠᠵᠤ᠂ ︽ᠭᠤᠷᠪᠠᠨ ᠠᠷᠪᠢᠨ ᠭᠤᠷᠪᠠᠨ ᠴᠥᠭᠡᠨ︾ ᠠᠰᠠᠭᠤᠳᠠᠯ ᠢ ᠶᠡᠬᠡᠪᠡᠷ ᠰᠢᠶ᠋ᠳᠪᠦᠷᠢᠯᠡᠵᠦ᠂ ᠬᠦᠴᠢᠷᠲᠡᠶ ᠤᠴᠢᠷ ᠶᠠᠪᠤᠳᠠᠯ ᠢ ᠦᠨᠡᠨᠬᠦ ᠪᠦᠲᠦᠭᠡᠵᠦ᠂ ᠬᠢᠵᠦ ᠳᠡᠶᠢᠯᠬᠦ ᠤᠴᠢᠷ ᠶᠠᠪᠤᠳᠠᠯ ᠢ ᠰᠠᠶᠢᠲᠤᠷ ᠬᠢᠬᠦ ᠬᠡᠷᠡᠭᠲᠡᠶ᠃ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠬᠠᠯᠠᠮᠰᠢᠯ ᠣᠳᠠᠰᠣ 12345 ᠶᠢᠨ ᠬᠦᠴᠢᠷ ᠲᠦᠪᠡᠭᠲᠡᠶ ᠠᠵᠢᠯ ᠤᠨ ᠬᠠᠭᠤᠳᠠᠰᠤ ᠶᠢ ᠰᠢᠮᠳᠠᠭᠤᠯᠤᠨ ᠬᠦᠢᠴᠡᠳᠬᠡᠵᠦ ᠬᠠᠷᠢᠭᠤ ᠰᠤᠷᠪᠤᠯᠵᠢᠯᠠᠬᠤ ᠲᠣᠭᠲᠠᠴᠠ ᠶᠢ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠬᠠᠯᠠᠮᠵᠢᠯᠠᠨ ᠠᠩᠬᠠᠷᠴᠤ ᠪᠠᠶᠢᠭ᠎ᠠ ︽ᠪᠠᠴᠢᠮ ᠪᠡᠷᠬᠡ ᠵᠣᠪᠠᠨᠢᠯ︾ ᠠᠰᠠᠭᠤᠳᠠᠯ ᠢ ᠴᠠᠭ ᠲᠤᠬᠠᠶ ᠳᠤᠨᠢ ᠴᠤᠤᠷᠢᠶᠠᠲᠤᠨ ᠳᠠᠭᠠᠵᠤ᠂ ᠭᠤᠮᠣᠳᠠᠯ ᠱᠠᠭᠠᠷᠳᠠᠯᠭ᠎ᠠ ᠳᠤ ᠬᠠᠷᠢᠭᠤ ᠥᠭᠴᠦ᠂ ᠠᠵᠢᠯ ᠶᠠᠪᠤᠳᠠᠯ ᠬᠦᠢᠴᠡᠳᠬᠡᠬᠦ ᠳᠤ ᠦᠷ᠎ᠡ ᠪᠦᠲᠦᠮᠵᠢ ᠲᠠᠢ᠂ ᠦᠢᠯᠡᠴᠢᠯᠡᠭᠡ ᠳᠤ ᠬᠠᠯᠠᠭᠤᠨ ᠳᠤᠯᠠᠭᠠᠨ ᠪᠠᠶᠢᠬᠤ ᠶᠢ ᠪᠡᠶᠡᠯᠡᠭᠦᠯᠦᠨ᠎ᠡ᠃    ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠵᠤ᠂ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠲᠦᠯᠬᠢᠨ ᠠᠬᠢᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠰᠢᠨᠲᠠᠷᠠᠰᠢ ᠦᠭᠡᠢ ᠵᠠᠯᠠᠷᠠᠭᠤᠯᠤᠨ ᠵᠠᠰᠠᠨ᠎ᠠ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠳᠡᠮᠵᠢᠵᠦ᠂ ᠥᠴᠦᠬᠡᠨ ᠴᠦ ᠠᠭᠤᠴᠢᠯᠠᠬᠤ ᠦᠭᠡᠢ ᠣᠪᠣᠷ ᠢᠶᠠᠷ ᠢᠯᠵᠠᠷᠠᠯ ᠢ ᠡᠰᠡᠷᠭᠦᠴᠡᠨ ᠮᠠᠭᠤ ᠶᠢ ᠰᠢᠳᠬᠡᠵᠦ᠂ ᠺᠠᠳ᠋ᠷᠴᠤᠳ ᠢ ᠨᠡᠩ ᠲᠥᠪ ᠭᠤᠣᠯᠴᠢ᠂ ᠵᠠᠰᠠᠭ ᠤᠨ ᠣᠷᠳᠣᠨ ᠢ ᠨᠡᠩ ᠠᠷᠢᠭᠤᠨ ᠴᠢᠬᠡᠴᠢ ᠪᠣᠯᠭᠠᠨ᠎ᠠ᠃    ᠲᠥᠯᠥᠭᠡᠯᠡᠭᠴᠢᠳ ᠡ︕ ᠰᠠᠯᠬᠢᠨ ᠤ ᠦᠶ᠎ᠡ ᠳᠤ ᠲᠥᠪ ᠭᠤᠣᠯᠴᠢ᠂ ᠳᠠᠪᠠᠯᠭᠠᠨ ᠢ ᠰᠥᠷᠦᠨ ᠤᠷᠤᠭᠱᠢᠯᠠᠵᠤ᠂ ᠡᠭᠦᠷᠭᠡ ᠬᠦᠨᠳᠦ ᠵᠠᠮ ᠬᠤᠯᠠ ᠪᠣᠯ ᠮᠣᠷᠢᠨ ᠳᠤ ᠲᠠᠱᠢᠭᠤᠷ ᠨᠡᠮᠡᠨ᠎ᠡ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ︽ᠲᠡᠮᠡᠴᠡᠬᠦ︾ ᠵᠣᠷᠢᠭ ᠰᠠᠨᠠᠭ᠎ᠠ᠂ ︽ᠰᠢᠪᠲᠤᠯᠬᠤ︾ ᠡᠷᠴᠢ ᠵᠣᠷᠢᠭ᠂ ︽ᠪᠣᠳᠠᠲᠠᠢ︾ ᠡᠷᠴᠢ ᠵᠣᠷᠢᠭ ᠢᠶᠠᠷ᠂ ᠢᠲᠡᠭᠡᠯ ᠵᠣᠷᠢᠭ ᠢᠶᠠᠨ ᠪᠠᠲᠤᠳᠬᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠭᠠᠷᠮᠠᠭᠠᠶ ᠪᠡᠯᠡ ᠮᠥᠩᠭᠦ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2