ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠡᠭᠡᠷᠡᠬᠢ ᠵᠠᠭᠤᠴᠢ ᠦᠢᠯᠡᠴᠢᠯᠡᠭᠡᠨ ᠤ ᠬᠡᠲᠦ ᠳᠡᠯᠭᠡᠭᠦᠷ ᠰᠦᠯᠵᠢᠶᠡᠨ ᠳᠤ ᠭᠠᠷᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2025/2/19
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠡᠭᠡᠷᠡᠬᠢ ᠵᠠᠭᠤᠴᠢ ᠦᠢᠯᠡᠴᠢᠯᠡᠭᠡᠨ ᠤ ᠬᠡᠲᠦ ᠳᠡᠯᠭᠡᠭᠦᠷ 2022 ᠣᠨ ᠤ 5 ᠳ᠋ᠤᠭᠠᠷ ᠰᠠᠷ᠎ᠠ ᠠᠴᠠ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠣᠲᠣ ᠨᠢᠭᠡᠨᠲᠡ 4633 ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠳᠤ ᠵᠢᠩᠬᠢᠨᠢ ᠪᠠᠷ ᠣᠷᠣᠵᠤ ᠰᠠᠭᠤᠨ᠂ 122 ᠲᠥᠷᠥᠯ ᠤᠨ ᠵᠠᠭᠤᠴᠢ ᠦᠢᠯᠡᠴᠢᠯᠡᠭᠡᠨ ᠤ ᠵᠦᠢᠯᠡᠰ ᠲᠤ ᠬᠤᠯᠪᠣᠭᠳᠠᠵᠠᠶ᠃ ᠵᠠᠭᠤᠴᠢᠯᠠᠬᠤ ᠬᠡᠲᠦ ᠳᠡᠯᠭᠡᠭᠦᠷ ᠨᠢ ᠴᠢᠯᠥᠭᠡᠲᠡᠶ᠂ ᠵᠢᠷᠤᠮᠵᠢᠭᠰᠠᠨ᠂ ᠳᠥᠭᠦᠮ ᠳᠥᠲᠡ᠂ ᠥᠨᠳᠥᠷ ᠪᠦᠲᠦᠮᠵᠢᠲᠡᠶ ᠦᠢᠯᠡᠴᠢᠯᠡᠭᠡᠨ ᠤ ᠵᠣᠷᠢᠯᠲᠠ ᠶᠢᠨ ᠶᠣᠰᠣᠭᠠᠷ᠂ ᠨᠡᠶᠢᠭᠡᠮ ᠳᠠᠶᠠᠭᠠᠷ ᠲᠤ ᠬᠠᠤᠯᠢ ᠶᠣᠰᠣᠨ ᠤ ᠬᠢᠷᠢ ᠭᠡᠮ ᠲᠠᠢ ᠪᠠ ᠦᠨᠡᠨᠴᠢ ᠢᠲᠡᠭᠡᠮᠵᠢ ᠲᠠᠢ ᠵᠠᠭᠤᠴᠢᠯᠠᠬᠤ ᠪᠠᠶᠢᠭᠤᠯᠤᠮᠵᠢ ᠳᠤ ᠬᠠᠨᠳᠤᠭᠤᠯᠤᠨ ᠣᠷᠣᠵᠤ ᠰᠠᠭᠤᠬᠤ ᠦᠢᠯᠡᠴᠢᠯᠡᠭᠡ ᠬᠠᠩᠭᠠᠬᠤ ᠬᠡᠷᠡᠭᠲᠡᠶ᠃    ᠥᠪᠥᠷ ᠮᠣᠩᠭᠤᠯ ᠤᠨ ᠰᠦᠯᠵᠢᠶᠡᠨ ᠳᠡᠭᠡᠷᠡᠬᠢ ᠵᠠᠭᠤᠴᠢ ᠦᠢᠯᠡᠴᠢᠯᠡᠭᠡᠨ ᠤ ᠬᠡᠲᠦ ᠳᠡᠯᠭᠡᠭᠦᠷ ︽ᠨᠢᠭᠡᠳᠦᠯᠲᠡᠶ ᠪᠠᠷᠢᠮᠵᠢᠶ᠎ᠠ᠂ ᠨᠢᠭᠡᠳᠦᠯᠲᠡᠶ ᠵᠢᠷᠤᠮᠵᠢᠯ᠂ ᠨᠢᠭᠡᠳᠦᠯᠲᠡᠶ ᠲᠠᠪᠴᠠᠩ᠂ ᠡᠬᠢ ᠪᠠᠶᠠᠯᠢᠭ ᠢ ᠬᠠᠮᠲᠤ ᠪᠠᠷ ᠭᠥᠷᠳᠡᠬᠦ︾ ᠵᠠᠷᠴᠢᠮ ᠢ ᠵᠢᠷᠤᠮᠯᠠᠨ᠂ ︽ᠨᠢᠭᠡ ᠭᠠᠵᠠᠷ ᠲᠤ ᠣᠷᠣᠵᠤ ᠰᠠᠭᠤᠬᠤ᠂ ᠪᠥᠬᠦ ᠣᠷᠣᠨ ᠳᠤ ᠨᠡᠶᠢᠳᠡᠮ ᠬᠡᠷᠡᠭᠯᠡᠬᠦ᠂ ᠨᠢᠭᠡ ᠭᠠᠵᠠᠷ ᠲᠤ ᠢᠲᠡᠭᠡᠯ ᠢᠶᠠᠨ ᠠᠯᠳᠠᠬᠤ᠂ ᠪᠥᠬᠦ ᠣᠷᠣᠨ ᠳᠤ ᠶᠠᠪᠤᠬᠤ ᠶᠢ ᠴᠠᠭᠠᠵᠠᠯᠠᠬᠤ︾ ᠠᠵᠢᠯᠯᠠᠭᠠᠨ ᠤ ᠠᠷᠭ᠎ᠠ ᠮᠠᠶ᠋ᠢᠭ ᠢ ᠬᠡᠷᠡᠭᠵᠢᠭᠦᠯᠬᠦ ᠪᠠᠷ ᠳᠠᠮᠵᠢᠭᠤᠯᠤᠨ᠂ ᠣᠷᠣᠨ ᠪᠦᠰᠡ ᠶᠢᠨ ᠴᠢᠨᠠᠷᠲᠠᠶ᠂ ᠠᠵᠢᠯ ᠲᠥᠷᠥᠯ ᠤᠨ ᠴᠢᠨᠠᠷᠲᠠᠶ ᠠᠵᠢᠯ ᠡᠷᠭᠢᠯᠡᠬᠦ ᠬᠢᠵᠠᠭᠠᠷᠯᠠᠯ ᠢ ᠬᠡᠷᠡᠭᠵᠢᠭᠦᠯᠬᠦ ᠦᠭᠡᠢ᠂ ᠭᠠᠵᠠᠷ ᠣᠷᠣᠨ ᠤ ᠰᠢᠯᠲᠠᠭᠠᠨ ᠠᠴᠠ ᠪᠣᠯᠵᠣ ᠢᠯᠭᠠᠭ᠎ᠠ ᠲᠠᠢ ᠬᠠᠨᠳᠤᠬᠤ ᠦᠭᠡᠢ᠂ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠶᠢ ᠰᠣᠩᠭᠤᠨ ᠠᠪᠬᠤ ᠠᠵᠢᠯᠯᠠᠭ᠎ᠠ ᠳᠤ ᠭᠠᠷ ᠲᠦᠷᠦᠭᠦ ᠦᠭᠡᠢ᠃ ᠡᠭᠦᠨ ᠤ ᠬᠠᠮᠲᠤ᠂ ᠬᠤᠳᠠᠯᠳᠤᠨ ᠠᠪᠤᠭᠴᠢ ᠵᠠᠭᠤᠴᠢ ᠪᠠᠶᠢᠭᠤᠯᠤᠮᠵᠢ ᠶᠢᠨ ᠦᠢᠯᠡᠴᠢᠯᠡᠭᠡᠨ ᠤ ᠶᠠᠰᠤ ᠴᠢᠨᠠᠷ᠂ ᠦᠢᠯᠡᠴᠢᠯᠡᠭᠡᠨ ᠤ ᠬᠦᠴᠦᠨ ᠲᠠᠢ ᠬᠤᠭᠤᠴᠠᠭ᠎ᠠ᠂ ᠦᠢᠯᠡᠴᠢᠯᠡᠭᠡᠨ ᠤ ᠣᠪᠣᠷ᠂ ᠦᠢᠯᠡᠴᠢᠯᠡᠭᠡᠨ ᠤ ᠰᠦᠢᠳᠬᠡᠯ ᠬᠤᠷᠢᠶᠠᠬᠤ ᠪᠠ ᠦᠢᠯᠡᠴᠢᠯᠡᠭᠡᠨ ᠤ ᠵᠢᠷᠤᠮᠵᠢᠯ ᠵᠡᠷᠭᠡ ᠲᠠᠯ᠎ᠠ ᠪᠠᠷ ᠬᠠᠨᠤᠮᠵᠢ ᠶᠢᠨ ᠬᠡᠮᠵᠢᠶ᠎ᠡ ᠶᠢᠨ ᠦᠨᠡᠯᠡᠯᠲᠡ ᠬᠢᠬᠦ ᠪᠠᠷ ᠳᠠᠮᠵᠢᠭᠤᠯᠤᠨ᠂ ᠦᠨᠡᠯᠡᠯᠲᠡ ᠶᠢ ︽ᠮᠠᠰᠢ ᠬᠠᠨᠤᠮᠵᠢᠲᠠᠢ︾᠂ ︽ᠰᠡᠳᠬᠢᠯ ᠬᠠᠨᠤᠮᠵᠢᠲᠠᠶ ᠪᠠᠶᠢᠬᠤ︾᠂ ︽ᠮᠠᠰᠢ ᠰᠡᠳᠬᠢᠯ ᠬᠠᠨᠤᠮᠵᠢᠲᠠᠶ ᠪᠠᠶᠢᠬᠤ︾ ᠲᠠᠪᠤᠨ ᠳᠡᠰ ᠬᠤᠪᠢᠶᠠᠬᠤ ᠶᠢᠨ ᠬᠠᠮᠲᠤ 5 ᠬᠤᠪᠢ ᠶᠢᠨ ᠳᠦᠷᠢᠮ ᠤᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮ ᠭᠡᠵᠦ ᠬᠤᠪᠢᠶᠠᠵᠤ᠂ ᠢᠲᠡᠭᠡᠮᠵᠢ ᠶᠢᠨ ᠵᠡᠷᠭᠡ ᠳᠡᠰ ᠢᠶᠠᠷ ᠨᠡᠯᠢᠶᠡᠳ ᠳᠣᠤᠷ᠎ᠠ ᠵᠠᠭᠤᠴᠢ ᠪᠠᠶᠢᠭᠤᠯᠤᠮᠵᠢ ᠳᠤ ᠲᠦᠭᠰᠢᠭᠦᠷᠢᠲᠦ ᠲᠥᠷᠥᠭᠳᠡᠯ ᠲᠠᠢ ᠪᠣᠯᠭᠠᠵᠤ᠂ ᠡᠯ᠎ᠡ ᠲᠥᠷᠥᠯ ᠤᠨ ᠵᠠᠭᠤᠴᠢ ᠪᠠᠶᠢᠭᠤᠯᠤᠮᠵᠢ ᠶᠢ ᠤᠯᠠᠮ ᠨᠢᠭᠡ ᠠᠯᠬᠤᠮ ᠭᠡᠳᠡᠷᠭᠦ ᠰᠢᠬᠠᠮᠳᠠᠭᠤᠯᠵᠤ ᠪᠠᠶᠢᠭᠠᠳ ᠥᠪᠡᠷ ᠤᠨ ᠦᠢᠯᠡᠴᠢᠯᠡᠭᠡᠨ ᠤ ᠶᠠᠰᠤ ᠴᠢᠨᠠᠷ ᠪᠠ ᠢᠲᠡᠭᠡᠮᠵᠢ ᠶᠢᠨ ᠬᠡᠮᠵᠢᠶ᠎ᠡ ᠶᠢ ᠦᠨᠳᠦᠰᠦᠨ ᠠᠴᠠ ᠨᠢ ᠳᠡᠭᠡᠭᠰᠢᠯᠡᠭᠦᠯᠵᠦ᠂ ᠲᠣᠰ ᠪᠡᠶ᠎ᠡ ᠶᠢᠨ ᠦᠢᠯᠡᠴᠢᠯᠡᠭᠡᠨ ᠤ ᠴᠢᠳᠠᠪᠤᠷᠢ ᠪᠠ ᠲᠤᠰᠬᠠᠶ ᠮᠡᠷᠭᠡᠵᠢᠯ ᠤᠨ ᠴᠢᠳᠠᠪᠤᠷᠢ ᠶᠢᠨ ᠳᠠᠪᠠᠭᠤᠯᠢᠭ ᠲᠠᠭᠠᠨ ᠲᠦᠰᠢᠭᠯᠡᠨ ᠲᠤᠬᠠᠶ ᠶᠢᠨ ᠭᠠᠵᠠᠷ ᠲᠠᠬᠢ ᠠᠯᠳᠠᠷᠰᠢᠯ ᠪᠠ ᠢᠲᠡᠭᠡᠮᠵᠢ ᠶᠢᠨ ᠮᠠᠭᠲᠠᠭᠠᠯ ᠰᠠᠶᠢᠰᠢᠶᠠᠯ ᠢ ᠪᠣᠶ ᠪᠣᠯᠭᠠᠬᠤ ᠬᠡᠷᠡᠭᠲᠡᠶ᠃    ᠥᠪᠥᠷ ᠮᠣᠩᠭᠤᠯ ᠤᠨ ᠰᠦᠯᠵᠢᠶᠡᠨ ᠳᠡᠭᠡᠷᠡᠬᠢ ᠵᠠᠭᠤᠴᠢ ᠬᠡᠲᠦ ᠳᠡᠯᠭᠡᠭᠦᠷ ︽ᠲᠤᠤ ᠪᠦᠦ︾ ︽ᠬᠡᠲᠦ ᠳᠡᠯᠭᠡᠭᠦᠷ ︾ ᠤᠨ ᠬᠠᠮᠢᠶᠠᠷᠤᠯᠲᠠ ᠪᠠ ᠦᠢᠯᠡᠴᠢᠯᠡᠭᠡᠨ ᠤ ᠣᠨᠣᠯᠵᠢᠬᠤᠨ ᠢᠶᠠᠷ ᠲᠣᠯᠢ ᠪᠣᠯᠭᠠᠵᠤ᠂ ᠬᠤᠳᠠᠯᠳᠤᠨ ᠠᠪᠤᠭᠴᠢ ᠨᠢ ᠡᠵᠡᠨ ᠮᠡᠳᠡᠬᠦ᠂ ᠲᠠᠰᠢᠷᠠᠮ ᠢᠶᠠᠷ ᠮᠡᠳᠡᠭᠦᠯᠬᠦ᠂ ᠦᠨ᠎ᠡ ᠮᠡᠳᠡᠭᠦᠯᠬᠦ᠂ ᠦᠨ᠎ᠡ ᠥᠷᠢᠰᠦᠯᠳᠦᠬᠦ ᠵᠡᠷᠭᠡ 4 ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠵᠠᠭᠤᠴᠢ ᠦᠢᠯᠡᠴᠢᠯᠡᠭᠡᠨ ᠤ ᠬᠡᠲᠦ ᠳᠡᠯᠭᠡᠭᠦᠷ ᠠᠴᠠ ᠵᠠᠭᠤᠴᠢ ᠪᠠᠶᠢᠭᠤᠯᠤᠮᠵᠢ ᠶᠢ ᠰᠣᠩᠭᠤᠨ᠎ᠠ᠂ ᠵᠢᠱᠢᠶᠡᠯᠡᠪᠡᠯ᠄ ᠲᠥᠷᠥᠯ ᠵᠦᠢᠯ ᠤᠨ ᠥᠮᠴᠢᠲᠡᠨ ᠥᠪᠡᠰᠦᠪᠡᠨ ᠡᠷᠢᠵᠦ ᠪᠣᠯᠬᠤ᠂ ᠣᠯᠠᠨ ᠲᠠᠯ᠎ᠠ ᠪᠠᠷ ᠬᠠᠷᠢᠴᠠᠭᠤᠯᠤᠭᠰᠠᠨ ᠤ ᠳᠠᠷᠠᠭ᠎ᠠ ᠬᠠᠮᠤᠭ ᠤᠨ ᠬᠠᠨᠤᠮᠵᠢᠲᠠᠶ ᠵᠠᠭᠤᠴᠢ ᠪᠠᠶᠢᠭᠤᠯᠤᠮᠵᠢ ᠶᠢ ᠰᠢᠭᠤᠳ ᠰᠣᠩᠭᠤᠵᠤ ᠲᠡᠭᠦᠨ ᠳᠤ ᠦᠢᠯᠡᠴᠢᠯᠡᠨ᠎ᠡ᠂ ᠡᠰᠡᠬᠦᠯ᠎ᠡ ᠥᠪᠥᠷ ᠮᠣᠩᠭᠤᠯ ᠤᠨ ᠰᠦᠯᠵᠢᠶᠡᠨ ᠳᠡᠭᠡᠷᠡᠬᠢ ᠵᠠᠭᠤᠴᠢ ᠦᠢᠯᠡᠴᠢᠯᠡᠭᠡᠨ ᠤ ᠬᠡᠲᠦ ᠳᠡᠯᠭᠡᠭᠦᠷ ᠲᠤ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ᠶᠢ ᠨᠡᠶᠢᠲᠡᠯᠡᠵᠦ᠂ ᠬᠠᠮᠢᠶ᠎ᠠ ᠪᠥᠬᠦᠶ ᠵᠠᠭᠤᠴᠢ ᠪᠠᠶᠢᠭᠤᠯᠤᠮᠵᠢ ᠨᠢ ᠲᠥᠷᠥᠯ ᠵᠦᠢᠯ ᠤᠨ ᠠᠯᠪᠠᠨ ᠵᠠᠷ ᠢ ᠦᠨᠳᠦᠰᠦᠯᠡᠨ ︽ᠥᠷᠢᠰᠥᠯᠳᠦᠭᠦᠯᠬᠦ︾ ᠠᠷᠠᠯᠵᠢᠶ᠎ᠠ ᠲᠣᠭᠲᠠᠵᠤ᠂ ᠬᠤᠳᠠᠯᠳᠤᠨ ᠠᠪᠬᠤ ᠲᠠᠯ᠎ᠠ ᠶᠢᠨ ᠣᠯᠠᠨ ᠶᠠᠩᠵᠤ ᠶᠢᠨ ᠰᠣᠩᠭᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ ᠮᠥᠷᠲᠡᠭᠡᠨ ᠪᠠᠰᠠ ᠵᠠᠭᠤᠴᠢ ᠦᠢᠯᠡᠴᠢᠯᠡᠭᠡᠨ ᠤ ᠲᠥᠪ ᠭᠤᠤᠯᠴᠢ᠂ ᠢᠯᠡ ᠲᠣᠳᠣ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠢᠯᠡᠷᠡᠭᠦᠯᠪᠡ᠃ ᠲᠥᠷᠥᠯ ᠵᠦᠢᠯ ᠤᠨ ᠥᠮᠴᠢᠲᠡᠨ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠤᠳᠠᠯᠳᠤᠨ ᠠᠪᠬᠤ ᠠᠯᠪᠠᠨ ᠵᠠᠷ ᠨᠡᠶᠢᠲᠡᠯᠡᠵᠦ᠂ ᠥᠷᠭᠡᠨ ᠣᠯᠠᠨ ᠵᠠᠭᠤᠴᠢ ᠪᠠᠶᠢᠭᠤᠯᠤᠮᠵᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠡᠭᠡᠷᠡᠬᠢ ᠵᠠᠭᠤᠴᠢ ᠦᠢᠯᠡᠴᠢᠯᠡᠭᠡᠨ ᠤ ᠬᠡᠲᠦ ᠳᠡᠯᠭᠡᠭᠦᠷ ᠢ ᠦᠷᠭᠦᠯᠵᠢᠯᠡᠨ ᠠᠩᠬᠠᠷᠬᠤ ᠶᠢᠨ ᠬᠠᠮᠲᠤ᠂ ᠥᠷᠭᠡᠨ ᠣᠯᠠᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠳᠤ ᠳᠠᠩᠰᠠᠯᠠᠭᠤᠯᠤᠨ ᠪᠦᠷᠢᠳᠬᠡᠭᠦᠯᠵᠦ᠂ ︽ᠰᠦᠯᠵᠢᠶᠡᠨ ᠳᠡᠭᠡᠷᠡᠬᠢ ᠵᠠᠭᠤᠴᠢ ᠦᠢᠯᠡᠴᠢᠯᠡᠭᠡᠨ ᠤ ᠬᠡᠲᠦ ᠳᠡᠯᠭᠡᠭᠦᠷ︾ ᠢ ᠬᠡᠷᠡᠭᠯᠡᠨ ᠲᠤᠬᠠᠶᠢᠯᠠᠭᠰᠠᠨ ᠠᠵᠢᠯ ᠥᠷᠨᠢᠭᠦᠯᠬᠦ ᠶᠢ ᠪᠠᠶᠠᠷᠯᠠᠨ ᠤᠭᠲᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2