ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢ ᠤᠷᠢᠳᠠᠪᠠᠷ ᠬᠡᠷᠡᠭᠵᠢᠭᠦᠯᠬᠦ ᠵᠠᠮ ᠤᠨ ᠪᠦᠲᠦᠭᠡᠨ ᠪᠠᠶᠢᠭᠤᠯᠤᠯᠲᠠ ᠠᠷᠠᠳ ᠤᠨ ᠰᠡᠳᠬᠢᠯ ᠢ ᠲᠤᠯᠠᠭᠠᠴᠠᠭᠤᠯᠪᠠ
ᠨᠡᠶᠢᠲᠡᠯᠡᠭᠰᠡᠨ ᠴᠠᠭ᠄
2025/2/20
    ᠬᠥᠳᠡᠭᠡ ᠲᠣᠰᠬᠤᠨ ᠤ ᠵᠠᠰᠠᠮᠠᠯ ᠵᠠᠮ ᠢ ᠰᠠᠶᠢᠲᠤᠷ ᠪᠠᠶᠢᠭᠤᠯᠬᠤ ᠪᠣᠯ ᠬᠥᠳᠡᠭᠡ ᠲᠣᠰᠬᠤᠨ ᠤ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠨᠡᠩ ᠴᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠤᠰᠢᠭᠤᠴᠢ ᠠᠷᠭ᠎ᠠ ᠬᠡᠮᠵᠢᠶ᠎ᠡ ᠮᠥᠨ᠃ ᠣᠶᠢᠷ᠎ᠠ ᠶᠢᠨ ᠵᠢᠯ ᠠᠴᠠ᠂ ᠵᠦᠸᠧᠽᠢ ᠰᠢᠶᠠᠨ ᠪᠦᠲᠦᠭᠡᠨ ᠪᠠᠶᠢᠭᠤᠯᠤᠯᠲᠠ ᠶᠢᠨ ᠣᠷᠣᠭᠤᠯᠤᠯᠲᠠ ᠪᠠᠨ ᠲᠠᠰᠤᠷᠠᠯᠲᠠ ᠦᠭᠡᠢ ᠨᠡᠮᠡᠭᠳᠡᠭᠦᠯᠵᠦ᠂ ᠬᠥᠳᠡᠭᠡ ᠲᠣᠰᠬᠤᠨ ᠤ ᠵᠠᠮ ᠤᠨ ᠲᠣᠣᠷ ᠢ ᠤᠷᠲᠤᠳᠬᠠᠵᠤ᠂ ᠬᠥᠳᠡᠭᠡ ᠲᠣᠰᠬᠤᠨ ᠤ ᠶᠠᠪᠤᠵᠤ ᠰᠠᠭᠤᠬᠤ ᠨᠥᠬᠦᠴᠡᠯ ᠪᠣᠯᠣᠨ ᠦᠢᠯᠡᠴᠢᠯᠡᠭᠡᠨ ᠤ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠤᠯᠠᠨ ᠲᠦᠮᠡᠨ ᠤ ᠣᠷᠣᠵᠤ ᠭᠠᠷᠬᠤ ᠶᠢ ᠰᠠᠶᠢᠨ ᠵᠠᠮ ᠲᠠᠢ᠂ ᠠᠵᠤ ᠦᠢᠯᠡᠰ ᠢᠶᠠᠷ ᠭᠠᠷᠬᠤ ᠵᠠᠮ ᠲᠠᠢ᠂ ᠪᠠᠶᠠᠵᠢᠬᠤ ᠠᠷᠭ᠎ᠠ ᠵᠠᠮ ᠲᠠᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠬᠤᠷᠳᠤᠴᠠ ᠶᠢ ᠲᠦᠷᠭᠡᠳᠬᠡᠵᠦ︾ ᠪᠠᠶᠢᠨ᠎ᠠ᠃    ᠵᠦᠸᠧᠽᠢ ᠱᠠᠨ ᠪᠠᠯᠭᠠᠰᠤᠨ ᠤ ᠰᠦᠵᠢ ᠲᠣᠰᠬᠤᠨ ᠳᠤ ᠬᠦᠷᠬᠦ ᠳᠤ᠂ ᠰᠢᠨ᠎ᠡ ᠪᠠᠷ ᠪᠠᠶᠢᠭᠤᠯᠤᠭᠰᠠᠨ ᠬᠥᠳᠡᠭᠡ ᠲᠣᠰᠬᠤᠨ ᠤ ᠵᠠᠰᠠᠮᠠᠯ ᠵᠠᠮ ᠥᠷᠭᠡᠨ ᠳᠠᠷᠳᠠᠩ ᠲᠡᠭᠰᠢ ᠪᠠᠶᠢᠵᠤ᠂ ᠡᠷᠬᠢᠨ ᠲᠣᠭᠤᠷᠢᠨ ᠤ ᠲᠣᠰᠬᠤᠨ ᠢᠶᠠᠨ ᠬᠤᠯᠪᠣᠵᠠᠶ᠃ ᠥᠩᠭᠡᠷᠡᠭᠰᠡᠨ ᠳᠤ᠂ ᠠᠳᠡ ᠴᠥᠮ ᠤᠳᠠᠭᠠᠨ ᠵᠢᠯ ᠵᠠᠰᠠᠭᠰᠠᠨ ᠦᠭᠡᠢ᠂ ᠡᠩᠬᠦᠯ ᠳᠤᠩᠬᠤᠯ ᠬᠠᠶᠢᠷ ᠴᠢᠯᠠᠭᠤᠨ ᠵᠠᠮ ᠪᠠᠶᠢᠭᠰᠠᠨ ᠪᠥᠭᠡᠳ ᠵᠠᠮ ᠤᠨ ᠨᠢᠭᠤᠷ ᠤᠨ ᠥᠷᠭᠡᠴᠡ ᠬᠦᠷᠦᠯᠴᠡᠬᠦ ᠦᠭᠡᠢ᠂ ᠲᠣᠰᠬᠤᠨ ᠤ ᠠᠷᠠᠳ ᠭᠠᠳᠠᠭᠰᠢ ᠭᠠᠷᠬᠤ ᠳᠤ ᠲᠦᠢᠯ ᠤᠨ ᠳᠥᠭᠦᠮ ᠦᠭᠡᠢ ᠪᠠᠶᠢᠪᠠ᠃ ᠣᠳᠣᠬᠠᠨ ᠳᠤ᠂ ᠰᠢᠨ᠎ᠡ ᠪᠠᠷ ᠪᠠᠶᠢᠭᠤᠯᠤᠭᠰᠠᠨ ᠪᠥᠬᠦ ᠣᠷᠳᠣ ᠨᠢ 5 ᠺᠢᠯᠣᠮᠧᠳ᠋ᠷ᠂ 4.5 ᠮᠧᠳ᠋ᠷ ᠥᠷᠭᠡᠨ ᠬᠠᠲᠠᠭᠤᠷᠠᠭᠤᠯᠤᠭᠰᠠᠨ ᠵᠠᠮ ᠢ ᠰᠢᠭᠤᠳ ᠬᠡᠷ ᠤᠨ ᠡᠭᠦᠳᠡᠨ ᠳᠤ ᠬᠦᠷᠲᠡᠯ᠎ᠡ ᠵᠠᠰᠠᠵᠤ᠂ ᠣᠯᠠᠨ ᠲᠦᠮᠡᠨ ᠢ ᠴᠡᠯᠮᠡᠭ ᠡᠳᠦᠷ ᠨᠢᠭᠡ ᠪᠡᠶ᠎ᠡ ᠰᠢᠷᠣᠶ ᠠᠴᠠ ᠲᠦᠢᠯᠪᠤᠷᠢᠳᠠᠢ ᠰᠠᠯᠭᠠᠵᠤ᠂ ᠪᠣᠷᠣᠭᠠᠨ ᠲᠠᠢ ᠡᠳᠦᠷ ᠨᠢᠭᠡ ᠪᠡᠶ᠎ᠡ ᠰᠢᠪᠠᠷ ᠪᠠᠯᠴᠢᠭ ᠪᠣᠯᠤᠭᠰᠠᠨ ᠲᠡᠦᠬᠡ ᠠᠴᠠ ᠲᠦᠢᠯᠪᠤᠷᠢᠳᠠᠢ ᠪᠣᠯᠭᠠᠪᠠ᠃ ᠲᠣᠰ ᠲᠥᠷᠥᠯ ᠵᠦᠢᠯ ᠤᠨ ᠠᠵᠢᠯ ᠳᠠᠭᠤᠰᠤᠭᠰᠠᠨ ᠨᠢ᠂ ᠡᠯ᠎ᠡ ᠲᠣᠰᠬᠤᠨ ᠤ ᠬᠤᠭᠤᠷᠣᠨᠳᠣᠬᠢ ᠵᠠᠮ ᠨᠡᠪᠲᠡᠷᠡᠯᠭᠡ ᠶᠢᠨ ᠦᠷ᠎ᠡ ᠪᠦᠲᠦᠮᠵᠢ ᠶᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠬᠤᠲᠠ ᠬᠥᠳᠡᠭᠡ ᠶᠢᠨ ᠬᠤᠭᠤᠷᠣᠨᠳᠣᠬᠢ ᠵᠠᠮ ᠬᠠᠷᠢᠯᠴᠠᠭᠠᠨ ᠤ ᠶᠠᠪᠤᠯᠴᠠᠭ᠎ᠠ ᠪᠠ ᠠᠵᠤ ᠠᠬᠤᠶ ᠶᠢᠨ ᠬᠥᠭᠵᠢᠯᠲᠡ ᠶᠢ ᠤᠯᠠᠮ ᠨᠢᠭᠡ ᠠᠯᠬᠤᠮ ᠳᠠᠶᠢᠴᠢᠯᠠᠵᠤ᠂ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠪᠡ᠃     ᠵᠦᠸᠧᠽᠢ ᠠᠭᠤᠯᠠ ᠪᠠᠯᠭᠠᠰᠤ ᠶᠢᠨ ᠰᠦᠵᠢ ᠲᠤᠰᠬᠤᠨ ᠤ ᠰᠢ ᠸᠠᠨ ᠽᠢ ᠪᠠᠶᠢᠭᠠᠯᠢᠭ ᠲᠤᠰᠬᠤᠨ ᠤ ᠠᠷᠠᠳ ᠴᠢᠶᠤᠤ ᠹᠦ᠋ ᠱᠧᠩ    ᠥᠩᠭᠡᠷᠡᠭᠰᠡᠨ ᠳᠤ ᠮᠠᠨ ᠤ ᠡᠨᠡ ᠵᠠᠮ ᠬᠤᠲᠣᠭᠤᠷ ᠭᠠᠵᠠᠷ ᠪᠠᠢᠭᠰᠠᠨ᠂ ᠢᠯᠠᠩᠭᠤᠶ᠎ᠠ ᠪᠣᠷᠣᠭᠠᠨ ᠲᠠᠢ ᠡᠳᠦᠷ᠂ ᠵᠠᠮ ᠬᠥᠭᠡᠭᠡᠭᠰᠡᠨ ᠪᠣᠯ ᠪᠥᠷ ᠶᠡᠭᠡ ᠬᠦᠴᠢᠷᠳᠡᠵᠦ ᠪᠠᠢᠪᠠ᠃ ᠣᠳᠣ ᠵᠠᠮ ᠳᠡᠪᠢᠰᠬᠦ ᠨᠢ ᠥᠷᠭᠡᠨ ᠮᠥᠷᠲᠡᠭᠡᠨ ᠲᠡᠭᠱᠢ᠂ ᠱᠦᠢᠨᠢ ᠵᠠᠮ ᠢ ᠠᠢᠯ ᠠᠢᠯ ᠤᠨ ᠡᠭᠦᠳᠡᠨ ᠳᠤ ᠬᠦᠷᠲᠡᠯ᠎ᠡ ᠱᠢᠭᠤᠳ ᠵᠠᠰᠠᠵᠠᠢ᠂ ᠲᠡᠷᠭᠡ ᠵᠢᠯᠣᠭᠤᠳᠤᠭᠰᠠᠨ ᠴᠤ᠋ ᠲᠡᠷᠡ᠂ ᠪᠠᠰᠠ ᠯᠠ ᠲᠡᠷᠭᠡ ᠤᠨᠤᠭᠰᠠᠨ ᠴᠤ᠋ ᠲᠡᠷᠡ᠂ ᠶᠠᠪᠤᠵᠤ ᠰᠠᠭᠤᠬᠤ ᠳᠤ ᠪᠦᠷ ᠲᠣᠩ ᠳᠥᠭᠦᠮ᠂ ᠡᠨᠡ ᠵᠠᠮ ᠶᠡᠭᠡ ᠰᠠᠢᠨ ᠵᠠᠰᠠᠵᠤ ᠪᠠᠢᠨ᠎ᠠ᠃    ᠬᠥᠳᠡᠭᠡ ᠲᠣᠰᠬᠤᠨ ᠤ ᠵᠠᠰᠠᠮᠠᠯ ᠵᠠᠮ ᠨᠢ ᠠᠷᠠᠳ ᠤᠨ ᠠᠮᠢᠳᠤᠷᠠᠯ ᠲᠠᠢ ᠬᠤᠯᠪᠣᠭᠳᠠᠵᠤ᠂ ᠠᠷᠠᠳ ᠤᠨ ᠰᠡᠳᠬᠢᠯ ᠢ ᠬᠤᠯᠪᠣᠵᠤ ᠪᠠᠶᠢᠳᠠᠭ᠃ ᠡᠨᠡ ᠵᠢᠯ᠂ ᠵᠦᠸᠧᠽᠢ ᠰᠢᠶᠠᠨ ᠤ ᠬᠢᠨ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠵᠦ᠂ ᠬᠥᠳᠡᠭᠡ ᠲᠣᠰᠬᠤᠨ ᠤ ᠭᠠᠵᠠᠷ ᠣᠷᠣᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠳᠥᠭᠦᠮ ᠳᠥᠲᠡ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠢ ᠦᠨᠡᠨᠬᠦ ᠠᠷᠠᠳ ᠣᠯᠠᠨ ᠤ ᠰᠡᠳᠬᠢᠯ ᠢ ᠠᠮᠤᠷᠵᠢᠭᠤᠯᠬᠤ ᠵᠠᠮ᠂ ᠪᠠᠶᠠᠵᠢᠬᠤ ᠵᠠᠮ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠲᠠᠰᠤᠷᠠᠯᠲᠠ ᠦᠭᠡᠢ ᠵᠠᠮ ᠬᠠᠷᠢᠯᠴᠠᠭᠠᠨ ᠤ ᠲᠤᠯᠭᠠᠭᠤᠷᠢᠯᠠᠯ ᠬᠠᠩᠭᠠᠬᠤ ᠪᠣᠯᠣᠨ᠎ᠠ᠃                       ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2