2 ᠰᠠᠷ᠎ᠠ ᠶᠢᠨ 17 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠶᠤᠤ ᠬᠠᠶ ᠮᠢᠩ ᠳ᠋ᠡ ᠢᠦᠶ ᠱᠤ᠋ ᠰᠢᠶᠠᠩ ᠳᠤ ᠭᠦᠨᠵᠡᠭᠡᠶᠢᠷᠡᠨ ᠵᠦᠸᠧᠽᠢ ᠰᠢᠶᠠᠨ ᠤ ᠾᠧᠦ ᠹᠠᠩ | ᠽᠢ ᠲᠣᠰᠬᠤᠨ ᠤ ᠣᠲᠣ ᠦᠶ᠎ᠡ ᠶᠢᠨ ᠲᠠᠷᠢᠶᠠᠯᠠᠩ ᠤᠨ ᠲᠠᠰ ᠳᠡᠪᠰᠢᠭᠦᠯᠬᠦ ᠲᠥᠷᠥᠯ ᠵᠦᠢᠯ᠂ ᠵᠦᠸᠧᠽᠢ ᠰᠢᠶᠠᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠦᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠵᠦᠸᠧᠽᠢ ᠰᠢᠶᠠᠨ ᠤ ᠮᠢᠺᠷᠣᠪ ᠤᠨ ᠰᠢᠩᠭᠡᠨ ᠪᠡᠶᠡᠲᠦ | ᠪᠠᠺᠲ᠋ᠧᠷᠢ ᠶᠢᠨ ᠳᠠᠷᠢᠬᠤ ᠦᠢᠯᠡᠳᠪᠦᠷᠢᠯᠡᠯ ᠤᠨ ᠱᠤᠭᠤᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠵᠤ ᠵᠢᠯᠣᠭᠤᠳᠪᠠ᠃ | | ᠪᠠᠶᠢᠴᠠᠭᠠᠨ ᠰᠤᠳᠤᠯᠤᠯᠲᠠ ᠶᠢᠨ ᠳᠤᠮᠳᠠ᠂ ᠶᠤᠤ ᠬᠠᠶ ᠮᠢᠩ ᠰᠢᠶᠠᠩ ᠪᠠᠯᠭᠠᠰᠤ᠂ ᠲᠣᠰᠬᠤᠨ ᠪᠣᠯᠤᠨ ᠠᠵᠤ | ᠠᠬᠤᠶᠢᠯᠠᠯ ᠤᠨ ᠬᠠᠷᠢᠭᠤᠴᠠᠯᠭᠠᠲᠠᠨ ᠲᠠᠢ ᠳᠣᠲᠣᠨᠣ ᠪᠠᠷ ᠶᠠᠷᠢᠯᠴᠠᠵᠤ᠂ ᠦᠵᠦᠮ᠂ ᠬᠥᠬᠡ ᠵᠢᠮᠢᠰᠭᠡᠨ᠎ᠡ ᠳᠠᠷᠢᠬᠤ᠂ | ᠠᠯᠠᠰᠢᠨ ᠬᠤᠨᠢ ᠲᠡᠵᠢᠭᠡᠨ ᠦᠷᠡᠵᠢᠭᠦᠯᠬᠦ ᠪᠠ ᠮᠢᠺᠷᠣᠪ ᠤᠨ ᠰᠢᠩᠭᠡᠨ ᠪᠡᠶᠡᠲᠦ ᠪᠠᠺᠲ᠋ᠧᠷᠢ ᠶᠢᠨ ᠲᠠᠷᠢᠮᠠᠯ | ᠦᠢᠯᠡᠳᠪᠦᠷᠢᠯᠡᠵᠦ ᠪᠠᠶᠢᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠵᠢᠭᠠᠵᠤ ᠭᠠᠷᠭᠠᠭᠰᠠᠨ ᠨᠢ᠂ ᠤᠳᠤ | ᠦᠶ᠎ᠡ ᠶᠢᠨ ᠲᠦᠬᠦᠭᠡᠷᠦᠮᠵᠢᠲᠦ ᠲᠠᠷᠢᠶᠠᠯᠠᠩ ᠢ ᠬᠥᠭᠵᠢᠭᠦᠯᠵᠦ᠂ ᠬᠡᠪᠴᠢᠶᠡᠵᠢᠭᠦᠯᠦᠨ ᠲᠥᠪᠯᠡᠷᠡᠭᠦᠯᠦᠨ ᠲᠡᠵᠢᠭᠡᠨ | ᠦᠷᠡᠵᠢᠭᠦᠯᠬᠦ ᠶᠢ ᠬᠡᠷᠡᠭᠵᠢᠭᠦᠯᠬᠦ ᠪᠣᠯ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ | ᠣᠷᠣᠯᠭ᠎ᠠ ᠶᠢ ᠨᠡᠮᠡᠭᠳᠡᠭᠦᠯᠬᠦ ᠪᠦᠲᠦᠮᠵᠢᠲᠡᠢ ᠠᠷᠭ᠎ᠠ ᠵᠠᠮ ᠮᠥᠨ᠃ ᠳ᠋ᠠ ᠢᠦᠢ ᠱᠤ᠋ ᠰᠢᠶᠠᠩ ᠤᠨ ᠭᠠᠵᠠᠷ ᠰᠢᠷᠣᠢ ᠶᠢᠨ | ᠡᠬᠢ ᠪᠠᠶᠠᠯᠢᠭ ᠡᠯᠪᠡᠭ᠂ ᠣᠷᠣᠰᠢᠨ ᠰᠠᠭᠤᠬᠤ ᠨᠥᠬᠦᠴᠡᠯ ᠨᠡᠯᠢᠶᠡᠳ ᠰᠠᠶᠢᠨ ᠪᠠᠶᠢᠵᠤ᠂ ᠤᠨᠴᠠᠯᠢᠬᠳᠤ | ᠲᠠᠷᠢᠶᠠᠯᠠᠩ ᠤᠨ ᠠᠵᠤ ᠦᠢᠯᠡᠰ ᠢ ᠬᠥᠭᠵᠢᠭᠦᠯᠬᠦ ᠳᠤ ᠰᠠᠶᠢᠨ ᠰᠠᠶᠢᠬᠠᠨ ᠰᠠᠭᠤᠷᠢ ᠨᠥᠬᠦᠴᠡᠯ ᠬᠠᠩᠭᠠᠵᠠᠢ᠃ | ᠶᠤᠤ ᠬᠠᠢ ᠮᠢᠩ᠂ ᠪᠣᠳᠠᠲᠠᠢ ᠳᠤ ᠰᠠᠭᠤᠷᠢᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠵᠤ᠂ ᠠᠵᠤ | ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠠᠵᠤ | ᠦᠢᠯᠡᠰ ᠤᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠵᠦ᠂ ᠲᠠᠷᠢᠶᠠᠯᠠᠩ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠲᠠᠷᠢᠶᠠᠯᠠᠩ ᠤᠨ ᠠᠵᠤ ᠦᠢᠯᠡᠰ ᠤᠨ ᠰᠢᠨ᠎ᠡ ᠡᠵᠡᠩᠨᠡᠯᠲᠡ ᠶᠢᠨ | ᠬᠡᠯᠪᠡᠷᠢ ᠶᠢ ᠢᠳᠡᠪᠬᠢᠲᠡᠢ ᠪᠤᠶᠢᠵᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠡᠷᠡᠭᠦᠯ ᠢᠶᠠᠷ | ᠬᠥᠭᠵᠢᠬᠦ ᠶᠢ ᠠᠬᠢᠭᠤᠯᠬᠤ ᠬᠡᠷᠡᠭᠲᠡᠢ᠃ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ | ᠲᠡᠭᠦᠯᠳᠡᠷᠵᠢᠭᠦᠯᠵᠦ᠂ ᠲᠠᠷᠢᠶᠠᠴᠢᠨ ᠡᠷᠦᠬᠡ ᠶᠢ ᠬᠥᠲᠥᠯᠥᠨ ᠵᠢᠯᠣᠭᠤᠳᠴᠤ ᠪᠠᠶᠢᠭᠠᠳ ᠠᠵᠤ ᠦᠶ᠋ᠯᠡᠰ ᠤᠨ | ᠬᠥᠭᠵᠢᠯᠲᠡ ᠳᠤ ᠭᠦᠨᠵᠡᠭᠡᠶ ᠣᠷᠣᠯᠴᠠᠭᠤᠯᠵᠤ᠂ ︽ᠨᠠᠶᠢᠳᠠᠨ ᠬᠠᠮᠢᠶᠠᠷᠤᠭᠤᠯᠵᠤ ᠣᠷᠣᠯᠠᠨ ᠲᠡᠵᠢᠭᠡᠬᠦ︾ ︽ᠪᠠᠯᠠ | ᠣᠷᠣᠭᠤᠯᠤᠨ ᠬᠤᠪᠢ ᠣᠷᠣᠭᠤᠯᠬᠤ︾ ᠵᠡᠷᠭᠡ ᠵᠠᠭᠪᠤᠷ ᠢ ᠶᠡᠭᠡ ᠪᠠᠷ ᠳᠡᠯᠭᠡᠷᠡᠭᠦᠯᠵᠦ᠂ ᠲᠠᠷᠢᠶᠠᠴᠢᠳ ᠤᠨ | ᠣᠷᠣᠯᠭ᠎ᠠ ᠶᠢᠨ ᠠᠷᠭ᠎ᠠ ᠵᠠᠮ ᠢ ᠲᠠᠰᠤᠷᠠᠯᠲᠠ ᠥᠬᠡᠶ ᠥᠷᠭᠡᠳᠬᠡᠵᠦ᠂ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ | ᠨᠡᠮᠡᠭᠳᠡᠭᠦᠯᠬᠦ ᠬᠡᠷᠡᠭᠲᠡᠶ᠃ ᠬᠠᠪᠤᠷ ᠨᠠᠮᠤᠷ ᠤᠨ ᠬᠤᠶᠠᠷ ᠤᠯᠠᠷᠢᠯ ᠤᠨ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ | ᠲᠥᠪᠯᠡᠷᠡᠭᠦᠯᠦᠨ ᠦᠯᠦ ᠬᠠᠯᠳᠠᠭᠠᠬᠤ ᠪᠠ ᠬᠢᠨᠠᠨ ᠬᠡᠮᠵᠢᠬᠦ ᠠᠵᠢᠯ ᠢ ᠬᠢᠨᠠᠮᠠᠭᠠᠶ ᠰᠠᠶᠢᠲᠤᠷ ᠥᠷᠨᠢᠭᠦᠯᠵᠦ᠂ ᠬᠢᠵᠢᠭ | ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠳᠤ | ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ᠂ ᠳ᠋ᠠ ᠢᠦᠢ ᠱᠤ᠋ ᠰᠢᠶᠠᠩ ᠤᠨ ᠬᠠᠷᠢᠭᠤᠴᠠᠯᠭᠠᠲᠠᠨ ᠪᠠᠶᠢᠴᠠᠭᠠᠨ | ᠰᠤᠳᠤᠯᠤᠯᠲᠠ ᠳᠤ ᠣᠷᠣᠯᠴᠠᠪᠠ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |