2 ᠰᠠᠷ᠎ᠠ ᠶᠢᠨ 18 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠵᠦᠸᠧᠽᠢ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠳ᠋ᠠ | ᠾᠧ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ | ᠯᠢᠦ ᠶᠦᠩ ᠵᠥᠩ ᠨᠠᠷ ᠥᠪᠥᠷ ᠮᠣᠩᠭᠤᠯ ᠤᠨ ᠭᠦᠸᠧ ᠴᠧᠩ ᠠᠵᠤ ᠦᠢᠯᠡᠰ ᠤᠨ ᠬᠢᠵᠠᠭᠠᠷᠲᠤ ᠺᠣᠮᠫᠠᠨᠢ ᠳᠤ | ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠲᠤᠬᠠᠢ ᠶᠢᠨ ᠲᠠᠯᠠᠪᠤᠷ ᠲᠤ ᠠᠵᠢᠯᠯᠠᠨ᠂ | ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠢ ᠦᠨᠡᠨᠬᠦ | ᠰᠢᠢᠳᠪᠦᠷᠢᠯᠡᠵᠦ᠂ ︽ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ︾ ᠶᠢ ᠯᠠᠪᠳᠠᠭᠤᠨ ᠪᠠᠲᠤᠲᠠᠢ ᠪᠦᠲᠦᠮᠵᠢᠲᠡᠢ | ᠥᠷᠨᠢᠭᠦᠯᠪᠡ᠃ ᠰᠢᠶᠠᠨ ᠤ ᠤᠳᠤᠷᠢᠳᠤᠯᠭ᠎ᠠ ᠸᠠᠩ ᠴᠢᠶᠠᠨ ᠶᠢᠩ᠂ ᠰᠦ᠋ ᠹᠦ᠋ ᠯᠢᠶᠠᠩ᠂ ᠭᠤᠤ ᠰᠢᠤᠸᠠᠢ ᠹᠧᠩ ᠵᠢᠴᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠣᠷᠣᠯᠴᠠᠪᠠ᠃ | ᠸᠠᠩ ᠳ᠋ᠠ ᠾᠧ᠂ ᠯᠢᠦ ᠶᠦᠩ ᠵᠦᠩ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ | ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠨᠠᠮ ᠤᠨ ᠵᠣᠬᠢᠶᠠᠨ ᠪᠠᠶᠢᠭᠤᠯᠤᠯᠲᠠ ᠶᠢᠨ | ᠪᠦᠳᠦᠭᠡᠨ ᠪᠠᠶᠢᠭᠤᠯᠤᠯᠲᠠ᠂ ᠴᠢᠳᠠᠪᠤᠷᠢᠲᠠᠨ ᠤ ᠬᠡᠷᠡᠭᠴᠡᠭᠡ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠵᠤ᠂ | ᠠᠵᠤ ᠠᠬᠤᠶᠢᠯᠠᠯ ᠤᠨ ᠵᠦᠸᠧᠽᠢ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ | ᠲᠠᠯᠠᠷᠬᠠᠵᠤ ᠪᠠᠶᠢᠬᠤ ᠪᠠᠨ ᠢᠯᠡᠳᠬᠡᠵᠦ᠂ ᠠᠵᠤ ᠠᠬᠤᠶᠢᠯᠠᠯ ᠤᠨ ᠰᠢᠨ᠎ᠡ ᠨᠢᠭᠡ ᠵᠢᠯ ᠳᠤ ᠬᠥᠭᠵᠢᠯᠲᠡ ᠶᠢᠨ ᠢᠲᠡᠭᠡᠯ | ᠵᠣᠷᠢᠭ ᠢᠶᠠᠨ ᠪᠠᠲᠤᠳᠬᠠᠵᠤ᠂ ᠵᠠᠬ᠎ᠠ ᠳᠡᠯᠭᠡᠭᠦᠷ ᠤᠨ ᠠᠵᠠ ᠲᠣᠬᠢᠶᠠᠯ ᠢ ᠠᠮᠵᠢᠵᠤ᠂ ᠴᠢᠨᠠᠭᠰᠢᠳᠠ ᠪᠤᠵᠠᠭᠠᠶᠢᠷᠠᠭᠤᠯᠤᠨ | ᠬᠦᠴᠦᠷᠬᠡᠭᠵᠢᠭᠦᠯᠵᠦ ᠰᠢᠯᠢᠳᠡᠭᠵᠢᠭᠦᠯᠬᠦ ᠶᠢ ᠵᠣᠷᠢᠭᠵᠢᠭᠤᠯᠪᠠ᠃ ᠠᠵᠤ ᠠᠬᠤᠶᠢᠯᠠᠯ ᠳᠤ ᠣᠷᠣᠰᠢᠵᠤ ᠪᠠᠶᠢᠭ᠎ᠠ | ᠬᠦᠴᠢᠷᠳᠡᠯ ᠪᠠ ᠠᠰᠠᠭᠤᠳᠠᠯ ᠳᠤ ᠴᠢᠭᠯᠡᠭᠦᠯᠦᠨ᠂ ᠸᠠᠩ ᠳ᠋ᠠ ᠾᠧ᠂ ᠯᠢᠦ ᠶᠦᠩ ᠵᠦᠩ ᠨᠠᠷ ᠠᠵᠤ ᠠᠬᠤᠶᠢᠯᠠᠯ ᠤᠨ | ᠬᠠᠷᠢᠭᠤᠴᠠᠯᠭᠠᠲᠠᠨ ᠲᠠᠢ ᠲᠤᠬᠠᠢ ᠶᠢᠨ ᠲᠠᠯᠠᠪᠠᠢ ᠳᠤ ᠰᠤᠳᠤᠯᠤᠨ ᠰᠢᠢᠳᠪᠦᠷᠢᠯᠡᠬᠦ ᠲᠥᠰᠦᠯ ᠢ ᠰᠤᠳᠤᠯᠵᠤ᠂ | ᠠᠵᠢᠯ ᠤᠨ ᠲᠤᠰᠬᠠᠢ ᠠᠩᠬᠢ ᠪᠠᠶᠢᠭᠤᠯᠵᠤ᠂ ᠡᠭᠦᠷᠭᠡ ᠶᠢᠨ ᠨᠠᠷᠢᠨ ᠲᠠᠩᠰᠠ ᠶᠢ ᠪᠠᠶᠢᠭᠤᠯᠵᠤ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠢ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠶᠢ ᠭᠦᠨᠵᠡᠭᠡᠢ ᠠᠬᠢᠭᠤᠯᠵᠤ᠂ ᠤᠯᠤᠯᠴᠠᠭ᠎ᠠ | ᠵᠣᠯᠭᠠᠯᠴᠠᠭ᠎ᠠ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠡᠮᠦᠨ᠎ᠡ ᠨᠢ ᠦᠢᠯᠡᠴᠢᠯᠡᠵᠦ᠂ ᠠᠵᠤ ᠠᠬᠤᠶᠢᠯᠠᠯ ᠤᠨ | ᠦᠢᠯᠡᠳᠪᠦᠷᠢᠯᠡᠯ ᠠᠵᠢᠯᠯᠠᠭᠠᠨ ᠤ ᠳᠤᠮᠳᠠ ᠲᠤᠯᠭᠠᠷᠠᠭᠰᠠᠨ ᠡᠯ᠎ᠡ ᠲᠦᠷᠦᠯ ᠤᠨ ᠠᠰᠠᠭᠤᠳᠠᠯ ᠢ ᠴᠠᠭ ᠲᠤᠬᠠᠢ ᠳᠤᠨᠢ | ᠮᠥᠷᠳᠡᠨ ᠰᠢᠢᠳᠪᠦᠷᠢᠯᠡᠵᠦ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ | ᠰᠢᠢᠳᠪᠦᠷᠢᠯᠡᠵᠦ᠂ ᠠᠵᠤ ᠠᠬᠤᠶᠢᠯᠠᠯ ᠤᠨ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠬᠤ ᠶᠢ ᠠᠬᠢᠭᠤᠯᠵᠤ᠂ ᠪᠦᠬᠦ | ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ | ᠬᠡᠷᠡᠭᠲᠡᠢ ᠭᠡᠵᠦ ᠱᠠᠭᠠᠷᠳᠠᠪᠠ᠃ | ᠸᠠᠩ ᠳ᠋ᠠ ᠾᠧ᠂ ᠯᠢᠦ ᠶᠦᠩ ᠵᠦᠩ ᠨᠠᠷ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠠᠭᠠᠨ᠂ ᠠᠵᠤ | ᠠᠬᠤᠶᠢᠯᠠᠯ ᠤᠨ ᠬᠢᠨ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠶᠤᠯᠭᠦᠢ | ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ | ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠵᠤ᠂ ᠪᠦᠬᠦ | ᠵᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠳᠤ ᠰᠠᠭᠤᠷᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠲᠥᠬᠦᠭᠡᠷᠦᠮᠵᠢ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠡᠯ᠎ᠡ ᠵᠦᠢᠯ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠠᠵᠤ | ᠠᠬᠤᠢ ᠶᠢᠨ ᠦᠷ᠎ᠡ ᠠᠰᠢᠭ ᠪᠣᠯᠤᠨ ᠣᠷᠴᠢᠨ ᠲᠣᠭᠤᠷᠢᠨ ᠤ ᠦᠷ᠎ᠡ ᠠᠰᠢᠭ ᠢ ᠬᠠᠮᠲᠤᠪᠠᠷ ᠠᠰᠢᠭ ᠬᠦᠷᠳᠡᠬᠦ ᠰᠠᠶᠢᠨ | ᠰᠠᠶᠢᠬᠠᠨ ᠪᠠᠶᠢᠳᠠᠯ ᠢ ᠪᠡᠶᠡᠯᠡᠭᠦᠯᠬᠦ ᠬᠡᠷᠡᠭᠲᠡᠢ᠃ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ | ᠪᠠᠶᠢᠭᠤᠯᠤᠯᠲᠠ ᠶᠢᠨ ᠠᠵᠢᠯ ᠤᠨ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ | ᠺᠠᠳ᠋ᠷ ᠠᠵᠢᠯᠳᠠᠨ ᠠᠵᠢᠯᠴᠢᠨ ᠤ ᠢᠳᠡᠪᠬᠢᠵᠢᠯ ᠢ ᠰᠠᠶᠢᠲᠤᠷ ᠬᠥᠭᠵᠢᠭᠡᠵᠦ᠂ ᠰᠠᠶᠢᠲᠤᠷ ᠬᠠᠮᠠᠭᠠᠯᠠᠵᠤ᠂ ᠨᠠᠮ ᠤᠨ | ᠪᠠᠶᠢᠭᠤᠯᠤᠯᠲᠠ ᠶᠢᠨ ᠪᠣᠳᠠᠲᠤ ᠦᠷ᠎ᠡ ᠪᠦᠲᠦᠮᠵᠢ ᠶᠢ ᠠᠵᠤ ᠠᠬᠤᠶᠢᠯᠠᠯ ᠤᠨ ᠬᠥᠭᠵᠢᠯᠲᠡ ᠶᠢᠨ ᠬᠦᠴᠦᠷᠬᠡᠭ ᠶᠡᠭᠡ | ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |