ᠵᠦᠸᠧᠽᠢ ᠰᠢᠶᠠᠨ 115 ᠳ᠋ᠤᠭᠠᠷ ︽3 · 8︾ ᠤ ᠳᠡᠯᠡᠬᠡᠶ ᠶᠢᠨ ᠡᠮᠡᠭᠲᠡᠶᠢᠴᠦᠳ ᠤᠨ ᠪᠠᠶᠠᠷ ᠢ ᠳᠤᠷᠠᠰᠬᠠᠬᠤ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/10
    ᠭᠤᠷᠪᠠᠨ ᠰᠠᠷ᠎ᠠ ᠶᠢᠨ ᠬᠠᠪᠤᠷ ᠤᠨ ᠠᠭᠤᠷ ᠠᠮᠢᠰᠭᠤᠯ ᠡᠮᠡᠭᠲᠡᠢᠴᠦᠳ ᠤᠨ ᠰᠡᠳᠭᠢᠯ ᠢ ᠳᠤᠯᠠᠭᠠᠴᠠᠭ ᠤᠯᠤᠨ᠎ᠠ᠃ 3 ᠰᠠᠷ᠎ᠠ ᠶᠢᠨ 6 ᠤ ᠡᠳᠦᠷ᠂ 115 ᠳ᠋ᠤᠭᠠᠷ ︽3 · 8︾ ᠤ ᠳᠡᠯᠡᠬᠡᠶ ᠶᠢᠨ ᠡᠮᠡᠭᠲᠡᠶᠢᠴᠦᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠵᠦᠸᠧᠽᠢ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠢᠨ ᠡᠯ᠎ᠡ ᠡᠲᠡᠭᠡᠳ ᠤᠨ ᠡᠮᠡᠭᠲᠡᠶᠢᠴᠦᠳ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠡᠯᠪᠡᠭ ᠪᠠᠶᠠᠯᠢᠭ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠴᠤᠭ ᠵᠢᠪᠬᠤᠭ᠎ᠠ ᠶᠢ ᠭᠦᠢᠴᠡᠳ ᠢᠯᠡᠷᠡᠭᠦᠯᠵᠦ᠂ ᠡᠮᠡᠭᠲᠡᠶᠢᠴᠦᠳ ᠤᠨ ᠬᠦᠴᠦᠨ ᠢ ᠨᠢᠭᠲᠠᠷᠠᠭᠤᠯᠵᠤ᠂ ᠡᠮᠡᠭᠲᠡᠶᠢᠴᠦᠳ ᠤᠨ ᠠᠬ᠎ᠠ ᠳᠡᠭᠦᠦ ᠨᠡᠷ ᠲᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ᠃
 
   ᠠᠵᠢᠯᠯᠠᠭ᠎ᠠ ᠡᠬᠢᠨ ᠳᠤ᠂ ︽ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾ ᠵᠡᠷᠭᠡ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠪᠠᠷ ᠳᠠᠮᠵᠢᠭᠤᠯᠤᠨ᠂ ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠬᠦᠢᠰᠦ ᠶᠢᠨ ᠢᠯᠭᠠᠯ ᠤᠨ ᠡᠷᠬᠡ ᠲᠡᠭᠰᠢ ᠦᠵᠡᠯᠲᠡ ᠶᠢ ᠰᠠᠨᠠᠭᠠᠴᠢᠯᠠᠵᠤ᠂ ᠡᠮᠡᠭᠲᠡᠶᠢᠴᠦᠳ ᠤᠨ ᠬᠠᠤᠯᠢ ᠪᠠᠷ ᠵᠠᠰᠠᠬᠤ ᠤᠬᠠᠮᠰᠠᠷ ᠪᠠ ᠡᠷᠬᠡ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠡᠮᠡᠭᠲᠡᠶᠢᠴᠦᠳ ᠤᠨ ᠡᠷᠬᠡ ᠠᠰᠢᠭ ᠢ ᠬᠦᠨᠳᠦᠳᠬᠡᠬᠦ ᠪᠠ ᠪᠠᠲᠤᠯᠠᠬᠤ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠪᠠ᠃
 
   ᠳᠠᠷᠠᠭ᠎ᠠ ᠪᠠᠷ ᠨᠢ ᠥᠷᠨᠢᠭᠦᠯᠦᠭᠰᠡᠨ ᠭᠠᠷ ᠤᠷᠠᠯᠠᠯ ᠤᠨ ᠠᠵᠢᠯᠯᠠᠭ᠎ᠠ ᠶᠢᠨ ᠶᠠᠪᠤᠴᠠ ᠳᠤ᠂ ᠣᠯᠠᠨ ᠢᠶᠠᠷ ᠢᠶᠠᠨ ᠲᠣᠰ ᠲᠣᠰ ᠤᠨ ᠪᠦᠲᠦᠭᠡᠯᠴᠢ ᠪᠣᠳᠣᠯ ᠢᠶᠠᠨ ᠭᠦᠢᠴᠡᠳ ᠪᠠᠳᠠᠷᠠᠭᠤᠯᠵᠤ᠂ ᠶᠦᠩ ᠱᠧᠩ ᠬᠤᠸᠠ᠂ ᠳᠡᠪᠢᠭᠦᠷ ᠵᠡᠷᠭᠡ ᠮᠠᠲ᠋ᠧᠷᠢᠶᠠᠯ ᠢᠶᠠᠷ ᠥᠪᠡᠷ ᠤᠨ ᠭᠠᠷ ᠢᠶᠠᠷ ᠢᠶᠠᠨ ᠥᠪᠡᠷᠮᠢᠴᠡ ᠤᠷᠠᠨ ᠳᠠᠷᠬᠠᠨ ᠤ ᠬᠠᠭᠤᠷᠠᠶ ᠴᠡᠴᠡᠭ ᠢ ᠬᠢᠵᠦ᠂ ᠤᠯᠠᠮᠵᠢᠯᠠᠯᠲᠤ ᠰᠣᠶᠣᠯ ᠪᠠ ᠣᠲᠣ ᠦᠶ᠎ᠡ ᠶᠢᠨ ᠤᠷᠠᠯᠢᠭ ᠢ ᠤᠶᠠᠯᠳᠤᠭᠤᠯᠵᠤ᠂ ᠡᠮᠡᠭᠲᠡᠶᠢᠴᠦᠳ ᠤᠨ ᠤᠷᠠᠨ ᠰᠡᠳᠬᠢᠮᠵᠢ ᠪᠠ ᠴᠤᠭ ᠵᠢᠪᠬᠤᠭ᠎ᠠ ᠶᠢ ᠢᠯᠡᠷᠡᠭᠦᠯᠪᠡ᠃ ᠠᠵᠢᠯᠯᠠᠭ᠎ᠠ ᠶᠢᠨ ᠬᠤᠭᠤᠴᠠᠭᠠᠨ ᠳᠤ ᠪᠠᠰᠠ ᠰᠣᠨᠢᠷᠬᠠᠯᠳᠤ ᠲᠣᠭᠯᠠᠭᠠᠮ ᠬᠢᠵᠦ᠂ ᠤᠯᠠᠨ ᠢ ᠪᠠᠶᠠᠷ ᠪᠠᠶᠠᠰᠬᠤᠯᠠᠩᠳᠤ ᠠᠭᠤᠷ ᠠᠮᠢᠰᠬᠤᠯ ᠤᠨ ᠳᠤᠮᠳᠠ ᠨᠥᠬᠦᠷᠯᠡᠯ ᠢᠶᠠᠨ ᠵᠤᠵᠠᠭᠠᠳᠬᠠᠵᠤ᠂ ᠮᠠᠷᠲᠠᠭᠳᠠᠰᠢ ᠦᠭᠡᠢ ᠪᠠᠶᠠᠷ ᠤᠨ ᠡᠳᠦᠷ ᠢ ᠬᠠᠮᠲᠤ ᠪᠠᠷ ᠦᠩᠭᠡᠷᠡᠭᠦᠯᠪᠡ᠃
 
   ᠠᠵᠢᠯᠯᠠᠭ᠎ᠠ ᠳᠤ ᠣᠷᠣᠯᠴᠠᠭᠰᠠᠳ ᠸᠧᠨ ᠯᠢ ᠶᠢᠩ    ᠥᠨᠥᠳᠦᠷ ᠤᠨ ᠠᠵᠢᠯᠯᠠᠭ᠎ᠠ ᠳᠤ ᠣᠷᠣᠯᠴᠠᠭᠰᠠᠨ ᠳᠠᠭᠠᠨ ᠪᠢ ᠮᠠᠰᠢ ᠪᠠᠶᠠᠷᠯᠠᠵᠤ ᠪᠠᠶᠢᠨ᠎ᠠ᠂ ᠰᠢᠶᠠᠨ ᠳᠣᠲᠣᠷ᠎ᠠ ᠡᠨᠡ ᠤᠳᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠠᠢ᠂ ᠮᠢᠨᠦ ᠦᠵᠡᠬᠦ ᠪᠠᠷ ᠮᠠᠰᠢ ᠤᠳᠬ᠎ᠠ ᠠᠭᠤᠯᠭ᠎ᠠ ᠲᠠᠢ᠂ ᠡᠮᠡᠭᠲᠡᠶᠢᠴᠦᠳ ᠢ ᠬᠠᠯᠠᠮᠵᠢᠯᠠᠨ ᠬᠠᠶᠢᠷᠠᠯᠠᠵᠤ ᠪᠠᠶᠢᠬᠤ ᠪᠠᠨ ᠢᠯᠡᠷᠡᠭᠦᠯᠵᠦ᠂ ᠬᠤᠶᠢᠰᠢᠳᠠ ᠨᠡᠩ ᠲᠡᠭᠦᠰ ᠲᠡᠭᠦᠯᠳᠡᠷ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠥᠪᠡᠷ ᠤᠨ ᠲᠤᠬᠠᠶᠢᠯᠠᠭᠰᠠᠨ ᠠᠵᠢᠯ ᠳᠠᠭᠠᠨ ᠣᠷᠣᠯᠴᠠᠵᠤ᠂ ᠭᠠᠷᠮᠠᠭᠠᠶ ᠲᠠᠮᠢᠷ ᠲᠤ ᠨᠠᠩ ᠣᠯᠠᠨ ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃    ᠲᠣᠰ ᠤᠳᠠᠭᠠᠨ ᠤ ︽3 · 8︾ ᠤ ᠡᠮᠡᠭᠲᠡᠶᠢᠴᠦᠳ ᠤᠨ ᠪᠠᠶᠠᠷ ᠤᠨ ᠠᠵᠢᠯᠯᠠᠭ᠎ᠠ ᠨᠢ ᠡᠮᠡᠭᠲᠡᠶᠢᠴᠦᠳ ᠤᠨ ᠴᠤᠭ ᠵᠢᠪᠬᠤᠭ᠎ᠠ ᠶᠢ ᠤᠯᠠᠮ ᠨᠢᠭᠡ ᠠᠯᠬᠤᠮ ᠪᠠᠳᠠᠷᠠᠭᠤᠯᠵᠤ᠂ ᠡᠮᠡᠭᠲᠡᠶᠢᠴᠦᠳ ᠤᠨ ᠨᠢᠭᠲᠠᠷᠠᠯ ᠤᠨ ᠬᠦᠴᠦᠨ ᠢ ᠴᠢᠩᠭᠠᠷᠠᠭᠤᠯᠤᠨ᠂ ᠥᠷᠭᠡᠨ ᠣᠯᠠᠨ ᠡᠮᠡᠭᠲᠡᠶᠢᠴᠦᠳ ᠤᠨ ᠰᠢᠨ᠎ᠡ ᠴᠠᠭ ᠦᠶ᠎ᠡ ᠰᠢᠨ᠎ᠡ ᠠᠶᠠᠨ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠠᠢ᠃ ᠵᠦᠸᠧᠽᠢ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠢᠨ ᠦᠷᠭᠦᠯᠵᠢᠯᠡᠨ ᠡᠮᠡᠭᠲᠡᠶᠢᠴᠦᠳ ᠤᠨ ᠦᠰᠦᠨ ᠪᠤᠶᠢᠵᠢᠬᠤ ᠲᠠᠪᠴᠠᠩ ᠢ ᠪᠠᠶᠢᠭᠤᠯᠵᠤ᠂ ᠡᠮᠡᠭᠲᠡᠶᠢᠴᠦᠳ ᠤᠨ ᠬᠦᠴᠦᠨ ᠢ ᠤᠯᠠᠮ ᠴᠢᠨᠠᠭᠰᠢᠳᠠ ᠨᠢᠭᠲᠠᠷᠠᠭᠤᠯᠵᠤ᠂ ᠡᠮᠡᠭᠲᠡᠶᠢᠴᠦᠳ ᠤᠨ ᠤᠶᠤᠨ ᠤᠬᠠᠭᠠᠨ ᠢ ᠨᠢᠭᠲᠠᠷᠠᠭᠤᠯᠵᠤ᠂ ᠵᠦᠸᠧᠽᠢ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠨ᠎ᠡ᠃
 
   ᠵᠦᠸᠧᠽᠢ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ ᠼᠦᠢ ᠶᠠᠨ ᠨᠠ    ᠡᠶᠢᠮᠦᠷᠬᠦᠦ ᠠᠵᠢᠯᠯᠠᠭ᠎ᠠ ᠪᠠᠷ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠴᠤᠭ ᠵᠢᠪᠬᠤᠭ᠎ᠠ ᠪᠠ ᠷᠢᠳᠢ ᠰᠢᠳᠢ ᠶᠢ ᠢᠯᠡᠷᠡᠭᠦᠯᠵᠦ᠂ ᠥᠷᠭᠡᠨ ᠤᠯᠠᠨ ᠡᠮᠡᠭᠲᠡᠢ ᠺᠠᠳ᠋ᠷᠴᠤᠳ ᠤᠨ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠ ᠴᠤᠭ ᠪᠠᠳᠠᠷᠠᠩᠭᠤᠢ ᠳᠦᠷᠰᠦ ᠪᠠᠶᠢᠳᠠᠯ ᠢᠶᠠᠷ ᠥᠪᠡᠷ ᠤᠨ ᠠᠮᠢᠳᠤᠷᠠᠯ ᠪᠠ ᠠᠵᠢᠯ ᠳᠠᠭᠠᠨ ᠣᠷᠣᠯᠴᠠᠬᠤ ᠶᠢ ᠵᠣᠷᠢᠭᠵᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠪᠢ ᠡᠮᠡᠭᠲᠡᠶᠢᠴᠦᠳ ᠤᠨ ᠬᠤᠯᠪᠣᠭ᠎ᠠ ᠶᠢ ᠲᠥᠯᠥᠭᠡᠯᠡᠵᠦ᠂ ᠭᠠᠷᠮᠠᠭᠠᠢ ᠡᠮᠡᠭᠲᠡᠢ ᠪᠣᠯᠭᠠᠨ ᠳᠤ ᠪᠠᠶᠠᠷ ᠤᠨ ᠡᠳᠦᠷ ᠤᠨ ᠪᠠᠶᠠᠷ ᠬᠦᠷᠭᠡᠵᠦ᠂ ᠲᠠ ᠪᠦᠬᠦᠨ ᠳᠤ ᠪᠠᠶᠠᠷ ᠤᠨ ᠡᠳᠦᠷ ᠤᠨ ᠪᠠᠶᠠᠷ ᠬᠦᠷᠭᠡᠶ᠎ᠡ︕         ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2