ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠠᠪᠤᠳᠤᠭᠠᠷ ᠡᠭᠡᠯᠵᠢ ᠶᠢᠨ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠤᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠦᠸᠧᠽᠢ ᠰᠢᠶᠠᠨ ᠤ ᠬᠤᠷᠢᠶ᠎ᠠ ᠶᠢᠨ ᠨᠡᠪᠲᠡᠷᠡᠭᠦᠯᠭᠡ
ᠨᠡᠶᠢᠲᠡᠯᠡᠭᠰᠡᠨ ᠴᠠᠭ᠄
2025/3/10
    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠢ ᠦᠨᠳᠦᠰᠦᠯᠡᠨ᠂ 2024 ᠣᠨ ᠤ 3 ᠰᠠᠷ᠎ᠠ ᠶᠢᠨ 5 ᠤ ᠡᠳᠦᠷ ᠠᠴᠠ 2024 ᠣᠨ ᠤ 4 ᠰᠠᠷ᠎ᠠ ᠶᠢᠨ 25 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠠᠪᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠨᠠᠢᠮᠠᠳᠤᠭᠠᠷ ᠳᠤᠭᠤᠶᠢᠯᠠᠩ ᠵᠦᠸᠧᠽᠢ ᠰᠢᠶᠠᠨ ᠳᠤ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠥᠷᠨᠢᠭᠦᠯᠪᠡ᠃ 2024 ᠣᠨ ᠤ 5 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠵᠦᠸᠧᠽᠢ ᠰᠢᠶᠠᠨ ᠤ ᠨᠠᠮ ᠤᠨ ᠬᠤᠷᠢᠶ᠎ᠠ ᠳᠤ ᠲᠣᠭᠤᠷᠢᠨ ᠪᠠᠶᠢᠴᠠᠭᠠᠭᠰᠠᠨ ᠰᠠᠨᠠᠯ ᠢᠶᠠᠨ ᠬᠠᠷᠢᠭᠤ ᠲᠤᠰᠬᠠᠪᠠ᠃ ᠲᠣᠭᠤᠷᠢᠨ ᠪᠠᠶᠢᠴᠠᠭᠠᠬᠤ ᠠᠵᠢᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠡᠳᠦᠭᠡ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠡᠶᠢᠲᠡᠯᠡᠪᠡ᠃    ᠨᠢᠭᠡ᠂ ᠰᠢᠶᠠᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ    ᠰᠢᠶᠠᠨ ᠤ ᠨᠠᠮ ᠤᠨ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠬᠠᠢ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠨᠠᠮ ᠠᠴᠠ ᠠᠵᠢᠯ ᠦᠢᠯᠡᠰ ᠲᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ᠂ ᠡᠷᠡᠰ ᠬᠦᠴᠦᠲᠡᠢ ᠠᠷᠭ᠎ᠠ ᠬᠡᠮᠵᠢᠶ᠎ᠡ ᠠᠪᠴᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠰᠤᠷᠲᠠᠯ ᠢ ᠪᠠᠳᠠᠷᠠᠭᠤᠯᠵᠤ᠂ ᠪᠦᠬᠦ ᠰᠢᠶᠠᠨ ᠤ ᠡᠯ᠎ᠡ ᠱᠠᠳᠤ ᠡᠯ᠎ᠡ ᠰᠠᠯᠠᠭ᠎ᠠ ᠮᠥᠴᠢᠷ ᠵᠢᠴᠢ ᠪᠦᠬᠦ ᠨᠠᠮ ᠤᠨ ᠭᠡᠰᠢᠭᠦᠨ ᠺᠠᠳ᠋ᠷᠴᠤᠳ ᠢ ᠳᠠᠭᠠᠭᠤᠯᠤᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠶᠢ ᠲᠡᠷᠡ ᠬᠡᠪ ᠢᠶᠠᠷ ᠨᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠯ᠎ᠡ ᠵᠦᠢᠯ ᠤᠨ ᠡᠭᠦᠷᠭᠡ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠪᠠ᠃    ︵ᠨᠢᠭᠡ︶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠨ᠎ᠠ᠃ ᠲᠣᠭᠤᠷᠢᠨ ᠪᠠᠶᠢᠴᠠᠭᠠᠭᠰᠠᠨ ᠰᠠᠨᠠᠯ ᠤᠨ ᠬᠠᠷᠢᠭᠤ ᠲᠤᠰᠬᠠᠭᠰᠠᠨ ᠤ ᠳᠠᠷᠠᠭ᠎ᠠ᠂ ᠰᠢᠶᠠᠨ ᠤ ᠨᠠᠮ ᠤᠨ ᠬᠤᠷᠢᠶ᠎ᠠ ᠲᠡᠷᠡ ᠳᠠᠷᠤᠶ ᠳᠤᠨᠢ ᠤᠯᠠᠮᠵᠢᠯᠠᠨ ᠰᠤᠷᠤᠯᠴᠠᠵᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠡᠬᠢᠯᠡᠭᠦᠯᠪᠡ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ᠂ ᠰᠢᠶᠠᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠤᠷᠠᠯ ᠢ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾᠂ ︽ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠬᠤ ᠲᠤᠬᠠᠶ ᠰᠠᠨᠠᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠦᠷ ᠬᠡᠷᠡᠭᠵᠢᠭᠦᠯᠬᠦ ᠠᠷᠭ᠎ᠠ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠢᠰᠲ᠋ᠧᠮ ᠲᠠᠢ ᠰᠤᠷᠤᠯᠴᠠᠵᠤ᠂ ᠤᠬᠠᠮᠰᠠᠷ ᠠᠴᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠦᠵᠡᠯ ᠰᠠᠨᠠᠭᠠᠨ ᠤ ᠵᠡᠪᠰᠡᠭ ᠪᠠ ᠠᠵᠢᠯᠯᠠᠭᠠᠨ ᠤ ᠵᠦᠭᠯᠡᠭᠦᠷ ᠪᠣᠯᠭᠠᠵᠤ᠂ ᠤᠯᠤᠰ ᠲᠥᠷᠥ ᠶᠢᠨ ᠵᠣᠭᠰᠣᠴᠠ ᠪᠠ ᠤᠯᠤᠰ ᠲᠥᠷᠥ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢᠶᠠᠷ ᠠᠵᠠ ᠲᠣᠬᠢᠶᠠᠯ ᠪᠣᠯᠭᠠᠨ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠪᠠᠷ ︽ᠳᠥᠷᠪᠡᠨ ᠤᠬᠠᠮᠰᠠᠷ︾ ᠴᠢᠩᠭ᠎ᠠ ᠡᠰᠡᠬᠦ᠂ ︽ᠬᠤᠶᠠᠷ ᠢ ᠬᠠᠮᠠᠭᠠᠯᠠᠬᠤ︾ ᠶᠢ ᠪᠣᠳᠠᠲᠠᠶ ᠨᠠᠶᠢᠳᠠᠪᠤᠷᠢᠵᠢᠭᠤᠯᠤᠭᠰᠠᠨ ᠡᠰᠡᠬᠦ ᠶᠢ ᠰᠢᠯᠭᠠᠬᠤ ︽ᠰᠢᠯᠭᠠᠭᠤᠷ︾ ᠪᠣᠯᠭᠠᠪᠠ᠃    ︵ᠬᠤᠶᠠᠷ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠢ᠃ ᠰᠢᠶᠠᠨ ᠤ ᠨᠠᠮ ᠤᠨ ᠬᠤᠷᠢᠶᠠᠨ ᠤ ᠱᠦᠵᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ︽ᠨᠢᠭᠡᠳᠦᠭᠡᠷ ᠬᠠᠷᠢᠭᠤᠴᠠᠯᠭᠠᠲᠠᠨ︾ ᠤ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ ᠠᠩᠬᠠᠨ ᠤ ᠬᠠᠷᠢᠭᠤᠴᠠᠯᠭ᠎ᠠ ᠶᠢ ᠡᠭᠦᠷᠭᠡᠯᠡᠬᠦ᠂ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠬᠦ ᠶᠢ ᠪᠠᠷᠢᠮᠲᠠᠯᠠᠵᠤ᠂ ᠤᠳᠤᠷᠢᠳᠬᠤ ᠪᠠᠭ ᠤᠨ ᠪᠦᠷᠢᠯᠳᠦᠬᠦᠨ ᠢ ᠳᠠᠭᠠᠭᠤᠯᠤᠨ ᠨᠠᠷᠢᠨ ᠬᠢᠨᠠᠮᠠᠭᠠᠢ ᠰᠤᠳᠤᠯᠤᠨ ᠰᠦᠪᠡᠭᠴᠢᠯᠡᠵᠦ᠂ ᠭᠤᠣᠯᠳᠠᠯᠭ᠎ᠠ ᠲᠠᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠣᠳᠠᠲᠠᠢ ᠪᠠᠶᠢᠷᠢᠯᠠᠭᠤᠯᠤᠯᠲᠠ᠂ ᠲᠤᠰᠬᠠᠢ ᠵᠣᠬᠢᠴᠠᠭᠤᠯᠭ᠎ᠠ᠂ ᠨᠠᠶᠢᠳᠠᠪᠤᠷᠢᠵᠢᠭᠤᠯᠤᠯᠲᠠ ᠶᠢ ᠠᠬᠢᠭᠤᠯᠪᠠ᠃ ᠲᠣᠭᠤᠷᠢᠨ ᠪᠠᠶᠢᠴᠠᠭᠠᠭᠰᠠᠨ ᠰᠠᠨᠠᠯ ᠤᠨ ᠬᠠᠷᠢᠭᠤ ᠲᠤᠰᠬᠠᠯ ᠢ ᠲᠡᠷᠡ ᠳᠠᠷᠤᠶ ᠳᠤᠨᠢ ᠰᠢᠶᠠᠨ ᠤ ᠨᠠᠮ ᠤᠨ ᠬᠤᠷᠢᠶᠠᠨ ᠤ ᠱᠦᠵᠢ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠪᠠ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠵᠤ᠂ ᠪᠤᠰᠤᠳ ᠪᠠᠶᠢᠩᠭᠤ ᠶᠢᠨ ᠬᠤᠷᠢᠶᠠᠨ ᠤ ᠨᠥᠬᠦᠳ ᠪᠠ ᠰᠢᠶᠠᠨ ᠤ ᠳᠡᠳ᠋ ᠳᠠᠷᠤᠭ᠎ᠠ ᠪᠠᠷ ᠪᠦᠷᠢᠯᠳᠦᠬᠦᠨ ᠪᠣᠯᠭᠠᠭᠰᠠᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠬᠤ ᠶᠢᠨ ᠬᠠᠮᠲᠤ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ ᠡᠭᠦᠷᠭᠡᠯᠡᠵᠦ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠡᠳᠦᠷ ᠤᠨ ᠪᠠᠶᠢᠩᠭᠤ ᠶᠢᠨ ᠡᠭᠦᠷᠭᠡ ᠪᠠ ᠬᠢᠨᠠᠨ ᠵᠢᠯᠣᠭᠤᠳᠴᠤ ᠠᠬᠢᠭᠤᠯᠬᠤ ᠶᠢ ᠬᠠᠷᠢᠭᠤᠴᠠᠭᠤᠯᠤᠨ᠎ᠠ᠃ ᠤᠳᠤᠷᠢᠳᠬᠤ ᠳᠤᠭᠤᠶᠢᠯᠠᠩ ᠤᠨ ᠳᠣᠤᠷ᠎ᠠ ᠬᠥᠮᠦᠨ ᠰᠣᠩᠭᠤᠵᠤ ᠬᠥᠮᠦᠨ ᠬᠡᠷᠡᠭᠯᠡᠬᠦ᠂ ᠦᠵᠡᠯ ᠤᠬᠠᠮᠰᠠᠷ ᠤᠨ ᠬᠡᠯᠪᠡᠷᠢ᠂ ᠴᠠᠭᠳᠠᠨ ᠪᠠᠶᠢᠴᠠᠭᠠᠬᠤ ᠠᠵᠢᠯ ᠵᠡᠷᠭᠡ 3 ᠲᠤᠰᠬᠠᠶ ᠴᠡᠭᠴᠡᠯᠡᠨ ᠰᠠᠶᠢᠵᠢᠷᠠᠭᠤᠯᠬᠤ ᠳᠤᠭᠤᠶᠢᠯᠠᠩ ᠪᠠᠶᠢᠭᠤᠯᠵᠤ᠂ ᠲᠣᠰ ᠲᠣᠰ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠢᠶᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠨᠢᠭᠡᠳᠦᠯᠲᠡᠶ ᠲᠥᠯᠥᠪᠯᠡᠨ ᠠᠬᠢᠭᠤᠯᠬᠤ ᠶᠢ ᠪᠥᠬᠦ ᠲᠠᠯ᠎ᠠ ᠪᠠᠷ ᠴᠢᠩᠭᠠᠳᠬᠠᠪᠠ᠃5 ᠰᠠᠷ᠎ᠠ ᠶᠢᠨ 29 ᠤ ᠡᠳᠦᠷ᠂ 6 ᠰᠠᠷ᠎ᠠ ᠶᠢᠨ 12 ᠤᠨ ᠡᠳᠦᠷ ᠂ ᠰᠢᠶᠠᠨ ᠤ ᠨᠠᠮ ᠤᠨ ᠬᠤᠷᠢᠶ᠎ᠠ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠭᠦᠨᠵᠡᠭᠡᠶ ᠵᠠᠳᠠᠯᠤᠨ ᠰᠤᠳᠤᠯᠤᠭᠰᠠᠨ ᠰᠠᠭᠤᠷᠢᠨ ᠳᠡᠭᠡᠷ᠎ᠡ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠤᠳᠤᠷᠢᠳᠬᠤ ᠳᠤᠭᠤᠶᠢᠯᠠᠩ ᠤᠨ ᠲᠤᠰᠬᠠᠶ ᠰᠡᠳᠦᠪᠲᠦ ᠬᠤᠷᠠᠯ ᠪᠠ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠲᠣᠰ ᠲᠣᠰ ᠬᠤᠷᠠᠯᠳᠤᠭᠤᠯᠵᠤ᠂ ︽ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠥᠰᠦᠯ︾ ᠢ ᠬᠢᠨᠠᠨ ᠵᠥᠪᠯᠡᠵᠦ ᠪᠠᠲᠤᠯᠠᠨ᠂ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠳᠥᠷᠪᠡᠨ ᠲᠠᠯ᠎ᠠ ᠶᠢᠨ 92 ᠪᠣᠳᠠᠲᠠᠶ ᠠᠰᠠᠭᠤᠳᠠᠯ ᠳᠤ ᠴᠢᠭᠯᠡᠭᠦᠯᠦᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠶᠢ ᠵᠡᠷᠭᠡ ᠪᠠᠷ ᠪᠠᠶᠢᠭᠤᠯᠤᠨ᠂ ᠡᠯ᠎ᠡ ᠵᠦᠢᠯ ᠤᠨ ᠡᠭᠦᠷᠭᠡ ᠶᠢ ᠲᠦᠷᠦᠭᠦᠯᠡᠨ ᠤᠳᠤᠷᠢᠳᠬᠤ᠂ ᠬᠠᠷᠢᠭᠤᠴᠠᠯᠭᠠᠲᠤ ᠨᠢᠭᠡᠴᠢ ᠪᠠ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠡᠯ᠎ᠡ ᠬᠠᠷᠢᠭᠤᠴᠠᠯᠭᠠᠲᠠᠨ ᠢ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠠᠪᠤᠴᠠ ᠳᠤ ᠬᠤᠭᠤᠰᠣᠨ ᠢ ᠬᠤᠷᠢᠭᠯᠠᠬᠤ ᠥᠬᠡᠶ᠂ ᠬᠠᠰᠢ ᠶᠠᠰᠢ ᠥᠩᠭᠡᠷᠡᠭᠦᠯᠬᠦ ᠥᠬᠡᠶ᠂ ᠳᠦᠷᠢ ᠦᠵᠡᠭᠦᠯᠬᠦ ᠥᠬᠡᠶ ᠪᠠᠶᠢᠬᠤ ᠶᠢ ᠱᠠᠭᠠᠷᠳᠠᠪᠠ᠃    ︵ᠭᠤᠷᠪᠠ︶ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠶᠢ ᠪᠠᠷᠢᠮᠲᠠᠯᠠᠵᠤ᠂ ᠲᠤᠰ ᠪᠡᠶ᠎ᠡ ᠳᠤ ᠣᠷᠣᠰᠢᠵᠤ ᠪᠠᠶᠢᠭ᠎ᠠ ᠵᠥᠷᠢᠶ᠎ᠡ ᠪᠠ ᠬᠦᠷᠦᠯᠴᠡᠬᠦ ᠦᠭᠡᠢ ᠲᠠᠯ᠎ᠠ ᠪᠠᠨ ᠭᠦᠨᠵᠡᠭᠡᠢ ᠵᠠᠳᠠᠯᠬᠤ ᠬᠡᠷᠡᠭᠲᠡᠢ᠃ 7 ᠰᠠᠷ᠎ᠠ ᠶᠢᠨ 1 ᠤ ᠡᠳᠦᠷ ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠬᠤᠷᠠᠯᠳᠤᠭᠤᠯᠵᠤ᠂ ᠬᠤᠷᠠᠯ ᠠᠴᠠ ᠡᠮᠦᠨ᠎ᠡ ᠰᠢᠶᠠᠨ ᠤ ᠨᠠᠮ ᠤᠨ ᠬᠤᠷᠢᠶᠠᠨ ᠤ ᠱᠦᠵᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢ ᠡᠷᠬᠢᠯᠡᠨ ᠲᠤᠭᠤᠷᠪᠢᠵᠤ᠂ ᠤᠳᠤᠷᠢᠳᠬᠤ ᠪᠠᠭ ᠤᠨ ᠪᠦᠷᠢᠯᠳᠦᠬᠦᠨ ᠤ ᠬᠠᠷᠭᠤᠭᠤᠯᠤᠨ ᠪᠠᠶᠢᠴᠠᠭᠠᠬᠤ ᠮᠠᠲ᠋ᠧᠷᠢᠶᠠᠯ ᠢ ᠨᠢᠭᠡᠳ ᠨᠢᠭᠡ ᠪᠠᠷ ᠬᠢᠨᠠᠨ ᠬᠠᠷᠭᠤᠭᠤᠯᠪᠠ᠃ ᠰᠢᠶᠠᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠲᠠᠢ ᠤᠶᠠᠯᠳᠤᠭᠤᠯᠤᠨ᠂ ᠦᠵᠡᠯ ᠰᠠᠨᠠᠭᠠᠨ ᠤ ᠪᠣᠳᠠᠲᠤ ᠪᠠᠶᠢᠳᠠᠯ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠤᠯᠤᠰ ᠲᠥᠷᠥ ᠶᠢᠨ ᠲᠠᠯ᠎ᠠ ᠠᠴᠠ ᠵᠥᠷᠢᠶ᠎ᠡ ᠪᠠᠨ ᠡᠷᠢᠵᠦ ᠂ ᠦᠵᠡᠯ ᠰᠠᠨᠠᠭᠠᠨ ᠤ ᠲᠠᠯ᠎ᠠ ᠠᠴᠠ ᠵᠠᠩᠭᠢᠯᠠᠭ᠎ᠠ ᠶᠢ ᠡᠷᠢᠵᠦ᠂ ᠠᠵᠢᠯ ᠤᠨ ᠳᠤᠮᠳᠠ ᠠᠴᠠ ᠠᠰᠠᠭᠤᠳᠠᠯ ᠢ ᠡᠷᠢᠵᠦ᠂ ᠠᠰᠠᠭᠤᠳᠠᠯ ᠢ ᠭᠦᠨᠵᠡᠭᠡᠶ ᠵᠠᠳᠠᠯᠵᠤ᠂ ᠪᠥᠬᠦ ᠲᠠᠯ᠎ᠠ ᠪᠠᠷ ᠬᠠᠷᠢᠴᠠᠭᠤᠯᠤᠨ ᠵᠠᠳᠠᠯᠵᠤ᠂ ᠴᠢᠩᠭ᠎ᠠ ᠬᠠᠷᠢᠴᠠᠭᠤᠯᠤᠨ ᠪᠠᠶᠢᠴᠠᠭᠠᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠢᠳᠡᠪᠬᠢᠲᠡᠶ ᠥᠷᠨᠢᠭᠦᠯᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠬᠠᠨᠳᠤᠯᠭᠠᠲᠤ ᠴᠢᠨᠠᠷᠲᠠᠶ ᠪᠠᠷ ᠳᠤᠷᠠᠳᠤᠨ ᠭᠠᠷᠭᠠᠵᠤ᠂ ᠤᠭ ᠦᠨᠳᠦᠰᠦ ᠶᠢ ᠨᠢ ᠠᠭᠤᠳᠠᠯᠤᠨ ᠦᠨᠳᠦᠰᠦ ᠰᠤᠷᠪᠤᠯᠵᠢ ᠶᠢ ᠨᠢ ᠬᠦᠨᠳᠡᠵᠦ᠂ ᠠᠳᠠᠯᠢ ᠴᠢᠭᠯᠡᠯ ᠢᠶᠠᠷ ᠬᠦᠴᠦᠯᠡᠬᠦ᠂ ᠰᠢᠰᠲ᠋ᠧᠮ ᠲᠠᠢ ᠪᠠᠷ ᠴᠡᠭᠴᠡᠯᠡᠨ ᠰᠠᠶᠢᠵᠢᠷᠠᠭᠤᠯᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠪᠠ᠃    ︵ᠲᠦᠷᠪᠡ︶ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠰᠢᠶᠠᠨ ᠤ ᠨᠠᠮ ᠤᠨ ᠬᠤᠷᠢᠶ᠎ᠠ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠲᠦᠷᠦᠭᠦᠯᠡᠨ ᠬᠢᠬᠦ ᠰᠠᠯᠠᠭ᠎ᠠ ᠮᠥᠴᠢᠷ ᠪᠣᠯᠤᠨ ᠲᠦᠷᠦᠭᠦᠯᠡᠨ ᠬᠠᠷᠢᠭᠤᠴᠠᠬᠤ ᠬᠥᠮᠦᠨ ᠢ ᠴᠢᠩᠭ᠎ᠠ ᠠᠩᠬᠠᠷᠴᠤ᠂ ᠮᠥᠷᠳᠡᠨ ᠲᠤᠬᠢᠷᠠᠭᠤᠯᠬᠤ ᠪᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠶᠢᠨ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃ ᠬᠠᠷᠢᠭᠤ ᠲᠤᠰᠬᠠᠭᠰᠠᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠬᠤᠭᠤᠴᠠᠭᠠᠨ ᠳᠤ᠂ ᠰᠢᠶᠠᠨ ᠤ ᠨᠠᠮ ᠤᠨ ᠬᠤᠷᠢᠶᠠᠨ ᠤ ᠭᠤᠣᠯ ᠤᠳᠤᠷᠢᠳᠤᠯᠭ᠎ᠠ 2 ᠤᠳᠠᠭ᠎ᠠ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠤᠳᠤᠷᠢᠳᠬᠤ ᠳᠤᠭᠤᠶᠢᠯᠠᠩ ᠤᠨ ᠬᠤᠷᠠᠯ᠂ 1 ᠤᠳᠠᠭ᠎ᠠ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠬᠠᠮᠲᠤ ᠪᠠᠷ ᠰᠤᠳᠤᠯᠵᠤ᠂ ᠲᠥᠪᠯᠡᠷᠡᠭᠦᠯᠦᠨ ᠠᠬᠢᠭᠤᠯᠪᠠ᠃ ᠰᠢᠶᠠᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠨᠡᠷ ᠲᠤᠰ ᠲᠤᠰ ᠲᠤᠰᠬᠠᠢ ᠰᠡᠳᠦᠪᠲᠦ ᠬᠤᠷᠠᠯ᠂ ᠶᠠᠷᠢᠯᠴᠠᠬᠤ ᠬᠤᠷᠠᠯ᠂ ᠪᠠᠶᠢᠴᠠᠭᠠᠨ ᠰᠤᠳᠤᠯᠬᠤ ᠬᠤᠷᠠᠯ ᠪᠠ ᠠᠵᠢᠯ ᠤᠨ ᠲᠣᠭᠲᠠᠮᠠᠯ ᠬᠤᠷᠠᠯ ᠵᠡᠷᠭᠡ ᠶᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠴᠠᠭ ᠲᠤᠬᠠᠢ ᠳᠤᠨᠢ ᠪᠠᠶᠢᠷᠢᠯᠠᠭᠤᠯᠪᠠ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠ ᠮᠥᠷᠳᠡᠨ ᠱᠠᠯᠠᠪᠳᠠᠭᠤᠯᠤᠨ ᠰᠢᠢᠳᠪᠦᠷᠢᠯᠡᠬᠦ ᠪᠠᠨ ᠴᠢᠩᠭᠠᠳᠬᠠᠵᠤ᠂ ᠡᠳᠦᠷ ᠲᠤᠲᠤᠮ ᠤᠨ ᠲᠣᠬᠢᠷᠠᠭᠤᠯᠤᠯᠲᠠ ᠬᠢᠬᠦ᠂ ᠱᠠᠯᠠᠪᠳᠠᠭᠤᠯᠤᠨ ᠮᠡᠳᠡᠭᠡᠯᠡᠬᠦ᠂ ᠥᠪᠡᠰᠦᠪᠡᠨ ᠦᠨᠡᠯᠡᠵᠦ ᠳ᠋ᠤᠭᠠᠷ ᠬᠠᠰᠤᠬᠤ ᠵᠡᠷᠭᠡ ᠠᠵᠢᠯ ᠤᠨ ᠲᠦᠷᠢᠮ ᠢ ᠪᠠᠶᠢᠭᠤᠯᠵᠤ ᠂ ᠰᠠᠷ᠎ᠠ ᠪᠦᠷᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠬᠢᠨᠠᠨ ᠬᠠᠷᠭᠤᠭᠤᠯᠵᠤ ᠰᠤᠳᠤᠯᠤᠨ ᠮᠠᠭᠠᠳᠯᠠᠵᠤ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠠᠮᠲᠤ ᠪᠠᠷ ᠪᠠᠶᠢᠴᠠᠭᠠᠨ ᠠᠰᠠᠭᠤᠵᠤ᠂ ᠲᠥᠪᠯᠡᠷᠡᠭᠦᠯᠦᠨ ᠵᠣᠬᠢᠴᠠᠭᠤᠯᠤᠨ ᠰᠢᠢᠳᠪᠦᠷᠢᠯᠡᠪᠡ᠃ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠡᠳᠦᠷ ᠲᠤᠳᠤᠮ ᠤᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠵᠥᠪᠳᠡᠯᠴᠡᠨ ᠰᠤᠳᠤᠯᠤᠨ ᠮᠠᠭᠠᠳᠯᠠᠬᠤ᠂ ᠪᠠᠶᠢᠴᠠᠭᠠᠨ ᠰᠤᠳᠤᠯᠵᠤ ᠰᠢᠮᠳᠠᠭᠤᠯᠤᠨ ᠪᠠᠶᠢᠴᠠᠭᠠᠬᠤ᠂ ᠲᠤᠬᠠᠢ ᠶᠢᠨ ᠭᠠᠵᠠᠷ ᠲᠤᠨᠢ ᠪᠠᠶᠢᠴᠠᠭᠠᠬᠤ᠂ ᠶᠠᠷᠢᠯᠴᠠᠵᠤ ᠰᠠᠨᠠᠭᠤᠯᠬᠤ ᠵᠡᠷᠭᠡ ᠠᠷᠭ᠎ᠠ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠦ ᠡᠳᠦᠷ ᠲᠤᠳᠤᠮ ᠤᠨ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠠᠬᠢᠭᠤᠯᠪᠠ᠃   ᠬᠤᠶᠠᠷ᠂ ᠲᠤᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ    ︵ᠨᠢᠭᠡ︶ ᠨᠠᠮ ᠤᠨ ᠣᠨᠣᠯ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠨᠠᠶᠢᠳᠠᠪᠤᠷᠢᠵᠢᠭᠤᠯᠤᠨ᠎ᠠ᠃    1. ᠠᠵᠤ ᠦᠢᠯᠡᠰ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠨᠢᠭᠡ ᠳᠤ᠂ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠬᠥᠲᠥᠴᠢ ᠠᠵᠤ ᠠᠬᠤᠶᠢᠯᠠᠯ ᠢ ᠢᠳᠡᠪᠬᠢᠲᠡᠶ ᠪᠠᠷ ᠪᠤᠶᠢᠵᠢᠭᠤᠯᠤᠨ ᠣᠷᠣᠭᠤᠯᠤᠨ ᠠᠪᠴᠢᠷᠠᠵᠤ᠂ ᠠᠯᠠᠰᠢᠨ ᠦᠬᠡᠷ ᠠᠯᠠᠰᠢᠨ ᠬᠤᠨᠢᠨ ᠤ ᠲᠥᠯᠥᠪᠵᠢᠭᠦᠯᠭᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ᠂ ᠭᠠᠭ᠋ᠠᠶ ᠶᠢᠨ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠪᠠ ᠠᠯᠲᠠᠨ ᠲᠠᠬᠢᠶ᠎ᠠ ᠶᠢᠨ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠵᠤ᠂ ᠵᠠᠰᠠᠭ ᠤᠨ ᠣᠷᠳᠣᠨ ᠤ ᠪᠠᠯᠠ ᠮᠥᠩᠭᠦ ᠪᠠᠷ ᠲᠠᠷᠢᠶᠠᠴᠢᠨ ᠡᠷᠦᠬᠡ ᠶᠢᠨ ᠲᠡᠵᠢᠭᠡᠨ ᠦᠷᠡᠵᠢᠭᠦᠯᠬᠦ ᠬᠡᠪᠴᠢᠶ᠎ᠡ ᠶᠢ ᠥᠷᠭᠡᠳᠬᠡᠨ᠂ ᠮᠠᠯ ᠵᠢᠭᠦᠷᠲᠡᠨ ᠤ ᠡᠭᠦᠯᠳᠡᠷ ᠢ ᠰᠠᠶᠢᠵᠢᠷᠠᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ᠂ ᠰᠢᠨ᠎ᠡ ᠰᠣᠷᠭᠤᠭ ᠪᠠᠶᠢᠯᠭᠠᠬᠤ ᠨᠥᠭᠡᠴᠡ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠵᠡᠷᠭᠡ ᠢᠵᠢ ᠪᠥᠷᠢᠳᠦᠭᠦᠯᠬᠦ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠬᠤᠶᠠᠷ ᠲᠤ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠲᠣᠨᠤᠭ ᠲᠥᠬᠦᠭᠡᠷᠦᠮᠵᠢ ᠦᠢᠯᠡᠳᠬᠦ᠂ ᠮᠡᠳᠡᠭᠡ ᠵᠠᠩᠭᠢ ᠶᠢᠨ ᠮᠡᠷᠭᠡᠵᠢᠯ᠂ ᠪᠣᠬᠢᠷᠲᠤᠯ ᠦᠭᠡᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠬᠦ ᠶᠢ ᠴᠢᠬᠤᠯᠠᠴᠢᠯᠠᠵᠤ᠂ ᠮᠣᠯᠢᠪᠳᠧᠨ᠂ ᠲᠡᠮᠦᠷ ᠤᠨ ᠬᠠᠶᠢᠯᠤᠰᠢ ᠶᠢᠨ ᠬᠤᠶᠠᠷ ︽ᠨᠢᠳᠤᠷᠭᠠᠨ ᠦᠢᠯᠡᠳᠬᠦᠨ︾ ᠤ ᠨᠡᠮᠡᠯᠲᠡ ᠥᠷᠲᠡᠭ ᠢ ᠳᠡᠭᠡᠭᠰᠢᠯᠡᠭᠦᠯᠵᠦ᠂ ᠬᠡᠯᠬᠢᠶᠡᠵᠢᠭᠰᠡᠨ ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠᠷ ᠭᠤᠣᠯᠳᠠᠯᠭ᠎ᠠ ᠲᠠᠢ ᠠᠵᠤ ᠦᠢᠯᠡᠰ ᠤᠨ ᠪᠦᠲᠦᠴᠡ ᠶᠢ ᠲᠤᠬᠢᠷᠠᠭᠤᠯᠬᠤ᠂ ᠬᠡᠯᠬᠢᠶ᠎ᠡ ᠶᠢ ᠲᠣᠭᠲᠠᠪᠤᠷᠢᠵᠢᠭᠤᠯᠬᠤ᠂ ᠨᠥᠭᠡᠴᠡ ᠬᠦᠴᠦᠨ ᠢ ᠨᠡᠮᠡᠭᠳᠡᠭᠦᠯᠬᠦ ᠶᠢ ᠠᠬᠢᠭᠤᠯᠤᠨ᠎ᠠ᠃ ᠭᠤᠷᠪᠠ ᠳᠤ᠂ ᠰᠢᠶᠠᠨ ᠤ ᠬᠡᠪᠴᠢᠶᠡᠨ ᠤ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠣᠯᠠᠨ ᠶᠠᠩᠵᠤ ᠶᠢᠨ ᠰᠣᠶᠣᠯ ᠵᠢᠭᠤᠯᠴᠢᠯᠠᠯ ᠤᠨ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠶᠢ ᠥᠷᠨᠢᠭᠦᠯᠵᠦ᠂ ᠰᠣᠶᠣᠯ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠢ ᠪᠤᠶᠢᠵᠢᠭᠤᠯᠵᠤ᠂ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠠᠶᠢᠴᠢᠯᠠᠨ᠎ᠠ᠃ ᠲᠦᠷᠪᠡ ᠳᠤ᠂ ᠭᠠᠳᠠᠨ᠎ᠠ ᠠᠴᠠ ᠣᠷᠣᠭᠤᠯᠵᠤ ᠳᠣᠲᠣᠭᠠᠳᠤ ᠳᠠᠭᠠᠨ ᠬᠥᠮᠦᠵᠢᠭᠦᠯᠬᠦ ᠶᠢ ᠴᠢᠬᠤᠯᠠᠴᠢᠯᠠᠵᠤ᠂ ᠤᠳᠤ ᠦᠶ᠎ᠡ ᠶᠢᠨ ᠲᠠᠷᠢᠶᠠᠯᠠᠩ᠂ ᠰᠣᠶᠣᠯ ᠵᠢᠭᠤᠯᠴᠢᠯᠠᠯ ᠡᠷᠡᠭᠦᠯ ᠮᠡᠨᠳᠦ ᠰᠤᠪᠢᠯᠠᠯᠲᠠ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠵᠡᠷᠭᠡ ᠶᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢᠨ ᠭᠤᠣᠯᠳᠠᠯᠭ᠎ᠠ ᠲᠠᠢ ᠴᠢᠭᠯᠡᠯ ᠪᠣᠯᠭᠠᠵᠤ᠂ ᠬᠡᠯᠬᠢᠶ᠎ᠡ ᠶᠢ ᠨᠥᠬᠦᠪᠥᠷᠢᠯᠡᠬᠦ᠂ ᠬᠡᠯᠬᠢᠶ᠎ᠡ ᠶᠢ ᠤᠷᠲᠤᠳᠬᠠᠬᠤ ᠪᠠ ᠪᠦᠯᠦᠭᠯᠡᠬᠦ ᠬᠡᠯᠪᠡᠷᠢ ᠪᠠᠷ ᠠᠷᠠᠯᠵᠢᠶᠠᠴᠢᠨ ᠤᠷᠢᠬᠤ ᠶᠢ ᠥᠷᠨᠢᠭᠦᠯᠵᠦ᠂ ᠪᠦᠬᠦ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠬᠤᠷᠠᠮᠳᠤᠭᠤᠯᠵᠤ ᠥᠭᠭᠦᠨ᠎ᠡ᠃    2. ᠰᠢᠶᠠᠨ ᠤ ᠬᠡᠪᠴᠢᠶᠡᠨ ᠤ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ᠃ ᠨᠢᠭᠡ ᠳᠤ᠂ ︽︿ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ﹀ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠡᠭᠦᠷᠭᠡ ᠶᠢᠨ ᠨᠠᠷᠢᠨ ᠲᠠᠩᠰᠠ᠂ ᠭᠤᠤᠯᠳᠠᠯᠭ᠎ᠠ ᠲᠠᠢ ᠲᠥᠷᠥᠯ ᠵᠦᠢᠯ ᠤᠨ ᠨᠠᠷᠢᠨ ᠲᠠᠩᠰᠠ︾ ᠶᠢ ᠲᠣᠭᠲᠠᠭᠠᠵᠤ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠪᠠ᠃ ᠬᠤᠶᠠᠷ ᠲᠤ᠂ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠵᠤ᠂ ᠭᠤᠤᠯᠳᠠᠯᠭ᠎ᠠ ᠲᠠᠢ ᠡᠭᠦᠷᠭᠡ ᠶᠢᠨ ᠲᠣᠬᠢᠷᠠᠭᠤᠯᠤᠯᠲᠠ ᠶᠢ ᠴᠢᠩᠭᠠᠳᠬᠠᠨ᠂ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠵᠣᠯᠭᠠᠯᠴᠠᠭ᠎ᠠ ᠶᠢᠨ ᠰᠠᠭᠠᠳ ᠥᠬᠡᠶ ᠨᠡᠪᠲᠡᠷᠡᠬᠦ᠂ ᠬᠠᠷᠠᠯᠲᠠ ᠶᠢᠨ ᠲᠤᠭ᠎ᠠ ᠪᠠᠷᠢᠮᠲᠠ ᠨᠢᠭᠡᠳᠦᠯᠲᠡᠶ ᠪᠠᠶᠢᠬᠤ ᠶᠢ ᠦᠨᠡᠨ ᠬᠦ ᠪᠠᠲᠤᠯᠠᠨ᠎ᠠ᠃ ᠭᠤᠷᠪᠠ ᠳᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠵᠦ ᠲᠥᠪᠬᠢᠨᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠪᠠᠬᠢᠵᠢᠭᠦᠯᠦᠨ ᠴᠢᠩᠭᠠᠳᠬᠠᠵᠤ᠂ ᠦᠢᠯᠡᠴᠢᠯᠡᠭᠡᠨ ᠤ ᠪᠠᠲᠤᠯᠠᠭ᠎ᠠ ᠶᠢ ᠲᠡᠭᠦᠯᠳᠡᠷᠵᠢᠭᠦᠯᠦᠨ᠂ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ᠂ ᠪᠣᠯᠪᠠᠰᠤᠨ ᠢ ᠬᠠᠮᠲᠤ ᠪᠠᠷ ᠪᠠᠶᠢᠭᠤᠯᠬᠤ ᠶᠢ ᠪᠣᠳᠠᠲᠠᠶ ᠠᠳᠬᠤᠵᠤ᠂ ᠣᠨᠳᠣᠤ ᠭᠠᠵᠠᠷ ᠲᠤ ᠨᠡᠭᠦᠯᠭᠡᠨ ᠶᠠᠳᠠᠭᠤ ᠠᠴᠠ ᠠᠩᠭᠢᠵᠢᠷᠠᠭᠤᠯᠬᠤ ᠰᠠᠭᠤᠷᠢ ᠶᠢ ᠨᠠᠩ ᠪᠠᠲᠤᠳᠬᠠᠵᠤ᠂ ᠦᠷ᠎ᠡ ᠪᠦᠲᠦᠮᠵᠢ ᠶᠢ ᠨᠠᠩ ᠦᠷᠭᠦᠯᠵᠢᠯᠡᠭᠦᠯᠦᠨ᠎ᠡ᠃ ᠲᠦᠷᠪᠡ ᠳᠤ᠂ ᠤᠲᠤᠮᠠᠯ ᠢᠳᠡᠭᠡᠨ ᠤ ᠠᠵᠤ ᠦᠢᠯᠡᠰ ᠤᠨ ᠬᠦᠷᠢᠶᠡᠯᠡᠩ ᠢ ᠨᠢᠭᠡᠨᠲᠡ ᠪᠠᠶᠢᠭᠤᠯᠵᠤ᠂ ᠵᠦᠸᠧᠽᠢ ᠰᠢᠶᠠᠨ ᠤ ᠬᠤᠶᠠᠳᠤᠭᠠᠷ ᠬᠤᠭᠤᠴᠠᠭᠠᠨ ᠤ ᠤᠲᠤᠮᠠᠯ ᠲᠠᠬᠢᠶ᠎ᠠ ᠶᠢᠨ ᠰᠣᠶᠣᠯ ᠵᠢᠭᠤᠯᠴᠢᠯᠠᠯ ᠤᠨ ᠪᠠᠶᠠᠷ ᠢ ᠠᠮᠵᠢᠯᠲᠠ ᠲᠠᠢ ᠡᠷᠬᠢᠯᠡᠵᠦ᠂ ︽ᠨᠣᠭᠤᠭᠠᠨ ᠡᠳ᠋ ᠤᠨ ᠴᠠᠶᠢᠵᠠ ᠭᠠᠷᠭᠠᠬᠤ︾᠂ ︽ᠲᠠᠪᠤ ᠶᠢ ᠣᠷᠣᠭᠤᠯᠬᠤ ᠠᠵᠢᠯᠯᠠᠭ᠎ᠠ︾᠂ ︽ᠤᠲᠤᠮᠠᠯ ᠲᠠᠬᠢᠶ᠎ᠠ ᠶᠢ ᠪᠡᠭᠡᠵᠢᠩ ᠳᠤ ᠣᠷᠣᠭᠤᠯᠬᠤ︾ ᠵᠡᠷᠭᠡ ᠠᠵᠢᠯᠯᠠᠭ᠎ᠠ ᠶᠢ ᠥᠷᠨᠢᠭᠦᠯᠵᠦ᠂ ︽ᠵᠦᠸᠧᠽᠢ ᠶᠢᠨ ᠤᠲᠤᠮᠠᠯ ᠲᠠᠬᠢᠶ᠎ᠠ︾ ᠶᠢᠨ ᠤᠯᠤᠰ ᠤᠨ ᠭᠠᠵᠠᠷ ᠵᠦᠢ ᠶᠢᠨ ᠪᠡᠯᠭᠡ ᠲᠡᠮᠳᠡᠭᠲᠦ ᠪᠦᠲᠦᠭᠡᠭᠳᠡᠬᠦᠨ ᠤ ᠲᠦᠷᠦᠯ ᠲᠡᠮᠳᠡᠭ ᠤᠨ ᠨᠥᠯᠥᠭᠡᠯᠡᠬᠦ ᠬᠦᠴᠦᠨ ᠢ ᠦᠷᠭᠦᠯᠵᠢᠯᠡᠨ ᠥᠷᠭᠡᠳᠬᠡᠪᠡ᠃   3. ︽ᠲᠠᠪᠤᠨ ᠶᠡᠭᠡ ᠡᠭᠦᠷᠭᠡ︾ ᠶᠢᠨ ᠠᠮᠵᠢᠯᠲᠠ ᠪᠦᠲᠦᠮᠵᠢ ᠤᠯᠬᠤ ᠶᠢ ᠠᠬᠢᠭᠤᠯᠤᠨ᠎ᠠ    ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠲᠠᠯ᠎ᠠ ᠪᠠᠷ᠂ ᠨᠢᠭᠡ ᠳᠤ᠂ 2018 ᠣᠨ ᠠᠴᠠ ᠨᠠᠭᠠᠰᠢ ᠵᠥᠪᠰᠢᠶᠡᠷᠡᠭᠦᠯᠦᠭᠡᠳᠦᠢ ᠪᠠᠷ ᠤᠷᠢᠳᠠᠪᠠᠷ ᠪᠦᠲᠦᠭᠡᠨ ᠪᠠᠶᠢᠭᠤᠯᠤᠭᠰᠠᠨ ᠲᠦᠷᠦᠯ ᠵᠦᠢᠯ ᠤᠨ ᠠᠵᠤ ᠠᠬᠤᠶᠢᠯᠠᠯ ᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ ᠬᠠᠮᠢᠶ᠎ᠠ ᠪᠦᠬᠦᠢ ᠭᠠᠷᠳᠠᠮ ᠢ ᠴᠠᠭ ᠲᠤᠬᠠᠢ ᠳᠤᠨᠢ ᠨᠥᠬᠦᠵᠦ ᠭᠦᠢᠴᠡᠳᠭᠡᠬᠦ ᠶᠢ ᠱᠠᠭᠠᠷᠳᠠᠪᠠ᠃ ᠬᠤᠶᠠᠷ ᠲᠤ᠂ ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠢ ᠰᠢᠮᠳᠠᠭᠤᠯᠤᠨ ᠪᠠᠶᠢᠴᠠᠭᠠᠬᠤ᠂ ᠪᠥᠬᠦ ᠣᠷᠣᠨ ᠤ ᠣᠶ ᠰᠢᠭᠤᠶ ᠶᠢᠨ ᠰᠢᠮᠳᠠᠭᠤᠯᠤᠨ ᠪᠠᠶᠢᠴᠠᠭᠠᠬᠤ ᠠᠰᠠᠭᠤᠳᠠᠯ ᠤᠨ ᠲᠣᠯᠪᠤ ᠶᠢ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠨ ᠠᠬᠢᠭᠤᠯᠵᠤ᠂ ᠳᠠᠬᠢᠨ ᠬᠠᠭᠠᠯᠪᠤᠷᠢᠯᠠᠬᠤ᠂ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠬᠦ ᠪᠠ ᠭᠠᠵᠠᠷ ᠬᠡᠷᠡᠭᠯᠡᠬᠦ ᠭᠠᠷᠳᠠᠮ ᠢ ᠨᠥᠬᠦᠵᠦ ᠭᠦᠢᠴᠡᠳᠭᠡᠬᠦ ᠪᠠᠷ ᠭᠤᠤᠯ ᠠᠷᠭ᠎ᠠ ᠬᠡᠮᠵᠢᠶ᠎ᠡ ᠪᠣᠯᠭᠠᠨ᠂ ᠬᠠᠤᠯᠢ ᠠᠴᠠ ᠵᠥᠷᠢᠴᠡᠭᠰᠡᠨ ᠭᠤᠤᠯ ᠴᠣᠭᠴᠠ ᠶᠢ ᠰᠢᠮᠳᠠᠭᠤᠯᠵᠤ ᠪᠠᠶᠢᠭᠠᠳ ᠬᠠᠤᠯᠢ ᠠᠴᠠ ᠵᠥᠷᠢᠴᠡᠭᠰᠡᠨ ᠪᠠᠶᠢᠳᠠᠯ ᠢ ᠠᠷᠢᠯᠭᠠᠨ᠎ᠠ᠃ ᠭᠤᠷᠪᠠ ᠳᠤ᠂ ᠣᠶᠢᠵᠢᠭᠤᠯᠵᠤ ᠬᠠᠮᠢᠶᠠᠷᠤᠨ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠣᠶᠢᠵᠢᠭᠤᠯᠵᠤ ᠨᠣᠭᠤᠭᠠᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠲᠦᠷᠪᠡ ᠳᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠪᠠᠳᠠᠷᠠᠭᠤᠯᠵᠤ᠂ ᠠᠮᠢ ᠠᠬᠤᠢ ᠶᠢᠨ ᠲᠤᠰᠬᠠᠢ ᠪᠡᠯᠡ ᠮᠥᠩᠭᠦ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠮᠢ ᠠᠬᠤᠢ ᠶᠢᠨ ᠲᠦᠷᠦᠯ ᠵᠦᠢᠯ ᠤᠨ ᠲᠣᠭᠲᠠᠭᠠᠯ ᠶᠣᠰᠣᠭᠠᠷ ᠬᠠᠤᠯᠢ ᠶᠣᠰᠣᠭᠠᠷ ᠪᠦᠲᠦᠮᠵᠢᠲᠡᠢ ᠬᠡᠷᠡᠭᠵᠢᠭᠦᠯᠦᠭᠳᠡᠬᠦ ᠶᠢ ᠪᠠᠲᠤᠯᠠᠨ᠎ᠠ᠃    ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠲᠠᠯ᠎ᠠ ᠪᠠᠷ᠂ ᠨᠢᠭᠡ ᠳᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠵᠦᠸᠧᠽᠢ ᠰᠢᠶᠠᠨ ᠤ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ ︵2024- 2026 ᠣᠨ︶︾ ᠢ ᠳᠠᠷᠤᠮᠠᠯᠯᠠᠨ ᠲᠠᠷᠬᠠᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠵᠢᠭᠰᠠᠭᠠᠨ ᠪᠠᠶᠢᠴᠠᠭᠠᠬᠤ ᠪᠠ ᠬᠥᠳᠡᠯᠦᠩᠭᠦᠢ ᠪᠠᠷ ᠮᠥᠷᠳᠡᠨ ᠱᠠᠯᠠᠪᠳᠠᠭᠤᠯᠤᠨ ᠪᠠᠶᠢᠴᠠᠭᠠᠬᠤ ᠲᠦᠷᠢᠮ ᠢ ᠲᠡᠭᠦᠯᠳᠡᠷᠵᠢᠭᠦᠯᠵᠦ᠂ ᠠᠮᠤᠷ ᠲᠦᠪᠰᠢᠨ ᠤ ᠬᠡᠮ ᠰᠣᠭᠤᠭ ᠢ ᠵᠠᠰᠠᠬᠤ ᠠᠵᠢᠯ ᠢ ᠥᠷᠨᠢᠭᠦᠯᠵᠦ᠂ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠢ ᠤᠷᠢᠳᠴᠢᠯᠠᠨ ᠰᠡᠷᠭᠡᠶᠢᠯᠡᠪᠡ᠃ ᠬᠤᠶᠠᠷ ᠲᠤ᠂ ᠵᠥᠷᠢᠴᠡᠯ ᠵᠢᠭᠤᠷᠠᠯᠳᠤᠭᠠᠨ ᠢ ᠤᠯᠠᠨ ᠡᠰᠢᠴᠢᠯᠡᠨ ᠰᠢᠢᠳᠪᠦᠷᠢᠯᠡᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ︽ᠪᠦᠬᠦ ᠰᠢᠶᠠᠨ ᠤ ᠭᠤᠣᠯᠳᠠᠯᠭ᠎ᠠ ᠲᠠᠢ ᠬᠠᠮᠲᠤᠯᠢᠭ ᠪᠠ ᠨᠡᠶᠢᠭᠡᠮ ᠤᠨ ᠵᠥᠷᠢᠴᠡᠯ ᠢ ᠪᠠᠶᠢᠴᠠᠭᠠᠨ ᠰᠢᠢᠳᠪᠦᠷᠢᠯᠡᠬᠦ ᠲᠤᠰᠬᠠᠢ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠵᠥᠷᠢᠴᠡᠯ ᠵᠢᠭᠤᠷᠠᠯᠳᠤᠭᠠᠨ ᠢ ᠪᠦᠬᠦᠨ ᠢ ᠬᠠᠷᠠᠭᠠᠨ ᠳᠤ ᠣᠷᠣᠭᠤᠯᠵᠤ᠂ ᠴᠠᠭ ᠲᠤᠬᠠᠢ ᠳᠤᠨᠢ ᠪᠦᠲᠦᠮᠵᠢᠲᠡᠢ ᠰᠢᠢᠳᠪᠦᠷᠢᠯᠡᠪᠡ᠃ ᠭᠤᠷᠪᠠ ᠳᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠤᠯᠢ ᠪᠠᠷ ᠵᠠᠰᠠᠬᠤ ᠶᠢ ᠠᠬᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠯᠠᠨ ᠲᠦᠮᠡᠨ ᠤ ᠬᠠᠤᠯᠢ ᠶᠣᠰᠣᠭᠠᠷ ᠠᠵᠢᠯ ᠶᠠᠪᠤᠳᠠᠯ ᠭᠦᠢᠴᠡᠳᠬᠡᠬᠦ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠬᠦ᠂ ᠵᠥᠷᠢᠴᠡᠯ ᠢ ᠨᠠᠮᠳᠠᠭᠤᠯᠬᠤ ᠳᠤ ᠬᠠᠤᠯᠢ ᠳᠤ ᠲᠦᠰᠢᠭᠯᠡᠬᠦ ᠶᠢ ᠬᠦᠳᠦᠯᠦᠨ ᠵᠢᠯᠣᠭᠤᠳᠴᠤ᠂ 2024 ᠣᠨ ᠤ ᠵᠠᠬᠢᠳᠠᠯ ᠰᠤᠷᠪᠤᠯᠵᠢᠯᠠᠭ᠎ᠠ ᠶᠢᠨ ᠬᠡᠮᠵᠢᠶ᠎ᠡ 2023 ᠣᠨ ᠤ ᠬᠢ ᠠᠴᠠ ᠶᠡᠭᠡ ᠬᠡᠮᠵᠢᠶ᠎ᠡ ᠪᠠᠷ ᠪᠠᠭᠤᠷᠠᠭᠤᠯᠤᠨ᠎ᠠ᠃ ᠲᠦᠷᠪᠡ ᠳᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠢ ᠲᠦᠷᠢᠮ ᠲᠣᠭᠲᠠᠭᠠᠯ ᠰᠠᠬᠢᠯᠭ᠎ᠠ ᠪᠠᠲᠤ ᠶᠣᠰᠣᠭᠠᠷ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠪᠡ᠃    ᠡᠨᠧᠷᠭᠢ ᠪᠣᠯᠤᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠠᠶᠢᠭᠤᠯᠬᠤ ᠲᠠᠯ᠎ᠠ ᠪᠠᠷ ᠂ ᠨᠢᠭᠡ ᠳᠤ᠂ ᠤᠯᠠᠮᠵᠢᠯᠠᠯᠲᠤ ᠡᠨᠧᠷᠭᠢ ᠶᠢᠨ ᠰᠢᠰᠲ᠋ᠧᠮ ᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠳᠣᠬᠢᠴᠢᠯᠠᠭᠰᠠᠨ ᠡᠨᠧᠷᠭᠢ ᠶᠢᠨ ᠰᠢᠰᠲ᠋ᠧᠮ ᠲᠡᠰᠢ ᠰᠢᠯᠵᠢᠭᠦᠯᠬᠦ ᠶᠢ ᠲᠦᠷᠭᠡᠳᠬᠡᠵᠦ᠂ ᠤᠯᠠᠭᠠᠨᠴᠠᠪ ᠬᠤᠳᠠ ᠶᠢᠨ ᠡᠨᠧᠷᠭᠢ ᠶᠢᠨ ᠪᠡᠯᠡ ᠣᠷᠣᠭᠤᠯᠤᠯᠲᠠ ᠶᠢᠨ ᠺᠣᠮᠫᠠᠨᠢ ᠶᠢᠨ ᠪᠣᠬᠢᠷᠲᠤᠯ ᠦᠭᠡᠢ ᠴᠠᠬᠢᠯᠭᠠᠨ ᠤ ᠲᠦᠷᠦᠯ ᠵᠦᠢᠯ ᠤᠨ ᠬᠡᠷᠡᠭᠵᠢᠭᠦᠯᠦᠯᠲᠡ ᠶᠢ ᠬᠦᠴᠦᠯᠡᠨ ᠠᠬᠢᠭᠤᠯᠵᠤ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠪᠣᠯᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠤᠨ᠎ᠠ᠃ ᠬᠤᠶᠠᠷ ᠲᠤ᠂ ᠴᠢᠨᠠᠷ ᠰᠠᠶᠢᠲᠠᠶ ᠰᠢᠨ᠎ᠡ ᠡᠨᠧᠷᠭᠢ ᠶᠢᠨ ᠲᠥᠷᠥᠯ ᠵᠦᠶ᠋ᠯ ᠢ ᠢᠳᠡᠪᠬᠢᠲᠡᠶ ᠣᠷᠣᠭᠤᠯᠤᠨ ᠠᠪᠴᠢᠷᠠᠵᠤ᠂ ᠢ ᠳ᠋ᠦᠩ ᠳ᠋ᠦᠩ ᠰᠢᠩ ᠬᠢᠮᠢ ᠶᠢᠨ ᠠᠵᠤ ᠦᠶ᠋ᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ 6MW ᠲᠠᠷᠬᠠᠮᠠᠯ ᠮᠠᠶ᠋ᠢᠭ ᠤᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠶ᠋ᠯ᠂ ᠵᠥᠩ ᠨᠧᠩ ᠪᠠᠶᠢᠭᠠᠯᠢ ᠶᠢᠨ ᠰᠢᠲᠠᠮᠠᠬᠠᠶ ᠬᠡᠶ ᠶᠢᠨ ᠬᠢᠵᠠᠭᠠᠷᠲᠤ ᠺᠣᠮᠫᠠᠨᠢ ᠶᠢᠨ 10MW ᠨᠣᠭᠤᠭᠠᠨ ᠴᠠᠬᠢᠯᠭᠠᠨ ᠤ ᠲᠥᠷᠥᠯ ᠵᠦᠶ᠋ᠯ᠂ ᠭᠦᠸᠧ ᠴᠧᠩ ᠠᠵᠤ ᠦᠶ᠋ᠯᠡᠰ ᠤᠨ 50MW ᠰᠢᠨ᠎ᠡ ᠡᠨᠧᠷᠭᠢ ᠶᠢᠨ ᠪᠥᠬᠦ ᠲᠤᠭ᠎ᠠ ᠪᠠᠷ ᠥᠪᠡᠰᠦᠪᠡᠨ ᠬᠡᠷᠡᠭᠯᠡᠬᠦ ᠲᠥᠷᠥᠯ ᠵᠦᠶ᠋ᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠨᠣᠭᠤᠭᠠᠨ ᠴᠠᠬᠢᠯᠭᠠᠨ ᠤ ᠦᠶ᠋ᠯᠡᠳᠪᠦᠷᠢᠯᠡᠬᠦ ᠴᠢᠳᠠᠪᠤᠷᠢ ᠶᠢ ᠥᠷᠭᠡᠳᠬᠡᠨ᠂ ᠪᠣᠬᠢᠷᠲᠤᠯ ᠥᠬᠡᠶ ᠴᠠᠬᠢᠯᠭᠠᠨ ᠤ ᠲᠣᠬᠢᠷᠠᠭᠤᠯᠤᠯᠲᠠ ᠶᠢᠨ ᠬᠠᠷᠢᠴᠠᠯ ᠨᠢ ᠠᠵᠤ ᠠᠬᠤᠶᠢᠯᠠᠯ ᠤᠨ ᠬᠡᠷᠡᠭᠴᠡᠭᠡ ᠶᠢ ᠬᠠᠩᠭᠠᠵᠤ ᠳᠡᠶᠢᠯᠬᠦ ᠥᠬᠡᠶ ᠪᠠᠶᠢᠬᠤ ᠠᠰᠠᠭᠤᠳᠠᠯ ᠢ ᠴᠢᠷᠮᠠᠶᠢᠨ ᠰᠢᠶ᠋ᠳᠪᠦᠷᠢᠯᠡᠨ᠎ᠡ᠃    ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠲᠠᠯ᠎ᠠ ᠪᠠᠷ᠂ ᠨᠢᠭᠡ ᠳᠤ᠂ 2018 ᠣᠨ ᠠᠴᠠ ᠨᠠᠰᠢ ᠪᠠᠶᠢᠭᠤᠯᠵᠤ ᠳᠠᠭᠤᠰᠬᠠᠭᠰᠠᠨ ᠪᠥᠭᠡᠳ ᠡᠵᠡᠩᠨᠡᠵᠦ ᠪᠠᠶᠢᠭ᠎ᠠ 61 ᠡᠵᠡᠩᠨᠡᠯᠲᠡ ᠶᠢᠨ ᠴᠢᠨᠠᠷᠲᠠᠶ ᠲᠥᠷᠥᠯ ᠵᠦᠢᠯ ᠢ ᠪᠥᠬᠦ ᠲᠠᠯ᠎ᠠ ᠪᠠᠷ ᠲᠣᠭᠠᠯᠠᠨ ᠪᠦᠷᠢᠳᠬᠡᠵᠦ᠂ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠪᠠ ᠠᠰᠢᠭ ᠣᠷᠣᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠂ ︽ᠳᠥᠷᠪᠡᠨ ᠨᠢᠭᠡ ᠪᠦᠯᠦᠭ︾ ᠢᠶᠠᠷ ᠳᠠᠮᠵᠢᠭᠤᠯᠤᠨ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠦᠷ᠎ᠡ ᠠᠰᠢᠭ ᠢᠶᠠᠷ ᠳᠣᠤᠷ᠎ᠠ ᠰᠤᠯᠠ ᠲᠠᠯᠪᠢᠬᠤ᠂ ᠬᠤᠴᠣᠷᠤᠩᠭᠤᠶ ᠲᠥᠷᠥᠯ ᠵᠦᠢᠯ ᠢ ᠠᠮᠢᠳᠤᠯᠢᠭᠵᠢᠭᠤᠯᠬᠤ ᠪᠠ ᠲᠣᠬᠢᠷᠠᠭᠤᠯᠵᠤ᠂ ᠡᠳ᠋ ᠬᠥᠷᠥᠩᠭᠡ ᠶᠢᠨ ᠲᠦᠭᠰᠢᠭᠦᠷᠢ ᠶᠢ ᠪᠠᠭᠤᠷᠠᠭᠤᠯᠤᠨ᠎ᠠ᠃ ᠬᠤᠶᠠᠷ ᠲᠤ᠂ ᠥᠪᠡᠷᠲᠡᠭᠡᠨ ᠵᠠᠰᠠᠬᠤ ᠣᠷᠣᠨ ᠤ ︽ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠴᠢᠩᠭᠠᠳᠬᠠᠵᠤ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠬᠡᠯᠪᠡᠷᠢ ᠶᠢᠨ ᠬᠠᠮᠲᠤ ᠶᠢᠨ ᠠᠵᠤ ᠠᠬᠤᠶ ᠶᠢ ᠲᠡᠳᠬᠦᠨ ᠬᠥᠭᠵᠢᠭᠦᠯᠬᠦ ᠲᠤᠬᠠᠶ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠠᠰᠢᠭ ᠣᠷᠣᠯᠭ᠎ᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠵᠤ᠂ ᠲᠡᠳᠬᠦᠨ ᠳᠡᠮᠵᠢᠬᠦ ᠲᠥᠷᠥᠯ ᠵᠦᠢᠯ ᠤᠨ ᠲᠣᠭᠲᠠᠭᠤᠨ ᠡᠷᠭᠢᠯᠲᠡ᠂ ᠠᠰᠢᠭ ᠣᠷᠣᠯᠭ᠎ᠠ ᠶᠢᠨ ᠲᠣᠭᠲᠠᠭᠤᠨ ᠪᠠᠶᠢᠬᠤ ᠶᠢ ᠠᠬᠢᠭᠤᠯᠤᠨ᠎ᠠ᠃ ᠭᠤᠷᠪᠠ ᠳᠤ ᠲᠠᠷᠢᠶᠠᠯᠠᠩ ᠳᠤ ᠬᠤᠯᠪᠣᠭᠳᠠᠬᠤ ᠨᠥᠬᠦᠪᠥᠷᠢ ᠪᠡᠯᠡ ᠮᠥᠩᠭᠦ ᠶᠢ ᠴᠠᠭ ᠲᠤᠬᠠᠶ ᠳᠤᠨᠢ ᠣᠯᠭᠤᠵᠤ᠂ ᠲᠤᠰᠬᠠᠶ ᠵᠦᠢᠯ ᠤᠨ ᠨᠥᠬᠦᠪᠥᠷᠢ ᠪᠡᠯᠡ ᠮᠥᠩᠭᠦ ᠶᠢᠨ ᠪᠠᠳᠠᠷᠠᠭᠤᠯᠪᠠᠰᠤ ᠵᠣᠬᠢᠬᠤ ᠲᠠᠷᠢᠶᠠᠴᠢᠳ ᠲᠤ ᠠᠰᠢᠭ ᠬᠦᠷᠲᠡᠭᠡᠬᠦ ᠦᠷ᠎ᠡ ᠪᠦᠲᠦᠮᠵᠢ ᠶᠢ ᠪᠠᠳᠠᠷᠠᠭᠤᠯᠬᠤ ᠶᠢ ᠦᠨᠡᠨ ᠬᠦ ᠪᠠᠲᠤᠯᠠᠨ᠎ᠠ᠃  ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢ ᠪᠥᠲᠥᠭᠡᠨ ᠪᠠᠶᠢᠭᠤᠯᠬᠤ ᠲᠠᠯ᠎ᠠ ᠪᠠᠷ᠂ ᠨᠢᠭᠡ ᠳᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠰᠢᠶᠠᠨ ᠤ ᠳᠣᠲᠣᠷᠠᠬᠢ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠡᠯ᠎ᠡ ᠲᠥᠷᠥᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠦᠵᠡᠰᠬᠦᠯᠡᠩ ᠳᠤ ᠣᠷᠣᠯᠴᠠᠬᠤ ᠶᠢ ᠵᠣᠷᠢᠭᠵᠢᠭᠤᠯᠤᠨ ᠳᠡᠮᠵᠢᠵᠦ᠂ ᠪᠣᠷᠣᠯᠠᠭᠤᠯᠭ᠎ᠠ ᠶᠢᠨ ᠠᠷᠭ᠎ᠠ ᠵᠠᠮ ᠢᠶᠠᠨ ᠥᠷᠭᠡᠳᠬᠡᠨ᠂ ᠭᠠᠳᠠᠭᠠᠳᠤ ᠳᠤ ᠭᠠᠷᠭᠠᠬᠤ ᠭᠠᠳᠠᠭᠠᠳᠤ ᠠᠷᠠᠯᠵᠢᠶᠠᠨ ᠤ ᠦᠷ᠎ᠡ ᠠᠰᠢᠭ ᠢᠶᠠᠨ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ 2024 ᠣᠨ ᠳᠤ ᠬᠡᠷᠡᠭᠵᠢᠭᠦᠯᠦᠭᠰᠡᠨ ᠴᠢᠬᠤᠯᠠ ᠶᠡᠭᠡ ᠲᠦᠷᠦᠯ ᠵᠦᠢᠯ ᠳᠤ ᠰᠢᠶᠠᠨ ᠤ ᠱᠠᠲᠤᠨ ᠤ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ᠂ ᠪᠦᠬᠦ ᠶᠠᠪᠤᠴᠠ ᠳᠤ ᠳᠠᠭᠠᠵᠤ ᠦᠢᠯᠡᠴᠢᠯᠡᠬᠦ ᠶᠢ ᠬᠡᠷᠡᠭᠵᠢᠭᠦᠯᠵᠦ᠂ ᠲᠦᠷᠦᠯ ᠵᠦᠢᠯ ᠢ ᠡᠷᠲᠡ ᠨᠠᠶᠢᠳᠠᠪᠤᠷᠢᠵᠢᠭᠤᠯᠬᠤ᠂ ᠡᠷᠲᠡ ᠪᠠᠶᠢᠭᠤᠯᠬᠤ᠂ ᠡᠷᠲᠡ ᠠᠰᠢᠭ ᠬᠦᠷᠳᠡᠬᠦ ᠶᠢ ᠠᠬᠢᠭᠤᠯᠤᠨ᠎ᠠ᠃ ᠭᠤᠷᠪᠠ ᠳᠤ᠂ ︽ᠴᠤᠤᠶᠠᠩ ᠤᠨ ᠭᠤᠷᠪᠠᠨ ᠵᠢᠯ ᠤᠨ ᠠᠵᠢᠯᠯᠠᠭ᠎ᠠ ᠶᠢᠨ ᠵᠥᠪᠯᠡᠯᠴᠡᠭᠡᠷ︾ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠵᠦᠸᠧᠽᠢ ᠶᠢᠨ ᠲᠠᠷᠢᠶᠠᠯᠠᠩ ᠤᠨ ᠣᠨᠴᠠ ᠭᠠᠷᠤᠯᠲᠠ ᠶᠢᠨ ᠠᠵᠤ ᠠᠬᠤᠶᠢᠯᠠᠯ ᠬᠢᠭᠡᠳ ᠪᠡᠭᠡᠵᠢᠩ ᠲᠢᠶᠠᠨᠵᠢᠨ ᠾᠧᠪᠸᠢ ᠣᠷᠣᠨ ᠤ ᠬᠡᠲᠦ ᠳᠡᠯᠭᠡᠭᠦᠷ᠂ ᠢᠳᠡᠭᠡᠨ ᠤᠮᠳᠠᠭᠠᠨ ᠤ ᠠᠵᠤ ᠠᠬᠤᠶᠢᠯᠠᠯ ᠵᠡᠷᠭᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠤᠷᠲᠤ ᠬᠤᠭᠤᠴᠠᠭᠠᠨ ᠤ ᠲᠣᠭᠲᠠᠭᠤᠨ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠵᠤ᠂ ︽ᠨᠣᠭᠤᠭᠠᠨ ᠪᠦᠲᠦᠭᠡᠭᠳᠡᠬᠦᠨ ᠠᠴᠠ ᠴᠠᠶᠢᠵᠠ ᠭᠠᠷᠬᠤ︾᠂ ︽ᠤᠲᠤᠮᠠᠯ ᠲᠠᠬᠢᠶ᠎ᠠ ᠶᠢ ᠪᠡᠭᠡᠵᠢᠩ ᠳᠤ ᠣᠷᠣᠭᠤᠯᠬᠤ︾ ᠵᠡᠷᠭᠡ ᠠᠵᠢᠯᠯᠠᠭ᠎ᠠ ᠵᠢᠴᠢ ᠡᠯ᠎ᠡ ᠲᠥᠷᠥᠯ ᠤᠨ ᠭᠤᠤᠯ ᠰᠡᠳᠦᠪᠲᠦ ᠦᠵᠡᠰᠬᠦᠯᠡᠩ ᠢᠶᠠᠷ ᠳᠠᠮᠵᠢᠭᠤᠯᠤᠨ᠂ ᠵᠦᠸᠧᠽᠢ ᠶᠢᠨ ᠲᠠᠷᠢᠶᠠᠯᠠᠩ ᠤᠨ ᠣᠨᠴᠠ ᠪᠦᠲᠦᠭᠡᠭᠳᠡᠬᠦᠨ ᠢ ᠪᠡᠭᠡᠵᠢᠩ ᠤᠨ ᠵᠠᠬ᠎ᠠ ᠳᠡᠯᠭᠡᠭᠦᠷ ᠲᠤ ᠣᠷᠣᠭᠤᠯᠬᠤ ᠶᠢ ᠠᠬᠢᠭᠤᠯᠤᠨ᠎ᠠ᠃    4. ᠤᠯᠤᠰ ᠤᠨ ᠥᠮᠴᠢᠯᠡᠯᠲᠦ ᠠᠵᠤ ᠠᠬᠤᠶᠢᠯᠠᠯ ᠳᠠᠬᠢ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠨᠢᠭᠡ ᠳᠤ᠂ ︽ᠵᠦᠸᠧᠽᠢ ᠰᠢᠶᠠᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭᠠᠨ ᠤ ᠲᠥᠰᠦᠯ︾ ᠢ ᠲᠣᠭᠲᠠᠭᠠᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠺᠣᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠬᠦ ᠳᠤᠮᠳᠠ ᠨᠠᠮ ᠤᠨ ᠤᠳᠤᠷᠢᠳᠤᠯᠭ᠎ᠠ ᠪᠠ ᠨᠠᠮ ᠤᠨ ᠪᠠᠶᠢᠭᠤᠯᠤᠯᠲᠠ ᠶᠢ ᠦᠨᠡᠨᠬᠦ ᠴᠢᠩᠭᠠᠳᠬᠠᠬᠤ ᠶᠢ ᠠᠬᠢᠭᠤᠯᠤᠨ᠎ᠠ᠃ ᠬᠤᠶᠠᠷ ᠲᠤ ᠲᠤᠬᠠᠶᠢᠯᠠᠭᠰᠠᠨ ᠠᠵᠢᠯ ᠨᠢ ᠳᠠᠪᠬᠤᠴᠠᠭᠰᠠᠨ᠂ ᠦᠷ᠎ᠡ ᠠᠰᠢᠭ ᠢᠶᠠᠷ ᠳᠣᠣᠷ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠰᠢᠯᠢᠳᠡᠭᠵᠢᠭᠦᠯᠦᠨ ᠨᠡᠶᠢᠯᠡᠭᠦᠯᠵᠦ᠂ ᠰᠢᠶᠠᠨ ᠤ ᠬᠠᠷᠢᠶ᠎ᠠ ᠪᠦᠬᠦᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯᠲᠠᠨ ᠤ ᠴᠠᠯᠢᠩ ᠬᠥᠯᠥᠰᠥ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠬᠦ ᠶᠢ ᠲᠦᠯᠬᠢᠨ ᠠᠬᠢᠭᠤᠯᠤᠨ᠎ᠠ᠃ ᠭᠤᠷᠪᠠ ᠳᠤ᠂ ᠨᠠᠮ ᠤᠨ ᠪᠠᠶᠢᠭᠤᠯᠤᠯᠲᠠ ᠶᠢᠨ ᠠᠵᠢᠯ ᠢ ᠰᠢᠶᠠᠨ ᠤ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠺᠣᠮᠫᠠᠨᠢ ᠶᠢᠨ ᠳᠦᠷᠢᠮ ᠳᠤ ᠣᠷᠣᠭᠤᠯᠵᠤ᠂ ᠨᠠᠮ ᠤᠨ ᠪᠠᠶᠢᠭᠤᠯᠤᠯᠲᠠ ᠶᠢᠨ ᠠᠵᠤ ᠠᠬᠤᠶᠢᠯᠠᠯ ᠤᠨ ᠬᠥᠭᠵᠢᠯᠲᠡ ᠳᠤ ᠦᠵᠡᠭᠦᠯᠬᠦ ᠬᠥᠲᠥᠯᠥᠨ ᠳᠠᠭᠠᠭᠤᠯᠬᠤ ᠦᠢᠯᠡᠳᠦᠯ ᠢ ᠤᠯᠠᠮ ᠨᠢᠭᠡ ᠠᠯᠬᠤᠮ ᠴᠢᠩᠭᠠᠳᠬᠠᠨ᠎ᠠ᠃    5. ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠨᠢᠭᠡ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠢᠶᠠᠷ ᠠᠴᠢᠶᠠᠯᠠᠪᠤᠷᠢ ᠪᠣᠯᠭᠠᠵᠤ᠂ ︽ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ︽ᠨᠠᠢᠮᠠ ᠶᠢ ᠣᠷᠣᠭᠤᠯᠬᠤ︾ ᠠᠵᠢᠯᠯᠠᠭ᠎ᠠ ᠶᠢ ᠠᠬᠢᠭᠤᠯᠵᠤ᠂ ︽ᠭᠤᠷᠪᠠᠨ ᠰᠠᠯᠵᠤ ᠴᠢᠳᠠᠬᠤ ᠥᠬᠡᠶ︾᠂ ︽ᠳᠥᠷᠪᠡᠨ ᠬᠠᠮᠲᠤ ᠪᠠᠷ︾᠂ ︽ᠳᠥᠷᠪᠡᠨ ᠬᠠᠮᠲᠤ ᠪᠠᠷ︾᠂ ︽ᠲᠠᠪᠤᠨ ᠦᠵᠡᠯᠲᠡ︾᠂ ︽ᠲᠠᠪᠤᠨ ᠦᠵᠡᠯᠲᠡ︾ ᠪᠠ ︽ᠲᠤᠯᠤᠭᠠᠨ ᠵᠢᠱᠢᠶᠡᠴᠢ︾ ᠵᠡᠷᠭᠡ ᠣᠶᠢᠯᠠᠭᠠᠭᠳᠠᠬᠤᠨ ᠪᠠ ᠱᠠᠭᠠᠷᠳᠠᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠦᠨᠳᠦᠰᠦᠲᠡᠨ ᠨᠦᠭᠦᠳ ᠤᠨ ᠺᠠᠳ᠋ᠷ ᠠᠵᠢᠯᠲᠠᠨ ᠠᠵᠢᠯᠴᠢᠨ ᠢ ᠬᠥᠲᠥᠯᠦᠨ ᠵᠢᠯᠣᠭᠤᠳᠴᠤ ᠬᠠᠮᠲᠤ ᠶᠢᠨ ᠴᠣᠭᠴᠠ ᠶᠢᠨ ᠣᠨᠣᠯᠵᠢᠬᠤᠨ ᠢ ᠪᠠᠲᠤ ᠪᠠᠬᠢ ᠪᠣᠶ ᠪᠣᠯᠭᠠᠪᠠ᠃ ᠬᠤᠶᠠᠷ ᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠵᠣᠬᠢᠶᠠᠯ ᠪᠦᠲᠦᠭᠡᠯ ᠵᠣᠬᠢᠶᠠᠨ ᠪᠦᠲᠦᠭᠡᠬᠦ ᠵᠢᠴᠢ ᠤᠷᠠᠨ ᠰᠠᠶᠢᠬᠠᠨ ᠤ ᠶᠠᠪᠤᠴᠠ ᠳᠤ ᠲᠤᠤᠱᠯᠠᠭᠤᠯᠵᠤ᠂ ᠲᠤᠮᠤ ᠬᠡᠯᠪᠡᠷᠢ ᠶᠢᠨ ᠦᠨᠳᠦᠰᠦᠲᠡᠨ ᠤ ᠳᠠᠭᠤᠯᠠᠯᠲᠤ ᠵᠦᠴᠦᠭᠡ ︽ᠬᠦᠰᠡᠯ ᠵᠡᠭᠦᠳᠦ︾᠂ ᠱᠤᠭ ᠵᠦᠴᠦᠭᠡ ︽ᠰᠡᠳᠬᠢᠯ ᠨᠢᠭᠡᠳᠦᠨ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠵᠡᠷᠭᠡ ᠤᠳᠬ᠎ᠠ ᠤᠷᠠᠯᠢᠭ ᠤᠨ ᠪᠦᠲᠦᠭᠡᠯ ᠢ ᠭᠠᠷᠭᠠᠵᠤ᠂ ᠰᠢᠶᠠᠨ ᠤ ᠤᠯᠠᠭᠠᠨᠮᠥ᠋ᠴᠢᠷ ︽ᠤᠳᠬ᠎ᠠ ᠤᠷᠠᠯᠢᠭ ᠤᠨ ᠤᠬᠠᠭᠤᠯᠤᠨ ᠲᠠᠶᠢᠯᠪᠤᠷᠢᠯᠠᠯᠲᠠ︾᠂ ︽ᠤᠳᠬ᠎ᠠ ᠤᠷᠠᠯᠢᠭ ᠤᠨ ᠲᠦᠷᠦ ᠶᠢᠨ ᠪᠤᠳᠤᠯᠭ᠎ᠠ︾ ᠵᠡᠷᠭᠡ ᠠᠷᠭ᠎ᠠ ᠬᠡᠯᠪᠡᠷᠢ ᠪᠠᠷ ᠦᠨᠳᠦᠰᠦᠨ ᠱᠠᠲᠤᠨ ᠳᠤ ᠭᠦᠨᠵᠡᠭᠡᠶᠢᠷᠡᠨ ᠦᠵᠡᠭᠦᠯᠦᠯᠭᠡ ᠶᠢᠨ ᠲᠣᠭᠯᠠᠯᠲᠠ ᠭᠠᠷᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠪᠠ᠃ ᠭᠤᠷᠪᠠ ᠳᠤ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠤᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ︽ᠵᠦᠸᠧᠽᠢ ᠰᠢᠶᠠᠨ ᠨᠠᠮ ᠤᠨ ᠦᠭᠡ ᠶᠢ ᠰᠣᠨᠣᠰᠬᠤ᠂ ᠨᠠᠮ ᠤᠨ ᠠᠴᠢ ᠳᠤ ᠲᠠᠯᠠᠷᠬᠠᠬᠤ᠂ ᠨᠠᠮ ᠢᠶᠠᠨ ᠳᠠᠭᠠᠬᠤ ᠤᠯᠠᠨ ᠲᠦᠮᠡᠨ ᠤ ᠬᠥᠮᠦᠵᠢᠯ ᠤᠨ ᠡᠭᠦᠷᠭᠡ ᠶᠢᠨ ᠨᠠᠷᠢᠨ ᠲᠠᠩᠰᠠ︾ ᠶᠢ ᠲᠣᠭᠲᠠᠭᠠᠵᠤ᠂ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠵᠤ ᠤᠯᠠᠨ ᠲᠦᠮᠡᠨ ᠤ ᠰᠤᠷᠭᠠᠨ ᠬᠥᠮᠦᠵᠢᠯ ᠤᠨ ᠠᠵᠢᠯ ᠢ ᠪᠠᠶᠢᠩᠭᠤᠵᠢᠭᠤᠯᠤᠨ ᠥᠷᠨᠢᠭᠦᠯᠪᠡ᠃ ᠲᠦᠷᠪᠡ ᠳᠤ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠦᠯᠵᠢᠶᠡᠨ ᠢᠷᠭᠡᠳ ᠤᠨ ᠠᠩᠬᠠᠷᠤᠯ ᠳᠤ ᠢᠳᠡᠪᠬᠢᠲᠡᠢ ᠬᠠᠷᠢᠭᠤᠯᠲᠠ ᠥᠭᠴᠦ᠂ ᠡᠯ᠎ᠡ ᠲᠦᠷᠦᠯ ᠤᠨ ᠨᠠᠵᠠᠭᠠᠢ ᠲᠠᠯ᠎ᠠ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠢᠰᠬᠦ ᠶᠢ ᠰᠡᠷᠭᠡᠶᠢᠯᠡᠵᠦ᠂ ᠰᠦᠯᠵᠢᠶᠡᠨ ᠤ ᠣᠷᠣᠨ ᠵᠠᠢ ᠶᠢᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠲᠠᠪᠤ ᠳᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢ ᠴᠢᠩᠭᠠᠳᠬᠠᠵᠤ᠂ ︽ᠤᠯᠠᠭᠠᠨᠴᠠᠪ ᠬᠤᠲᠠ ᠶᠢᠨ ᠬᠠᠤᠯᠢ ᠪᠤᠰᠤ ᠱᠠᠰᠢᠨ ᠰᠤᠷᠲᠠᠬᠤᠨ ᠤ ᠠᠵᠢᠯᠯᠠᠭ᠎ᠠ ᠶᠢ ᠵᠠᠰᠠᠬᠤ ᠠᠵᠢᠯ ᠢ ᠴᠢᠩᠭᠠᠳᠬᠠᠬᠤ ᠬᠡᠷᠡᠭᠵᠢᠭᠦᠯᠬᠦ ᠲᠥᠰᠦᠯ︾ ᠢ ᠭᠦᠨᠵᠡᠭᠡᠶ ᠲᠤᠤᠱᠯᠠᠭᠤᠯᠵᠤ᠂ ᠬᠠᠤᠯᠢ ᠪᠤᠰᠤ ᠱᠠᠰᠢᠨ ᠰᠤᠷᠲᠠᠬᠤᠨ ᠤ ᠠᠵᠢᠯᠯᠠᠭ᠎ᠠ ᠶᠢ ᠦᠷᠭᠦᠯᠵᠢᠯᠡᠨ ᠵᠠᠰᠠᠨ᠎ᠠ᠃    6. ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠨᠢᠭᠡ ᠳᠤ ᠢᠳᠡᠪᠬᠢᠲᠡᠶ ᠪᠠᠷ ᠪᠠᠯᠠ ᠮᠥᠩᠭᠦ ᠴᠤᠭᠯᠠᠭᠤᠯᠵᠤ᠂ ᠢᠨᠵᠧᠨᠧᠷᠢᠩ ᠤᠨ ᠰᠢᠨ᠎ᠡ ᠪᠠᠷ ᠪᠠᠶᠢᠭᠤᠯᠬᠤ ᠢᠯᠴᠢ ᠶᠢᠨ ᠢᠷᠡᠯᠲᠡ᠂ ᠢᠯᠴᠢ ᠰᠣᠯᠢᠬᠤ ᠥᠷᠲᠡᠭᠡ ᠶᠢ ᠥᠭᠡᠷᠡᠴᠢᠯᠡᠬᠦ ᠪᠠ ᠨᠢᠭᠡᠳᠦᠭᠡᠷ ᠳᠡᠰ ᠤᠨ ᠬᠤᠭᠤᠯᠠᠶ ᠶᠢᠨ ᠲᠣᠤᠷ ᠢ ᠥᠭᠡᠷᠡᠴᠢᠯᠡᠬᠦ ᠵᠡᠷᠭᠡ ᠲᠥᠷᠥᠯ ᠵᠦᠶ᠋ᠯ ᠢ 9 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠳᠠᠭᠤᠰᠬᠠᠵᠤ᠂ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠦᠨᠡᠨᠬᠦ ᠪᠠᠲᠤᠯᠠᠨ᠎ᠠ᠃ ᠬᠤᠶᠠᠷ ᠲᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠯᠪᠠᠲᠠᠨ ᠡᠯᠰᠡᠬᠦ᠂ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠡᠯᠰᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠳᠤᠲᠠᠭᠤᠳᠠᠯ ᠢ ᠴᠢᠷᠮᠠᠶᠢᠨ ᠨᠥᠬᠦᠪᠥᠷᠢᠯᠡᠨ᠎ᠡ᠃ ᠭᠤᠷᠪᠠ ᠳᠤ᠂ ᠠᠯᠪᠠᠨ ᠲᠤᠰᠢᠶᠠᠯᠲᠠᠨ ᠤ ᠡᠷᠡᠭᠦᠯ ᠪᠤᠰᠤ ᠵᠢᠭᠡᠯᠡᠯᠭᠡ᠂ ᠬᠤᠳᠠᠯᠳᠤᠭᠠᠨ ᠤ ᠡᠷᠦᠬᠡ ᠶᠢᠨ ᠪᠡᠯᠡ ᠮᠥᠩᠭᠦ ᠶᠢ ᠥᠷᠢᠲᠦᠬᠦ ᠵᠡᠷᠭᠡ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠢ ᠴᠠᠭ ᠲᠤᠬᠠᠢ ᠳᠤᠨᠢ ᠱᠠᠯᠠᠪᠳᠠᠭᠤᠯᠵᠤ ᠪᠠᠶᠢᠭᠠᠳ ᠰᠢᠢᠳᠪᠦᠷᠢᠯᠡᠭᠦᠯᠦᠨ᠎ᠡ᠃    7. ᠰᠢᠶᠠᠨ ᠤ ᠨᠠᠮ ᠤᠨ ᠬᠤᠷᠢᠶᠠᠨ ᠤ ᠡᠯ᠎ᠡ ᠲᠠᠯ᠎ᠠ ᠶᠢ ᠵᠣᠬᠢᠴᠠᠭᠤᠯᠬᠤ ᠦᠢᠯᠡᠳᠦᠯ ᠢ ᠪᠠᠳᠠᠷᠠᠭᠤᠯᠤᠨ᠎ᠠ᠃ ᠨᠢᠭᠡ ᠳᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠡᠰ ᠳᠠᠷᠠᠭᠠᠯᠠᠯ ᠪᠣᠯᠤᠨ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠬᠤ ᠬᠡᠷᠡᠭᠲᠡᠶ᠃ 2024 ᠣᠨ ᠳᠤ ᠬᠡᠷᠡᠭᠵᠢᠭᠦᠯᠦᠭᠰᠡᠨ ᠴᠢᠬᠤᠯᠠ ᠶᠡᠭᠡ ᠲᠥᠷᠥᠯ ᠵᠦᠢᠯ ᠳᠤ ᠰᠢᠶᠠᠨ ᠤ ᠱᠠᠲᠤᠨ ᠤ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ ᠶᠢ ᠬᠡᠷᠡᠭᠵᠢᠭᠦᠯᠵᠦ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ︔ ︽ᠵᠦᠸᠧᠽᠢ ᠰᠢᠶᠠᠨ ᠤ ᠰᠢᠶᠠᠩ ᠪᠠᠯᠭᠠᠰᠤᠨ ᠤ ᠠᠵᠢᠯ ᠤᠨ ᠨᠥᠬᠦᠪᠥᠷᠢ ᠶᠢ ᠵᠢᠷᠤᠮᠵᠢᠭᠤᠯᠬᠤ ᠲᠤᠬᠠᠶ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠨᠥᠬᠦᠪᠥᠷᠢ ᠣᠯᠭᠤᠬᠤ ᠶᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠦᠨᠳᠦᠰᠦᠨ ᠱᠠᠲᠤᠨ ᠤ ᠨᠥᠬᠦᠪᠥᠷᠢ ᠣᠯᠭᠤᠬᠤ ᠶᠢ ᠡᠷᠬᠡ ᠲᠡᠭᠰᠢ ᠲᠥᠪ ᠭᠤᠤᠯᠴᠢ᠂ ᠵᠦᠶ ᠵᠣᠬᠢᠰᠲᠠᠶ ᠪᠥᠭᠡᠳ ᠬᠠᠤᠯᠢ ᠳᠤ ᠨᠡᠶᠢᠴᠡᠭᠦᠯᠬᠦ ᠶᠢ ᠦᠨᠡᠨᠬᠦ ᠪᠠᠲᠤᠯᠠᠪᠠ᠃ ᠬᠤᠶᠠᠷ ᠲᠤ᠂ ᠬᠠᠤᠯᠢ ᠪᠠᠷ ᠰᠢᠶᠠᠨ ᠢ ᠵᠠᠰᠠᠬᠤ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠠᠬᠢᠭᠤᠯᠤᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠬᠤ ᠠᠭᠤᠯᠭ᠎ᠠ ᠳᠤ ᠣᠷᠣᠭᠤᠯᠵᠤ᠂ ᠲᠥᠯᠥᠪᠯᠡᠭᠡ ᠶᠣᠰᠣᠭᠠᠷ ᠬᠠᠤᠯᠢ ᠪᠠᠷ ᠵᠠᠰᠠᠬᠤ ᠲᠤᠰᠬᠠᠢ ᠰᠡᠳᠦᠪᠲᠦ ᠲᠠᠶᠢᠯᠤᠮᠵᠢ ᠶᠢ ᠵᠣᠬᠢᠶᠠᠨ ᠪᠠᠶᠢᠭᠤᠯᠤᠨ ᠥᠷᠨᠢᠭᠦᠯᠪᠡ︔ ᠰᠢ ᠶᠢᠨ ᠫᠢᠩ ᠶᠡᠷᠦᠩᠬᠡᠢ ᠱᠦᠵᠢ ᠶᠢᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠰᠢᠨ᠎ᠡ ᠴᠠᠭ ᠦᠶ᠎ᠡ ᠶᠢᠨ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ︽ᠠᠷᠪᠠᠨ ᠴᠠᠭᠠᠵᠠᠯᠠᠬᠤ ᠵᠠᠷᠯᠢᠭ︾᠂ ᠬᠠᠤᠯᠢ ᠴᠠᠭᠠᠵᠠ ᠳᠤ ᠭᠠᠷ ᠲᠦᠷᠦᠭᠦ ᠶᠢ ᠰᠡᠷᠭᠡᠶᠢᠯᠡᠬᠦ ︽ᠭᠤᠷᠪᠠᠨ ᠲᠣᠭᠲᠠᠭᠠᠯ︾ ᠵᠡᠷᠭᠡ ᠠᠭᠤᠯᠭ᠎ᠠ ᠪᠠᠷ ᠭᠤᠣᠯᠳᠠᠯᠭ᠎ᠠ ᠪᠣᠯᠭᠠᠵᠤ᠂ ᠤᠯᠤᠰ ᠲᠦᠷᠦ ᠶᠢᠨ ᠡᠭᠡᠯᠵᠢᠯᠡᠨ ᠪᠣᠯᠪᠠᠰᠤᠷᠠᠭᠤᠯᠬᠤ ᠶᠢ ᠥᠷᠨᠢᠭᠦᠯᠵᠦ᠂ ᠬᠢᠨᠠᠯᠲᠠ ᠲᠠᠯᠪᠢᠵᠤ ᠬᠢᠵᠠᠭᠠᠷᠯᠠᠬᠤ ᠲᠣᠭᠲᠠᠴᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠬᠠᠯᠠᠮᠰᠢᠯ ᠠᠵᠢᠯ ᠤᠨ ᠪᠠᠶᠢᠷᠢ᠂ ᠵᠠᠩᠭᠢᠯᠠᠭ᠎ᠠ ᠶᠢᠨ ᠬᠦᠷᠢᠶ᠎ᠡ᠂ ᠭᠤᠣᠯᠳᠠᠯᠭ᠎ᠠ ᠲᠠᠢ ᠭᠤᠭᠴᠤᠭ᠎ᠠ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠎ᠡ᠃ ᠭᠤᠷᠪᠠ ᠳᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠨ᠎ᠠ᠃ ᠵᠢᠭᠠᠨ ᠰᠤᠷᠭᠠᠯᠲᠠ ᠶᠢᠨ ᠨᠥᠬᠦᠴᠡᠯ ᠬᠤᠴᠣᠷᠤᠩᠭᠤᠶ᠂ ᠰᠣᠷᠣᠭᠴᠢ ᠶᠢᠨ ᠢᠷᠡᠯᠲᠡ ᠬᠦᠷᠦᠯᠴᠡᠬᠦ ᠥᠬᠡᠶ 2 ᠬᠥᠳᠡᠭᠡ ᠲᠣᠰᠬᠤᠨ ᠤ ᠵᠢᠭᠠᠨ ᠰᠤᠷᠭᠠᠯᠲᠠ ᠶᠢᠨ ᠴᠡᠭ ᠤᠨ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠰᠢᠯᠢᠳᠡᠭᠵᠢᠭᠦᠯᠦᠨ ᠨᠡᠶᠢᠳᠬᠡᠵᠦ᠂ 2026 ᠣᠨ ᠤ ᠡᠴᠦᠰ ᠠᠴᠠ ᠡᠮᠦᠨ᠎ᠡ ᠪᠥᠬᠦ ᠰᠢᠶᠠᠨ ᠤ 6 ᠬᠥᠳᠡᠭᠡ ᠲᠣᠰᠬᠤᠨ ᠤ ᠵᠢᠭᠠᠨ ᠰᠤᠷᠭᠠᠯᠲᠠ ᠶᠢᠨ ᠴᠡᠭ ᠢ ᠡᠮᠬᠢᠯᠡᠨ ᠨᠡᠶᠢᠯᠡᠭᠦᠯᠵᠦ᠂ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠪᠠᠷ ᠲᠥᠯᠥᠪᠯᠡᠵᠦ ᠪᠣᠶ︔ ᠪᠠᠶᠢᠭᠤᠯᠤᠭᠰᠠᠨ ᠲᠣᠭᠤᠷᠢᠭ ᠤᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠶᠡᠷᠦᠩᠬᠡᠶᠢᠯᠡᠭᠰᠡᠨ ᠠᠳᠠᠯ ᠠᠬᠤᠶ ᠶᠢᠨ ᠬᠠᠮᠢᠶᠠᠷᠤᠯᠲᠠ ᠶᠢᠨ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠦᠨ᠎ᠡ︔ ᠪᠥᠬᠦ ᠰᠢᠶᠠᠨ ᠤ ᠬᠥᠳᠡᠭᠡ ᠲᠣᠰᠬᠤᠨ ᠤ ᠰᠠᠭᠤᠭᠠᠯᠢ ᠠᠷᠠᠳ ᠲᠤ ︽ᠨᠡᠭᠦᠷᠡᠰᠦ ᠶᠢ ᠴᠠᠬᠢᠯᠭᠠᠨ ᠢᠶᠠᠷ ᠥᠭᠡᠷᠡᠴᠢᠯᠡᠬᠦ︾ ᠢᠨᠵᠧᠨᠧᠷᠢᠩ ᠢ ᠬᠡᠷᠡᠭᠵᠢᠭᠦᠯᠵᠦ᠂ ᠬᠤᠲᠠ ᠪᠠᠯᠭᠠᠰᠤᠨ ᠤ ᠨᠥᠬᠦᠴᠡᠯ ᠪᠦᠷᠢᠳᠦᠭᠦᠯᠦᠭᠰᠡᠨ ᠵᠢᠵᠢᠭ ᠲᠣᠭᠤᠷᠢᠭ ᠲᠤ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ ᠭᠤᠤᠷᠰᠤ ᠳᠡᠪᠢᠰᠴᠦ᠂ ᠴᠡᠪᠡᠷ ᠡᠨᠧᠷᠭᠢ ᠶᠢ ᠡᠷᠦᠬᠡ ᠳᠤ ᠣᠷᠣᠭᠤᠯᠬᠤ ᠪᠦᠷᠬᠦᠴᠡ ᠶᠢᠨ ᠨᠣᠷᠮ᠎ᠠ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ︔ ᠨᠥᠬᠦᠴᠡᠯ ᠪᠦᠷᠢᠯᠳᠦᠭᠦᠯᠦᠭᠰᠡᠨ 5 ᠪᠠᠶᠢᠭᠤᠯᠤᠮᠵᠢᠳᠤ ᠪᠠᠯᠭᠠᠰᠤᠨ ᠳᠤ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠬᠡᠷᠡᠭᠵᠢᠭᠦᠯᠦᠨ᠎ᠡ︔ ᠬᠡᠰᠡᠭ ᠵᠢᠵᠢᠭ ᠲᠣᠭᠤᠷᠢᠭ ᠤᠨ ᠤᠰᠤ ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠨ ᠲᠠᠰ ᠳᠡᠪᠰᠢᠭᠦᠯᠦᠨ᠎ᠡ︔ ᠳᠥᠷᠪᠡ ᠳᠤ ︽ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ︽ᠵᠦᠸᠧᠽᠢ ᠰᠢᠶᠠᠨ ᠠᠴᠠ ᠰᠢᠶᠠᠩ ᠪᠠᠯᠭᠠᠰᠤᠨ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠵᠢᠯᠣᠭᠤᠳᠬᠤ ᠭᠠᠷᠴᠠᠭ︾ ᠢ ᠳᠠᠷᠤᠮᠠᠯᠯᠠᠨ ᠲᠠᠷᠬᠠᠭᠠᠵᠤ᠂ ᠰᠢᠶᠠᠩ ᠪᠠᠯᠭᠠᠰᠤᠨ ᠤ ᠳᠠᠭᠠᠭᠠᠨ ᠠᠪᠬᠤ ᠵᠦᠢᠯᠡᠰ ᠤᠨ ᠨᠠᠷᠢᠨ ᠬᠠᠭᠤᠳᠠᠰᠤ ᠳᠤ ᠲᠣᠬᠢᠷᠠᠭᠤᠯᠤᠯᠲᠠ ᠬᠢᠵᠦ᠂ ᠰᠢᠶᠠᠩ ᠪᠠᠯᠭᠠᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠪᠦᠲᠦᠮᠵᠢᠲᠡᠶ ᠵᠣᠯᠭᠠᠭᠤᠯᠬᠤ ᠶᠢ ᠦᠨᠡᠨ ᠬᠦ ᠪᠠᠲᠤᠯᠠᠪᠠ︔ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠶᠢ 1537 ᠵᠦᠢᠯ ᠡᠮᠬᠢᠯᠡᠵᠦ᠂ ᠥᠪᠡᠷᠲᠡᠭᠡᠨ ᠵᠠᠰᠠᠬᠤ ᠣᠷᠣᠨ ᠠᠴᠠ ︽ᠮᠥᠩᠬᠡ ᠰᠤᠪᠠᠭ︾ ᠲᠤ ᠵᠠᠯᠭᠠᠨ ᠣᠷᠣᠭᠤᠯᠤᠭᠰᠠᠨ 11 ᠵᠦᠢᠯᠡᠰ ᠢ ᠴᠥᠮ ᠰᠦᠯᠵᠢᠶᠡᠨ ᠳᠡᠭᠡᠷ᠎ᠡ ᠭᠥᠯᠢᠶᠡᠨ ᠠᠪᠴᠤ ᠰᠢᠢᠳᠪᠦᠷᠢᠯᠡᠬᠦ ᠶᠢ ᠪᠡᠶᠡᠯᠡᠭᠦᠯᠵᠦ ᠪᠣᠯᠤᠨ᠎ᠠ᠃   ︵ᠬᠤᠶᠠᠷ︶ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ    1. ︽ᠨᠢᠭᠡᠳᠦᠭᠡᠷ ᠭᠠᠷ︾ ᠤᠨ ᠨᠠᠮ ᠢ ᠬᠠᠮᠢᠶᠠᠷᠴᠤ ᠨᠠᠮ ᠢ ᠵᠠᠰᠠᠬᠤ ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠶᠢ ᠬᠢᠨᠠᠮᠠᠭᠠᠶ ᠭᠦᠢᠴᠡᠳᠬᠡᠨ᠎ᠡ᠃ ︽ᠰᠢᠶᠠᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠨᠠᠷᠢᠨ ᠲᠠᠩᠰᠠ︾ ᠶᠢ ᠲᠣᠭᠲᠠᠭᠠᠵᠤ᠂ ︽ᠨᠢᠭᠡᠳᠦᠭᠡᠷ ᠭᠠᠷ︾ ᠢᠶᠠᠨ ᠰᠠᠶᠢᠲᠤᠷ ᠬᠠᠮᠢᠶᠠᠷᠬᠤ᠂ ᠡᠩᠨᠡᠭᠡ ᠪᠠᠨ ᠰᠠᠶᠢᠲᠤᠷ ᠳᠠᠭᠠᠭᠤᠯᠬᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠲᠣᠭᠲᠠᠴᠠ ᠪᠠ ︽ᠨᠢᠭᠡᠳᠦᠭᠡᠷ ᠭᠠᠷ︾ ᠢ ᠰᠢᠮᠳᠠᠭᠤᠯᠤᠨ ᠵᠢᠯᠣᠭᠤᠳᠴᠤ ᠪᠠᠶᠢᠭᠠᠳ ᠤᠳᠤᠷᠢᠳᠬᠤ ᠪᠠᠭ ᠤᠨ ᠪᠦᠷᠢᠯᠳᠦᠬᠦᠨ᠂ ᠳᠤᠤᠷᠠᠳᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠤᠨ ᠲᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠪᠡ᠃ 7 ᠰᠠᠷ᠎ᠠ ᠶᠢᠨ 1 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠭᠤᠣᠯ ᠬᠠᠷᠢᠭᠤᠴᠠᠯᠭᠠᠲᠠᠨ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠢ ᠲᠥᠯᠥᠭᠡᠯᠡᠨ 11 ᠠᠰᠠᠭᠤᠳᠠᠯ ᠢ ᠭᠤᠣᠯᠳᠠᠯᠭ᠎ᠠ ᠲᠠᠢ ᠪᠠᠶᠢᠴᠠᠭᠠᠵᠤ᠂ ᠥᠪᠡᠷ ᠤᠨ ᠰᠢᠭᠦᠮᠵᠢᠯᠡᠯ ᠳᠤᠮᠳᠠ᠂ ᠪᠠᠭ ᠤᠨ ᠪᠦᠷᠢᠯᠳᠦᠬᠦᠨ ᠨᠡᠶᠢᠳᠡ 112 ᠠᠰᠠᠭᠤᠳᠠᠯ ᠢ ᠪᠠᠶᠢᠴᠠᠭᠠᠨ ᠳᠡᠯᠭᠡᠪᠡ᠃ 7 ᠰᠠᠷ᠎ᠠ ᠶᠢᠨ 26 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 79 ᠳ᠋ᠦ᠋ᠭᠡᠷ ᠤᠳᠠᠭᠠᠨ ᠤ ᠬᠤᠷᠠᠯ ᠵᠢᠴᠢ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠲᠤᠰᠬᠠᠢ ᠰᠡᠳᠦᠪᠲᠦ ᠬᠤᠷᠠᠯ ᠢ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠭᠤᠣᠯ ᠬᠠᠷᠢᠭᠤᠴᠠᠯᠭᠠᠲᠠᠨ ᠨᠥᠬᠦᠳ ᠰᠢᠶᠠᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠭᠤᠣᠯ ᠬᠠᠷᠢᠭᠤᠴᠠᠯᠭᠠᠲᠠᠨ ᠨᠥᠬᠦᠳ ᠲᠠᠢ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠶᠠᠷᠢᠯᠴᠠᠭ᠎ᠠ ᠬᠢᠪᠡ᠃    2. ᠰᠢᠶᠠᠨᠢ ᠨᠠᠮ ᠤᠨ ᠬᠤᠷᠢᠶ᠎ᠠ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠵᠦ᠃ ᠨᠢᠭᠡ ᠳᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠣᠨ ᠨᠤᠲᠤᠭ ᠤᠨ ᠬᠤᠷᠢᠶᠠᠨ ᠤ ᠠᠵᠢᠯ ᠤᠨ ᠳᠦᠷᠢᠮ︾ ᠵᠡᠷᠭᠡ ᠴᠢᠬᠤᠯᠠ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠪᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠦᠸᠧᠽᠢ ᠰᠢᠶᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠡᠷᠡᠭ ᠵᠥᠪᠯᠡᠵᠦ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ︾᠂ ︽ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ︿ᠭᠤᠷᠪᠠᠨ ᠴᠢᠬᠤᠯᠠ ᠨᠢᠭᠡ ᠶᠡᠭᠡ﹀ ᠬᠡᠷᠡᠭ ᠵᠥᠪᠯᠡᠵᠦ ᠰᠢᠢᠳᠪᠦᠷᠢᠲᠦ ᠪᠣᠳᠣᠯᠭ᠎ᠠ ᠲᠣᠭᠲᠠᠭᠠᠬᠤ ᠨᠠᠷᠢᠨ ᠳᠠᠩᠰᠠ︾ ᠵᠡᠷᠭᠡ ᠰᠢᠶᠠᠨ ᠤ ᠨᠠᠮ ᠤᠨ ᠬᠤᠷᠢᠶ᠎ᠠ ᠶᠢᠨ ᠬᠡᠷᠡᠭ ᠵᠥᠪᠯᠡᠵᠦ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠵᠢᠯ ᠤᠨ ᠳᠡᠰ ᠳᠠᠷᠠᠭᠠᠯᠠᠯ ᠢ ᠴᠢᠩᠭ᠎ᠠ ᠬᠡᠷᠡᠭᠵᠢᠭᠦᠯᠵᠦ᠂ ᠤᠳᠤᠷᠢᠳᠬᠤ ᠺᠠᠳ᠋ᠷᠴᠤᠳ ᠤᠨ ᠶᠣᠰᠣ ᠳᠦᠷᠢᠮ ᠤᠨ ᠤᠬᠠᠮᠰᠠᠷ᠂ ᠳᠦᠷᠢᠮ ᠲᠣᠭᠲᠠᠭᠠᠯ ᠤᠨ ᠤᠬᠠᠮᠰᠠᠷ᠂ ᠳᠦᠷᠢᠮ ᠤᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ︽ᠨᠢᠭᠡᠳᠦᠭᠡᠷ ᠭᠠᠷ ︾ ᠪᠠ ᠤᠳᠤᠷᠢᠳᠬᠤ ᠪᠠᠭ ᠤᠨ ᠪᠦᠷᠢᠯᠳᠦᠬᠦᠨ ᠲᠦᠷᠦᠭᠦᠯᠡᠨ ᠲᠣᠭᠲᠠᠭᠠᠯ ᠬᠡᠷᠡᠭᠵᠢᠭᠦᠯᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠬᠤᠶᠠᠷ ᠲᠤ᠂ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢᠨ ᠠᠵᠢᠯ ᠢ ᠰᠢᠶᠠᠨ ᠤ ᠨᠠᠮ ᠤᠨ ᠬᠤᠷᠢᠶ᠎ᠠ ᠶᠢᠨ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠨᠠᠷᠢᠨ ᠲᠠᠩᠰᠠ ᠳᠤ ᠣᠷᠣᠭᠤᠯᠵᠤ᠂ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠺᠠᠳ᠋ᠷ ᠤᠨ ᠡᠳᠦᠷ ᠲᠤᠲᠤᠮ ᠤᠨ ᠰᠤᠷᠭᠠᠨ ᠬᠥᠮᠦᠵᠢᠯ ᠤᠨ ᠬᠢᠨᠠᠯᠲᠠ ᠬᠠᠮᠢᠶᠠᠷᠤᠯᠲᠠ ᠳᠤ ᠲᠤᠤᠱᠯᠠᠭᠤᠯᠤᠨ᠎ᠠ︔ ᠲᠣᠭᠲᠠᠭᠠᠯ ᠶᠣᠰᠣᠭᠠᠷ ᠵᠢᠯ ᠤᠨ ᠡᠴᠦᠰ ᠲᠤ ᠬᠤᠲᠠ ᠶᠢᠨ ᠨᠠᠮ ᠤᠨ ᠬᠤᠷᠢᠶ᠎ᠠ ᠳᠤ ︽2024 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠦᠸᠧᠽᠢ ᠰᠢᠶᠠᠨ ᠤ ᠨᠠᠮ ᠤᠨ ᠬᠤᠷᠢᠶ᠎ᠠ ᠶᠢᠨ ᠮᠡᠳᠡᠭᠦᠯᠦᠯᠲᠡ︾ ᠶᠢ ᠮᠡᠳᠡᠭᠦᠯᠪᠡ᠃ ᠭᠤᠷᠪᠠ ᠳᠤ᠂ ᠠᠷᠢᠭᠤᠨ ᠴᠢᠬᠡᠴᠢ ᠰᠣᠶᠣᠯ ᠤᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠵᠤ᠂ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠪᠠᠶᠢᠭᠤᠯᠭ᠎ᠠ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠳᠤ ᠣᠷᠣᠭᠤᠯᠪᠠ︔ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠬᠡᠷᠡᠭ ᠤᠨ ᠵᠢᠱᠢᠶ᠎ᠡ ᠶᠢᠨ ᠰᠡᠷᠡᠮᠵᠢᠯᠡᠭᠦᠯᠬᠦ ᠬᠥᠮᠦᠵᠢᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠪᠡᠶ᠎ᠡ ᠪᠠᠷ ᠢᠶᠠᠨ︾ ᠪᠠᠷ ︽ᠪᠡᠶ᠎ᠡ ᠵᠢᠨᠬᠦᠮᠥᠨ︾ ᠪᠣᠯᠭᠠᠬᠤ ᠬᠡᠷᠡᠭᠲᠡᠢ᠃ ᠲᠦᠷᠪᠡ ᠳᠤ᠂ ᠲᠣᠭᠤᠷᠢᠨ ᠪᠠᠶᠢᠴᠠᠭᠠᠬᠤ ︽ᠠᠰᠠᠭᠤᠳᠠᠯ ᠢ ᠢᠯᠡᠷᠡᠭᠦᠯᠬᠦ᠂ ᠰᠦᠷᠳᠡᠭᠦᠯᠦᠯ ᠢ ᠪᠤᠢ ᠪᠣᠯᠭᠠᠬᠤ᠂ ᠥᠭᠡᠷᠡᠴᠢᠯᠡᠯᠲᠡ ᠶᠢ ᠠᠬᠢᠭᠤᠯᠬᠤ᠂ ᠬᠥᠭᠵᠢᠯᠲᠡ ᠶᠢ ᠠᠬᠢᠭᠤᠯᠬᠤ︾ ᠦᠢᠯᠡᠳᠦᠯ ᠢ ᠪᠦᠲᠦᠮᠵᠢᠲᠡᠢ ᠪᠠᠳᠠᠷᠠᠭᠤᠯᠵᠤ᠂ ᠱᠦᠵᠢ ᠶᠢᠨ ᠲᠤᠰᠬᠠᠢ ᠰᠡᠳᠦᠪᠲᠦ ᠬᠤᠷᠠᠯ ᠢ ᠴᠠᠭ ᠲᠤᠬᠠᠢ ᠳᠤᠨᠢ ᠬᠤᠷᠠᠯᠳᠤᠭᠤᠯᠵᠤ ᠲᠣᠭᠤᠷᠢᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠵᠢᠯ ᠤᠨ ᠡᠴᠦᠰ ᠲᠤ ᠲᠣᠭᠤᠷᠢᠨ ᠪᠠᠶᠢᠴᠠᠭᠠᠭᠰᠠᠨ ᠶᠡᠷᠦᠩᠬᠡᠶᠢᠯᠡᠭᠰᠡᠨ ᠪᠠᠶᠢᠳᠠᠯ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ ᠣᠨ ᠤ ᠲᠣᠭᠤᠷᠢᠨ ᠪᠠᠶᠢᠴᠠᠭᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠪᠠ᠃    3. ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠬᠤ ᠬᠡᠷᠡᠭᠲᠡᠶ᠃ ᠨᠢᠭᠡ ᠳᠤ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠤᠯᠤᠰ ᠲᠦᠷᠦ ᠶᠢᠨ ᠬᠢᠨᠠᠯᠲᠠ᠂ ᠲᠤᠰᠬᠠᠢ ᠬᠢᠨᠠᠯᠲᠠ ᠲᠠᠯᠪᠢᠬᠤ᠂ ᠡᠳᠦᠷ ᠲᠤᠳᠤᠮ ᠤᠨ ᠬᠢᠨᠠᠯᠲᠠ ᠲᠠᠯᠪᠢᠬᠤ ᠵᠡᠷᠭᠡ ᠠᠵᠢᠯ ᠤᠨ ᠲᠤᠬᠠᠢ ᠰᠤᠳᠤᠯᠤᠨ ᠪᠠᠶᠢᠷᠢᠯᠠᠭᠤᠯᠪᠠ᠃ 7 ᠰᠠᠷ᠎ᠠ ᠶᠢᠨ 15 ᠤ ᠡᠳᠦᠷ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠳ ᠤᠨ ᠬᠤᠷᠠᠯ ᠵᠢᠴᠢ ᠪᠦᠬᠦ ᠰᠢᠶᠠᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠ ᠢᠯᠵᠢᠷᠡᠯ ᠢ ᠡᠰᠡᠷᠭᠦᠴᠡᠬᠦ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠵᠤ᠂ ᠡᠯ᠎ᠡ ᠰᠢᠶᠠᠩ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠨ ᠪᠠᠶᠢᠴᠠᠭᠠᠬᠤ ᠠᠯᠪᠠᠨ ᠭᠡᠷ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠡᠭᠡᠷ᠎ᠡ ᠬᠠᠭᠠᠰ ᠵᠢᠯ ᠤᠨ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠶᠠᠷ ᠲᠤ᠂ ︽2024 ᠣᠨ ᠤ ᠤᠯᠤᠰ ᠲᠥᠷᠥ ᠶᠢᠨ ᠬᠢᠨᠠᠯᠲᠠ ᠲᠠᠯᠪᠢᠬᠤ ᠠᠵᠢᠯ ᠤᠨ ᠲᠥᠰᠦᠯ︾ ᠢ ᠲᠣᠭᠲᠠᠭᠠᠵᠤ᠂ ᠪᠥᠬᠦ ᠵᠢᠯ ᠤᠨ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠦᠸᠧᠽᠢ ᠰᠢᠶᠠᠨ ᠤ ︿ᠲᠠᠪᠤᠨ ᠶᠡᠭᠡ ᠡᠭᠦᠷᠭᠡ﹀᠂ ︿ᠵᠢᠷᠭᠤᠭᠠᠨ ᠢᠨᠵᠧᠨᠧᠷᠢᠩ﹀ ᠤᠨ 2024 ᠣᠨ ᠤ ᠭᠤᠤᠯᠳᠠᠯᠭ᠎ᠠ ᠲᠠᠢ ᠡᠭᠦᠷᠭᠡ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠳᠤ ᠬᠢᠨᠠᠯᠲᠠ ᠲᠠᠯᠪᠢᠬᠤ ᠲᠥᠰᠦᠯ︾ ᠢ ᠲᠣᠭᠲᠠᠭᠠᠵᠤ᠂ ᠬᠢᠨᠠᠨ ᠵᠢᠯᠣᠭᠤᠳᠴᠤ ᠪᠠᠶᠢᠴᠠᠭᠠᠬᠤ ᠶᠢ ᠪᠠᠶᠢᠩᠭᠤᠵᠢᠭᠤᠯᠤᠨ ᠥᠷᠨᠢᠭᠦᠯᠪᠡ᠃ ᠭᠤᠷᠪᠠ ᠳᠤ᠂ ︽ᠵᠦᠸᠧᠽᠢ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠢᠨᠠᠯᠲᠠ ᠲᠠᠯᠪᠢᠬᠤ ᠰᠠᠬᠢᠯᠭ᠎ᠠ ᠪᠠᠲᠤ ᠬᠡᠷᠡᠭᠵᠢᠭᠦᠯᠬᠦ ᠬᠠᠤᠯᠢ ᠬᠡᠷᠡᠭᠵᠢᠭᠦᠯᠬᠦ ᠲᠤᠰᠬᠠᠶ ᠰᠡᠳᠦᠪᠲᠦ ᠬᠤᠷᠠᠯ ᠤᠨ ᠲᠦᠷᠢᠮ︾ ᠢ ᠴᠢᠩᠭ᠎ᠠ ᠬᠡᠷᠡᠭᠵᠢᠭᠦᠯᠵᠦ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ︽ᠥᠴᠦᠬᠡᠨ ᠴᠦ ᠬᠡᠷᠡᠭ ᠪᠣᠯᠭᠠᠬᠤ︾᠂ ᠬᠢᠨᠠᠯᠲᠠ ᠲᠠᠯᠪᠢᠬᠤ ᠰᠠᠬᠢᠯᠭ᠎ᠠ ᠪᠠᠲᠤ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ︽ᠠᠭᠤᠵᠢᠭᠤ ᠰᠤᠯᠠ ᠵᠥᠭᠡᠯᠡᠨ︾ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ︽ᠡᠷᠬᠢᠨ ᠬᠠᠷᠠᠬᠤ︾ ᠠᠵᠢᠯᠯᠠᠭ᠎ᠠ ᠥᠷᠨᠢᠭᠦᠯᠵᠦ᠂ ᠭᠤᠣᠯᠳᠠᠯᠭ᠎ᠠ ᠲᠠᠢ ᠰᠠᠯᠠᠭ᠎ᠠ ᠮᠥᠴᠢᠷ᠂ ᠭᠤᠣᠯᠳᠠᠯᠭ᠎ᠠ ᠲᠠᠢ ᠬᠥᠮᠦᠰ᠂ ᠭᠤᠣᠯᠳᠠᠯᠭ᠎ᠠ ᠲᠠᠢ ᠲᠠᠯᠠᠪᠤᠷ ᠪᠣᠯᠤᠨ ᠴᠢᠬᠤᠯᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠬᠡᠯᠪᠡᠷᠢ ᠶᠢᠨ ᠦᠵᠡᠯ ᠤᠨ ᠦᠨᠳᠦᠰᠦᠨ ᠱᠠᠲᠤᠨ ᠤ ᠳᠠᠷᠤᠭᠠᠰᠤ ᠶᠢ ᠬᠦᠨᠳᠦᠷᠡᠭᠦᠯᠬᠦ᠂ ᠬᠤᠵᠢᠮᠳᠠᠵᠤ ᠡᠷᠲᠡ ᠪᠠᠭᠤᠬᠤ᠂ ᠠᠵᠢᠯ ᠬᠢᠬᠦ ᠦᠭᠡᠢ᠂ ᠤᠳᠠᠭᠠᠨ ᠬᠢᠬᠦ ᠵᠡᠷᠭᠡ ᠠᠰᠠᠭᠤᠳᠠᠯ ᠤᠨ ᠡᠳᠦᠷ ᠲᠤᠳᠤᠮ ᠤᠨ ᠬᠢᠨᠠᠯᠲᠠ ᠶᠢ ᠴᠢᠩᠭᠠᠳᠬᠠᠵᠤ᠂ ᠢᠯᠡᠷᠡᠭᠦᠯᠦᠭᠰᠡᠨ ᠠᠰᠠᠭᠤᠳᠠᠯ ᠤᠨ ᠰᠦᠪᠡᠭᠴᠢ ᠶᠢ ᠲᠦᠷᠦᠯ ᠬᠤᠪᠢᠶᠠᠨ ᠰᠢᠢᠳᠪᠦᠷᠢᠯᠡᠬᠦ ᠶᠢᠨ ᠬᠠᠮᠲᠤ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠢ ᠵᠠᠳᠠᠯᠵᠤ᠂ ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠵᠦ᠂ ᠮᠥᠷᠳᠡᠨ ᠬᠢᠨᠠᠯᠲᠠ ᠲᠠᠯᠪᠢᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ ᠃ ᠳᠥᠷᠪᠡ ᠳᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠬᠡᠷᠡᠭ ᠰᠢᠶ᠋ᠳᠪᠦᠷᠢᠯᠡᠬᠦ ᠳᠡᠰ ᠳᠠᠷᠠᠭᠠᠯᠠᠯ ᠤᠨ ᠤᠬᠠᠮᠰᠠᠷ᠂ ᠭᠡᠷᠡᠴᠢ ᠪᠠᠷᠢᠮᠲᠠ ᠶᠢᠨ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ ᠢ ᠲᠠᠰᠤᠷᠠᠯᠲᠠ ᠤᠢᠭᠡᠢ ᠴᠢᠩᠭᠠᠷᠠᠭᠤᠯᠵᠤ᠂ ᠬᠡᠷᠡᠭ ᠰᠢᠶ᠋ᠳᠪᠦᠷᠢᠯᠡᠬᠦ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠬᠡᠷᠡᠭ ᠢ ᠪᠠᠶᠢᠴᠠᠭᠠᠨ ᠰᠢᠶ᠋ᠳᠪᠦᠷᠢᠯᠡᠬᠦ ᠶᠢᠨ ᠲᠤᠰᠬᠠᠶᠢᠵᠢᠭᠤᠯᠬᠤ᠂ ᠵᠢᠷᠤᠮᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠡᠷᠡᠭ ᠢ ᠰᠢᠶ᠋ᠳᠪᠦᠷᠢᠯᠡᠵᠦ ᠳᠠᠭᠤᠰᠬᠠᠬᠤ ᠶᠠᠰᠤ ᠴᠢᠨᠠᠷ ᠢ ᠳᠡᠭᠡᠭᠰᠢᠯᠡᠭᠦᠯᠦᠨ᠎ᠡ᠃    ︵ᠭᠤᠷᠪᠠ︶ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ    1. ᠤᠳᠤᠷᠢᠳᠬᠤ ᠪᠠᠭ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠨᠢᠭᠡ ᠳᠤ᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠤᠬᠠᠶ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠨᠠᠷᠢᠨ ᠲᠠᠩᠰᠠ︾ ᠶᠢ ᠲᠣᠭᠲᠠᠭᠠᠵᠤ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠨᠠᠷᠢᠨ ᠲᠠᠩᠰᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠦᠨᠡᠨ ᠬᠦ ᠬᠥᠭᠵᠢᠯᠲᠡ ᠶᠢ ᠠᠬᠢᠭᠤᠯᠬᠤ ᠦᠷ᠎ᠡ ᠪᠦᠲᠦᠮᠵᠢ ᠪᠣᠯᠭᠠᠨ ᠬᠤᠪᠢᠷᠠᠭᠤᠯᠪᠠ᠃ ᠬᠤᠶᠠᠷ ᠲᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠦᠸᠧᠽᠢ ᠰᠢᠶᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠡᠷᠡᠭ ᠵᠥᠪᠯᠡᠵᠦ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠦᠷᠢᠮ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ︽ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ︿ᠭᠤᠷᠪᠠᠨ ᠴᠢᠬᠤᠯᠠ ᠨᠢᠭᠡ ᠶᠡᠭᠡ﹀ ᠬᠡᠷᠡᠭ ᠵᠥᠪᠯᠡᠵᠦ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠨᠠᠷᠢᠨ ᠲᠠᠩᠰᠠ︾ ᠶᠢ ᠳᠠᠷᠤᠮᠠᠯᠯᠠᠨ ᠲᠠᠷᠬᠠᠭᠠᠵᠤ᠂ ︽ᠨᠢᠭᠡᠳᠦᠭᠡᠷ ᠭᠠᠷ︾ ᠤᠨ ᠡᠴᠦᠰ ᠤᠨ ᠣᠪᠣᠷ ᠢᠶᠠᠨ ᠢᠯᠡᠳᠬᠡᠬᠦ ᠲᠦᠷᠢᠮ ᠢ ᠴᠢᠩᠭ᠎ᠠ ᠬᠡᠷᠡᠭᠵᠢᠭᠦᠯᠪᠡ᠃ ᠭᠤᠷᠪᠠ ᠳᠤ᠂ ᠲᠦᠷᠦᠯ ᠵᠦᠢᠯ ᠢ ᠨᠢᠭᠡᠳᠦᠯᠲᠡᠢ ᠲᠥᠯᠥᠪᠵᠢᠭᠦᠯᠬᠦ ᠶᠢ ᠦᠷᠭᠦᠯᠵᠢᠯᠡᠨ ᠴᠢᠩᠭᠠᠳᠬᠠᠵᠤ᠂ ᠰᠢᠶᠠᠨ ᠤ ᠣᠷᠣᠰᠢᠭᠤᠯᠭ᠎ᠠ ᠶᠢᠨ ᠣᠷᠳᠣᠨ ᠤ ᠬᠠᠷᠢᠶ᠎ᠠ ᠲᠥᠬᠦᠭᠡᠷᠦᠮᠵᠢ᠂ ᠤᠲᠤᠮᠠᠯ ᠢᠳᠡᠭᠡᠨ ᠤ ᠠᠵᠤ ᠦᠢᠯᠡᠰ ᠤᠨ ᠬᠦᠷᠢᠶᠡᠯᠡᠩ ᠢ ᠡᠬᠢᠯᠡᠭᠦᠯᠦᠨ ᠠᠵᠢᠯᠯᠠᠭᠤᠯᠬᠤ ᠶᠢ ᠠᠬᠢᠭᠤᠯᠤᠨ᠎ᠠ᠃    2. ᠺᠠᠳ᠋ᠷ ᠤᠨ ᠡᠩᠨᠡᠭᠡᠨ ᠤ ᠪᠠᠶᠢᠭᠤᠯᠤᠯᠲᠠ ᠪᠣᠯᠤᠨ ᠬᠥᠮᠦᠨ ᠰᠣᠩᠭᠤᠵᠤ ᠬᠥᠮᠦᠨ ᠬᠡᠷᠡᠭᠯᠡᠬᠦ ᠠᠵᠢᠯ ᠤᠨ ᠲᠣᠭᠲᠠᠴᠠ ᠶᠢ ᠵᠢᠷᠤᠮᠵᠢᠭᠤᠯᠬᠤ ᠬᠡᠷᠡᠭᠲᠡᠶ᠃ ᠨᠢᠭᠡ ᠳᠤ᠂ ᠰᠠᠯᠠᠭᠠᠨ ᠤ ᠲᠠᠰ ᠤᠨ ᠤᠳᠤᠷᠢᠳᠬᠤ ᠠᠵᠢᠯ ᠤᠨ ᠪᠠᠶᠢᠷᠢ ᠶᠢᠨ ᠲᠤᠰᠢᠶᠠᠯ ᠤᠨ ᠲᠤᠭ᠎ᠠ ᠶᠢᠨ ᠬᠤᠭᠤᠰᠣᠨ ᠪᠠᠶᠢᠬᠤ ᠪᠠᠶᠢᠳᠠᠯ ᠢ ᠡᠮᠬᠢᠯᠡᠵᠦ᠂ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠺᠠᠳ᠋ᠷ ᠤᠨ ᠡᠩᠨᠡᠭᠡᠨ ᠤ ᠪᠠᠶᠢᠭᠤᠯᠤᠯᠲᠠ ᠲᠠᠢ ᠤᠶᠠᠯᠳᠤᠭᠤᠯᠤᠨ᠂ ᠬᠥᠮᠦᠨ ᠪᠠ ᠠᠵᠢᠯ ᠤᠨ ᠪᠠᠶᠢᠷᠢ ᠶᠢ ᠬᠠᠷᠢᠯᠴᠠᠨ ᠵᠣᠬᠢᠴᠠᠭᠤᠯᠬᠤ ᠵᠠᠷᠴᠢᠮ ᠶᠣᠰᠣᠭᠠᠷ᠂ ᠤᠳᠤᠷᠢᠳᠬᠤ ᠪᠠᠭ ᠢ ᠨᠥᠬᠦᠪᠥᠷᠢᠯᠡᠵᠦ ᠬᠦᠴᠦᠷᠬᠡᠭᠵᠢᠭᠦᠯᠦᠨ᠎ᠡ᠃ ᠬᠤᠶᠠᠷ ᠲᠤ᠂ ᠬᠥᠮᠦᠨ ᠰᠣᠩᠭᠤᠵᠤ ᠬᠥᠮᠦᠨ ᠬᠡᠷᠡᠭᠯᠡᠬᠦ ᠪᠣᠭᠤᠮᠲᠠ ᠶᠢ ᠴᠢᠩᠭ᠎ᠠ ᠠᠳᠬᠤᠵᠤ ᠂ ︽ᠨᠠᠮ ᠵᠠᠰᠠᠭ ᠤᠨ ᠤᠳᠤᠷᠢᠳᠬᠤ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠠᠵᠢᠯ ᠤᠨ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ︽ᠺᠠᠳ᠋ᠷ ᠢ ᠲᠣᠬᠢᠷᠠᠭᠤᠯᠤᠨ ᠵᠠᠳᠠᠯᠵᠤ ᠰᠤᠳᠤᠯᠤᠨ ᠮᠠᠭᠠᠳᠯᠠᠬᠤ ᠪᠠ ᠰᠠᠨᠠᠭᠠᠴᠢᠯᠠᠨ ᠵᠥᠪᠯᠡᠬᠦ ᠭᠤᠭᠴᠤᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠠᠷᠭ᠎ᠠ︾ ᠶᠢ ᠲᠣᠭᠲᠠᠭᠠᠵᠤ᠂ ᠺᠠᠳ᠋ᠷ ᠤᠨ ᠰᠠᠨᠠᠭᠤᠯᠭ᠎ᠠ ᠠᠴᠠ ᠡᠮᠦᠨ᠎ᠡ ᠵᠠᠳᠠᠯᠤᠨ ᠰᠤᠳᠤᠯᠵᠤ ᠮᠠᠭᠠᠳᠯᠠᠬᠤ ᠶᠢ ᠴᠢᠩᠭᠠᠳᠬᠠᠨ᠎ᠠ᠃ ᠲᠤᠰᠢᠶᠠᠯ ᠡᠭᠦᠷᠭᠡᠯᠡᠵᠦ ᠲᠤᠷᠰᠢᠨ ᠬᠡᠷᠡᠭᠯᠡᠬᠦ ᠬᠤᠭᠤᠴᠠᠭ᠎ᠠ ᠨᠢ ᠳᠦᠭᠦᠷᠦᠭᠰᠡᠨ ᠺᠠᠳ᠋ᠷ ᠲᠤ ︽ᠨᠠᠮ ᠵᠠᠰᠠᠭ ᠤᠨ ᠤᠳᠤᠷᠢᠳᠬᠤ ᠺᠠᠳ᠋ᠷ ᠤᠨ ᠲᠤᠰᠢᠶᠠᠯ ᠡᠭᠦᠷᠭᠡᠯᠡᠬᠦ ᠲᠤᠷᠰᠢᠨ ᠬᠡᠷᠡᠭᠯᠡᠬᠦ ᠬᠤᠭᠤᠴᠠᠭᠠᠨ ᠤ ᠲᠦᠷ ᠬᠡᠷᠡᠭᠵᠢᠭᠦᠯᠬᠦ ᠲᠣᠭᠲᠠᠭᠠᠯ︾ ᠢ ᠴᠢᠩᠭ᠎ᠠ ᠬᠡᠷᠡᠭᠵᠢᠭᠦᠯᠵᠦ᠂ ᠴᠠᠭ ᠲᠤᠬᠠᠶ ᠳᠤᠨᠢ ᠦᠨᠡᠯᠡᠨ ᠲᠣᠭᠲᠠᠭᠠᠯᠲᠠ ᠬᠢᠪᠡ᠃ ᠭᠤᠷᠪᠠ ᠳᠤ ᠺᠠᠳ᠋ᠷ ᠢ ᠰᠣᠩᠭᠤᠨ ᠲᠣᠮᠢᠯᠠᠬᠤ ︽ᠳᠡᠪᠰᠢᠭᠦᠯᠬᠦ ᠳᠥᠷᠪᠡᠨ ᠡᠷᠬᠡᠪᠰᠢ︾ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ︽ᠬᠤᠤᠰ ᠭᠠᠷ ᠤᠨ ᠥᠰᠥᠭ ᠵᠢᠷᠤᠬᠤ︾ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠺᠠᠳ᠋ᠷ ᠤᠨ ᠲᠠᠩᠰᠠ ᠡᠪᠬᠡᠮᠡᠯ ᠤᠨ ︽ᠬᠤᠶᠠᠷ ᠢ ᠬᠢᠨᠠᠨ ᠪᠠᠶᠢᠴᠠᠭᠠᠵᠤ ᠬᠤᠶᠠᠷ ᠢ ᠬᠢᠨᠠᠨ ᠬᠠᠷᠭᠤᠭᠤᠯᠬᠤ︾᠂ ᠬᠤᠪᠢ ᠬᠥᠮᠦᠨ ᠤ ᠮᠡᠳᠡᠭᠦᠯᠦᠯᠲᠡ ᠶᠢᠨ ︽ᠬᠢᠨᠠᠨ ᠵᠥᠪᠰᠢᠶᠡᠷᠡᠵᠦ ᠬᠠᠷᠭᠤᠭᠤᠯᠤᠨ ᠪᠠᠶᠢᠴᠠᠭᠠᠬᠤ︾᠂ ᠰᠠᠨᠠᠯ ᠬᠤᠷᠢᠶᠠᠬᠤ ︽ᠴᠢᠬᠤᠯᠠ ᠪᠦᠬᠦᠢ ᠥᠷᠭᠡᠳᠬᠡᠬᠦ︾᠂ ᠵᠠᠬᠢᠳᠠᠯ ᠰᠤᠷᠪᠤᠯᠵᠢᠯᠠᠭ᠎ᠠ ᠢᠯᠡᠴᠢᠯᠡᠨ ᠮᠡᠳᠡᠭᠦᠯᠦᠯᠲᠡ ᠶᠢᠨ ︽ᠪᠥᠬᠦ ᠲᠠᠯ᠎ᠠ ᠪᠠᠷ ᠬᠠᠮᠤᠷᠬᠤ ︾ ᠶᠢ ᠬᠡᠷᠡᠭᠵᠢᠭᠦᠯᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠪᠠ ᠰᠢᠨᠵᠢᠯᠡᠨ ᠪᠠᠶᠢᠴᠠᠭᠠᠬᠤ ᠡᠲᠡᠭᠡᠳ ᠤᠨ ᠪᠠᠶᠢᠭ᠎ᠠ ᠨᠢᠭᠡᠴᠢ ᠶᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠬᠠᠷᠢᠭᠤᠴᠠᠯᠭ᠎ᠠ ᠶᠢᠨ ᠤᠬᠠᠮᠰᠠᠷ ᠪᠠ ᠪᠣᠭᠤᠮᠲᠠ ᠶᠢ ᠠᠳᠬᠤᠬᠤ ᠦᠢᠯᠡᠳᠦᠯ ᠢ ᠴᠢᠩᠭᠠᠷᠠᠭᠤᠯᠤᠨ᠂ ᠴᠠᠭ ᠲᠤᠬᠠᠶ ᠳᠤᠨᠢ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠦᠨᠡᠯᠡᠯᠲᠡ ᠶᠢᠨ ᠰᠠᠨᠠᠯ ᠳᠤ ᠭᠠᠷ ᠤᠨ ᠥᠰᠥᠭ ᠵᠢᠷᠤᠵᠤ᠂ ︽ᠠᠰᠠᠭᠤᠳᠠᠯ ᠲᠠᠢ ᠬᠥᠮᠦᠨ ᠢ ᠳᠡᠪᠰᠢᠭᠦᠯᠬᠦ︾ ᠶᠢ ᠦᠨᠡᠨ ᠬᠦ ᠰᠡᠷᠭᠡᠶᠢᠯᠡᠪᠡ᠃  ᠲᠦᠷᠪᠡ ᠳᠤ᠂ ᠺᠠᠳ᠋ᠷᠴᠤᠳ ᠲᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠺᠠᠳ᠋ᠷᠴᠤᠳ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠤᠮᠳᠠ ᠲᠣᠭᠲᠠᠭᠠᠯ ᠠᠴᠠ ᠵᠥᠷᠢᠴᠡᠨ ᠲᠤᠰᠢᠶᠠᠯ ᠬᠠᠪᠰᠤᠷᠭᠠᠭᠰᠠᠨ ᠠᠰᠠᠭᠤᠳᠠᠯ ᠢ ᠢᠯᠭᠠᠷᠠᠭᠤᠯᠤᠨ ᠴᠡᠭᠴᠡᠯᠡᠵᠦ᠂ ᠺᠠᠳ᠋ᠷ ᠤᠨ ᠬᠤᠪᠢ ᠶᠢᠨ ᠶᠠᠪᠤᠳᠠᠯ ᠢᠶᠠᠷ ᠤᠯᠤᠰ ︵ᠬᠢᠯᠢ︶ ᠠᠴᠠ ᠭᠠᠷᠬᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠢᠨᠠᠨ ᠵᠥᠪᠰᠢᠶᠡᠷᠡᠵᠦ ᠮᠡᠳᠡᠭᠦᠯᠦᠨ ᠳᠠᠩᠰᠠᠯᠠᠭᠤᠯᠬᠤ ᠵᠢᠷᠤᠮ ᠢ ᠵᠢᠷᠤᠮᠵᠢᠭᠤᠯᠬᠤ ᠬᠡᠷᠡᠭᠲᠡᠶ᠃    3. ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠳᠠᠶᠢᠴᠢᠯᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠨᠢᠭᠡ ᠳᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠵᠢᠯ ᠪᠦᠷᠢ ᠠᠳᠠᠭ ᠲᠠᠭᠠᠨ ᠨᠠᠮ ᠤᠨ ᠡᠭᠦᠷ ᠤᠨ ᠪᠠᠶᠢᠭᠤᠯᠤᠯᠲᠠ ᠶᠢᠨ ᠠᠵᠢᠯ ᠢ ᠲᠤᠰᠬᠠᠶ ᠰᠡᠳᠦᠪ ᠢᠶᠠᠷ ᠰᠤᠳᠤᠯᠵᠤ᠂ ᠨᠠᠮ ᠤᠨ ᠡᠭᠦᠷ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠬᠤᠶᠠᠷ ᠲᠤ᠂ ᠡᠯ᠎ᠡ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠢ ᠥᠷᠨᠢᠭᠦᠯᠦᠭᠰᠡᠨ ᠪᠠᠶᠢᠳᠠᠯ ᠳᠤ ᠮᠥᠷᠳᠡᠨ ᠬᠢᠨᠠᠯᠲᠠ ᠲᠠᠯᠪᠢᠵᠤ᠂ ᠡᠯ᠎ᠡ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠠᠭᠠᠷᠳᠠᠯᠭ᠎ᠠ ᠶᠣᠰᠣᠭᠠᠷ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ ᠴᠢᠬᠤᠯᠠ ᠶᠡᠭᠡ ᠵᠦᠢᠯᠡᠰ ᠢ ᠰᠤᠳᠤᠯᠬᠤ ᠶᠢ ᠱᠠᠯᠠᠪᠳᠠᠭᠤᠯᠪᠠ᠃ ᠭᠤᠷᠪᠠ ᠳᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠨᠠᠮ ᠤᠨ ᠶᠠᠪᠤᠳᠠᠯ ᠤᠨ ᠺᠠᠳ᠋ᠷ ᠤᠨ ᠪᠣᠯᠪᠠᠰᠤᠷᠠᠭᠤᠯᠤᠯ ᠤᠨ ᠬᠡᠪᠴᠢᠶᠡᠨ ᠳᠤ ᠣᠷᠣᠭᠤᠯᠵᠤ᠂ ᠨᠠᠮ ᠤᠨ ᠶᠠᠪᠤᠳᠠᠯ ᠤᠨ ᠺᠠᠳ᠋ᠷ ᠤᠨ ᠪᠣᠯᠪᠠᠰᠤᠷᠠᠭᠤᠯᠤᠯ ᠤᠨ ᠬᠠᠮᠢᠶᠠᠷᠤᠯᠲᠠ ᠶᠢ ᠴᠢᠩᠳᠠᠯᠠᠨ᠎ᠠ᠃    4. ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠤᠨ᠎ᠠ᠃ ᠵᠥᠪ ᠴᠢᠭᠯᠡᠯ ᠢᠶᠠᠷ ᠤᠷᠮᠠᠰᠢᠭᠤᠯᠬᠤ ᠪᠠ ᠡᠰᠡᠷᠭᠦ ᠴᠢᠭᠯᠡᠯ ᠢᠶᠠᠷ ᠰᠢᠮᠳᠠᠭᠤᠯᠬᠤ ᠶᠢ ᠳᠣᠪᠤᠶᠢᠯᠭᠠᠵᠤ᠂ ᠺᠠᠳ᠋ᠷᠴᠤᠳ ᠤᠨ ᠠᠳᠠᠯᠢᠳᠬᠠᠨ ᠰᠤᠷᠤᠯᠴᠠᠵᠤ ᠭᠦᠢᠴᠡᠨ ᠳᠠᠪᠠᠵᠤ ᠭᠠᠷᠬᠤ᠂ ᠲᠡᠷᠢᠭᠦᠨ ᠤ ᠬᠢ ᠶᠢ ᠴᠢᠷᠮᠠᠶᠢᠨ ᠡᠭᠦᠳᠬᠦ ᠶᠢ ᠬᠥᠲᠥᠯᠥᠨ ᠵᠢᠯᠣᠭᠤᠳᠤᠨ᠎ᠠ᠃ ᠨᠢᠭᠡ ᠳᠤ᠂ ᠬᠡᠰᠡᠭ ᠲᠤᠰᠢᠶᠠᠯ ᠤᠨ ᠲᠠᠰ ᠤᠨ ᠲᠤᠰᠢᠶᠠᠯ ᠤᠨ ᠲᠤᠭ᠎ᠠ ᠶᠢ ᠨᠢᠭᠡᠳᠦᠯᠲᠡᠶ ᠲᠥᠯᠥᠪᠯᠡᠨ ᠬᠡᠷᠡᠭᠯᠡᠵᠦ ᠵᠥᠪ ᠴᠢᠭᠯᠡᠯ ᠢᠶᠠᠷ ᠤᠷᠮᠠᠰᠢᠭᠤᠯᠬᠤ ᠶᠢ ᠥᠷᠨᠢᠭᠦᠯᠵᠦ᠂ ᠪᠦᠯᠦᠭ ᠤᠳᠠᠭ᠎ᠠ ᠬᠤᠪᠢᠶᠠᠨ ᠬᠦᠷᠢᠶ᠎ᠡ ᠴᠠᠷᠠᠭ᠎ᠠ ᠬᠤᠪᠢᠶᠠᠨ ᠲᠤᠰᠢᠶᠠᠯ ᠤᠨ ᠲᠠᠰ ᠢ ᠳᠡᠪᠰᠢᠭᠦᠯᠬᠦ ᠡᠷᠴᠢᠮ ᠢᠶᠠᠨ ᠴᠢᠩᠭᠠᠷᠠᠭᠤᠯᠵᠤ᠂ ᠱᠠᠩᠨᠠᠯ ᠤᠨ ᠲᠥᠷᠥ ᠶᠢᠨ ᠪᠣᠳᠣᠯᠭ᠎ᠠ ᠶᠢ ᠪᠡᠶᠡᠯᠡᠭᠦᠯᠦᠨ᠎ᠡ᠃ ᠬᠤᠶᠠᠷ ᠲᠤ᠂ ᠲᠥᠪ ᠤᠨ ︽ᠤᠳᠤᠷᠢᠳᠬᠤ ᠺᠠᠳ᠋ᠷᠴᠤᠳ ᠤᠨ ᠳᠡᠪᠰᠢᠵᠦ ᠪᠠᠭᠤᠵᠤ ᠪᠦᠷ ᠪᠣᠯᠬᠤ ᠶᠢ ᠠᠬᠢᠭᠤᠯᠬᠤ ᠲᠣᠭᠲᠠᠭᠠᠯ︾ ᠪᠠ ᠥᠪᠡᠷᠲᠡᠭᠡᠨ ᠵᠠᠰᠠᠬᠤ ᠣᠷᠣᠨ ᠤ ︽ᠬᠡᠷᠡᠭᠵᠢᠭᠦᠯᠬᠦ ᠨᠠᠷᠢᠨ ᠳᠦᠷᠢᠮ ︾ ᠤᠨ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠺᠠᠳ᠋ᠷᠴᠤᠳ ᠲᠤ ᠬᠢᠨᠠᠯᠲᠠ ᠲᠠᠯᠪᠢᠵᠤ ᠬᠠᠮᠢᠶᠠᠷᠬᠤ ᠪᠠᠨ ᠴᠢᠩᠭᠠᠳᠬᠠᠵᠤ᠂ ᠣᠳᠣ ᠶᠢᠨ ᠲᠤᠰᠢᠶᠠᠯ ᠡᠭᠦᠷᠭᠡᠯᠡᠬᠦ ᠳᠤ ᠲᠣᠬᠢᠷᠠᠬᠤ ᠦᠭᠡᠢ ᠶᠢ ᠨᠢ ᠴᠠᠭ ᠲᠤᠬᠠᠢ ᠳᠤ ᠨᠢ ᠲᠣᠬᠢᠷᠠᠭᠤᠯᠵᠤ᠂ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠦᠢᠯᠡ ᠪᠠᠶᠢᠳᠠᠯ ᠢ ᠨᠢ ᠦᠨᠳᠦᠰᠦᠯᠡᠨ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠬᠡᠯᠡᠯᠴᠡᠬᠦ ᠬᠡᠷᠡᠭᠲᠡᠢ᠃    ︵ᠲᠦᠷᠪᠡ︶ ᠲᠣᠭᠤᠷᠢᠨ ᠪᠠᠶᠢᠴᠠᠭᠠᠬᠤ᠂ ᠬᠢᠨᠠᠨ ᠪᠤᠳᠤᠬᠤ ᠵᠡᠷᠭᠡ ᠬᠢᠨᠠᠯᠲᠠ ᠲᠠᠯᠪᠢᠵᠤ ᠢᠯᠡᠷᠡᠭᠦᠯᠦᠭᠰᠡᠨ ᠠᠰᠠᠭᠤᠳᠠᠯ ᠢ ᠡᠷᠡᠰ ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠤᠨ᠎ᠠ    1. ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠦᠷᠭᠦᠯᠵᠢᠯᠡᠨ ᠴᠡᠭᠴᠡᠯᠡᠨ ᠰᠠᠶᠢᠵᠢᠷᠠᠭᠤᠯᠤᠨ᠎ᠠ᠃ ᠨᠢᠭᠡ ᠳᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠤᠯᠠᠮ ᠨᠢᠭᠡ ᠠᠯᠬᠤᠮ ᠲᠥᠪ ᠴᠢᠩᠭ᠎ᠠ ᠪᠣᠯᠭᠠᠪᠠ᠃ ᠪᠣᠳᠠᠲᠠᠶ ᠲᠠᠢ ᠪᠠᠨ ᠤᠶᠠᠯᠳᠤᠭᠤᠯᠤᠨ ︽ᠵᠦᠸᠧᠽᠢ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠠᠵᠢᠯ ᠤᠨ ᠲᠥᠰᠦᠯ︾ ᠢ ᠲᠣᠭᠲᠠᠭᠠᠵᠤ᠂ ᠭᠤᠤᠯ ᠰᠡᠳᠦᠪ ᠢ ᠪᠠᠶᠢᠴᠠᠭᠠᠨ ᠦᠵᠡᠬᠦ᠂ ᠰᠠᠨᠠᠯ ᠬᠤᠷᠢᠶᠠᠬᠤ᠂ ᠰᠡᠳᠬᠢᠯ ᠤᠨ ᠦᠭᠡ ᠪᠠᠨ ᠶᠠᠷᠢᠯᠴᠠᠬᠤ᠂ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠪᠠ ᠬᠤᠪᠢ ᠬᠥᠮᠦᠨ ᠤ ᠶᠠᠷᠢᠶᠠᠨ ᠤ ᠬᠥᠲᠥᠯᠪᠦᠷᠢ ᠶᠢ ᠲᠤᠭᠤᠷᠪᠢᠬᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠵᠡᠷᠭᠡ ᠡᠯ᠎ᠡ ᠵᠠᠩᠭᠢᠯᠠᠭ᠎ᠠ ᠶᠢᠨ ᠠᠵᠢᠯ ᠳᠤ ᠲᠣᠬᠢᠷᠠᠭᠤᠯᠤᠯᠲᠠ ᠬᠢᠭᠰᠡᠨ ᠪᠥᠭᠡᠳ ᠱᠠᠭᠠᠷᠳᠠᠯᠭ᠎ᠠ ᠶᠣᠰᠣᠭᠠᠷ ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠮᠡᠳᠡᠭᠦᠯᠦᠨ ᠬᠢᠨᠠᠨ ᠬᠠᠷᠭᠤᠭᠤᠯᠵᠤ ᠵᠢᠯᠣᠭᠤᠳᠣᠭᠤᠯᠪᠠ᠃ ᠬᠤᠶᠠᠷ ᠲᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠰᠢᠶᠠᠨ ᠤ ᠨᠠᠮ ᠤᠨ ᠬᠤᠷᠢᠶᠠᠨ ᠤ ᠭᠤᠣᠯ ᠬᠠᠷᠢᠭᠤᠴᠠᠯᠭᠠᠲᠠᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠨᠢᠭᠡᠳᠦᠭᠡᠷ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠢᠬᠤᠯᠠ ᠠᠵᠢᠯ ᠢ ᠪᠡᠶ᠎ᠡ ᠪᠠᠷ ᠢᠶᠠᠨ ᠪᠠᠶᠢᠷᠢᠯᠠᠭᠤᠯᠵᠤ᠂ ᠴᠢᠬᠤᠯᠠ ᠠᠰᠠᠭᠤᠳᠠᠯ ᠢ ᠪᠡᠶ᠎ᠡ ᠪᠠᠷ ᠢᠶᠠᠨ ᠠᠰᠠᠭᠤᠵᠤ᠂ ᠴᠢᠬᠤᠯᠠ ᠶᠡᠭᠡ ᠬᠡᠷᠡᠭ ᠢ ᠪᠡᠶ᠎ᠡ ᠪᠠᠷ ᠢᠶᠠᠨ ᠰᠢᠢᠳᠪᠦᠷᠢᠯᠡᠪᠡ᠃ ᠤᠳᠤᠷᠢᠳᠬᠤ ᠪᠠᠭ ᠤᠨ ᠪᠦᠷᠢᠯᠳᠦᠬᠦᠨ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠶᠢ ᠴᠢᠩᠭ᠎ᠠ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠠᠷᠠᠳᠴᠢᠯᠠᠯ ᠤᠨ ᠠᠮᠢᠳᠤᠷᠠᠯ ᠤᠨ ᠬᠤᠷᠠᠯ ᠪᠠ ᠲᠤᠰᠢᠶᠠᠯ ᠤᠨ ᠮᠡᠳᠡᠭᠦᠯᠦᠯᠲᠡ ᠬᠢᠬᠦ ᠶᠢᠨ ᠴᠢᠬᠤᠯᠠ ᠠᠭᠤᠯᠭ᠎ᠠ ᠳᠤ ᠣᠷᠣᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠠᠳᠬᠤᠬᠤ ᠬᠠᠷᠢᠭᠤᠴᠠᠯᠭᠠᠲᠤ ᠤᠬᠠᠮᠰᠠᠷ ᠪᠠ ᠡᠭᠦᠷᠭᠡ ᠬᠠᠷᠢᠭᠤᠴᠠᠯᠭ᠎ᠠ ᠶᠢ ᠲᠠᠰᠤᠷᠠᠯᠲᠠ ᠦᠭᠡᠢ ᠴᠢᠩᠭᠠᠳᠬᠠᠨ᠎ᠠ᠃    2. ᠬᠢᠨᠠᠨ ᠪᠣᠳᠣᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠲᠦᠷᠭᠡᠳᠬᠡᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠤᠳᠤᠷᠢᠳᠤᠯᠭ᠎ᠠ ᠬᠢᠭᠡᠳ ᠬᠢᠨᠠᠯᠲᠠ ᠲᠠᠯᠪᠢᠬᠤ ᠶᠢ ᠴᠢᠩᠭᠠᠳᠬᠠᠨ᠂ ᠭᠤᠭᠴᠤᠭ᠎ᠠ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠦᠴᠦᠲᠡᠶ ᠠᠷᠭ᠎ᠠ ᠬᠡᠮᠵᠢᠶ᠎ᠡ ᠨᠡᠶᠢᠲᠡᠯᠡᠨ ᠬᠡᠷᠡᠭᠵᠢᠭᠦᠯᠵᠦ᠂ ᠬᠢᠨᠠᠨ ᠪᠤᠳᠤᠵᠤ ᠪᠠᠶᠢᠴᠠᠭᠠᠨ ᠭᠠᠷᠭᠠᠭᠰᠠᠨ ᠠᠰᠠᠭᠤᠳᠠᠯ ᠢ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠬᠢᠨᠠᠨ ᠪᠤᠳᠤᠯᠲᠠ ᠪᠠᠷ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ︽ᠡᠷᠬᠢᠨ ᠬᠠᠷᠠᠬᠤ︾ ᠠᠵᠢᠯᠯᠠᠭ᠎ᠠ ᠥᠷᠨᠢᠭᠦᠯᠵᠦ᠂ ᠠᠰᠠᠭᠤᠳᠠᠯ ᠳᠠᠬᠢᠨ ᠳᠠᠪᠲᠠᠨ ᠡᠭᠦᠰᠦᠭᠰᠡᠨ ᠪᠠᠶᠢᠳᠠᠯ ᠠᠴᠠ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠪᠡ᠃  ᠭᠤᠷᠪᠠ᠂ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ    ᠵᠢᠷᠭᠤᠭᠠᠨ ᠰᠠᠷ᠎ᠠ ᠶᠢᠨ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠪᠠᠷ ᠳᠡᠮᠵᠢᠨ᠂ ᠮᠠᠨ ᠤ ᠰᠢᠶᠠᠨ ᠤ ᠡᠩ ᠤᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠣᠯᠤᠭᠰᠠᠨ ᠪᠣᠯᠪᠠᠴᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠪᠠ ᠣᠯᠠᠨ ᠲᠦᠮᠡᠨ ᠤ ᠬᠦᠰᠡᠯ ᠡᠷᠡᠮᠡᠯᠵᠡᠯ ᠲᠠᠢ ᠪᠠᠰᠠ ᠵᠣᠬᠢᠬᠤ ᠵᠥᠷᠢᠶ᠎ᠡ ᠲᠠᠢ ᠪᠠᠶᠢᠵᠤ᠂ ᠴᠡᠭᠴᠡᠯᠡᠨ ᠰᠠᠶᠢᠵᠢᠷᠠᠭᠤᠯᠬᠤ ᠠᠵᠢᠯ ᠲᠡᠩᠴᠡᠭᠦᠷᠢ ᠥᠬᠡᠶ ᠠᠰᠠᠭᠤᠳᠠᠯ ᠣᠷᠣᠰᠢᠵᠤ᠂ ᠵᠠᠷᠢᠮ ᠭᠦᠨ ᠳᠠᠪᠬᠤᠷᠭ᠎ᠠ ᠶᠢᠨ ᠠᠰᠠᠭᠤᠳᠠᠯ ᠢ ᠭᠦᠨᠵᠡᠭᠡᠶ ᠠᠭᠤᠳᠠᠯᠵᠤ ᠨᠠᠷᠢᠨ ᠪᠠᠶᠢᠴᠠᠭᠠᠭᠰᠠᠨ ᠲᠠᠯ᠎ᠠ ᠪᠠᠷ ᠬᠦᠷᠦᠯᠴᠡᠬᠦ ᠥᠬᠡᠶ ᠪᠠᠶᠢᠨ᠎ᠠ᠂ ᠪᠠᠰᠠ ᠦᠷᠭᠦᠯᠵᠢᠯᠡᠨ ᠠᠬᠢᠭᠤᠯᠬᠤ ᠴᠢᠬᠤᠯᠠᠲᠠᠶ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠰᠢᠶᠠᠨ ᠤ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢᠯᠭᠠᠷᠠᠭᠰᠠᠨ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠᠶᠢᠩᠭᠤᠵᠢᠭᠰᠠᠨ ᠤᠷᠳᠤ ᠬᠤᠭᠤᠴᠠᠭᠠᠨ ᠤ ᠪᠦᠲᠦᠮᠵᠢᠲᠡᠢ ᠠᠵᠢᠯ ᠤᠨ ᠲᠣᠭᠲᠠᠴᠠ ᠶᠢ ᠪᠦᠷᠢᠨᠰᠢᠬᠦᠯᠵᠦ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠲᠠᠰᠤᠷᠠᠯᠲᠠ ᠦᠭᠡᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃    ︵ᠨᠢᠭᠡ︶ ᠢᠮᠠᠭᠲᠠ ᠪᠠᠷᠢᠮᠵᠢᠶᠠᠯᠠᠨ ᠬᠠᠷᠭᠤᠭᠤᠯᠵᠤ᠂ ᠤᠯᠤᠰ ᠲᠥᠷᠥ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠪᠠ᠃ ᠤᠨᠤᠯ ᠤᠨ ᠰᠤᠷᠤᠯᠴᠠᠯᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠣᠭᠤᠳᠴᠤ ᠪᠠᠶᠢᠭᠠᠳ ᠦᠨᠡᠨ ᠬᠦ ᠰᠤᠷᠤᠯᠴᠠᠨ ᠦᠨᠡᠨ ᠬᠦ ᠣᠶᠢᠯᠠᠭᠠᠭᠤᠯᠵᠤ᠂ ᠪᠠᠲᠤ ᠢᠲᠡᠭᠡᠵᠦ ᠦᠨᠡᠨᠴᠢ ᠰᠢᠳᠤᠷᠭᠤ ᠪᠠᠷ ᠬᠡᠷᠡᠭᠵᠢᠭᠦᠯᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠡᠷᠡᠰ ᠪᠠᠲᠤ ᠪᠤᠢ ᠪᠣᠯᠭᠠᠵᠤ᠂ ᠨᠠᠮ ᠤᠨ ᠭᠡᠰᠢᠭᠦᠨ ᠺᠠᠳ᠋ᠷᠴᠤᠳ ᠢ ᠵᠢᠱᠢᠶ᠎ᠡ ᠦᠵᠡᠭᠦᠯᠦᠨ ᠳᠠᠶᠢᠴᠢᠯᠠᠵᠤ ᠪᠠᠶᠢᠭᠠᠳ ᠠᠵᠢᠯ ᠤᠨ ᠪᠦᠲᠦᠮᠵᠢ ᠶᠢᠨ ᠦᠵᠡᠯᠲᠡ᠂ ᠡᠷᠬᠡ ᠶᠢᠨ ᠦᠵᠡᠯᠲᠡ᠂ ᠠᠵᠢᠯ ᠦᠢᠯᠡᠰ ᠤᠨ ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠳᠤᠲᠠᠭᠤᠳᠠᠯ ᠢ ᠪᠦᠬᠦ ᠬᠦᠴᠦᠨ ᠢᠶᠠᠷ ᠢᠶᠠᠨ ᠨᠥᠬᠦᠪᠥᠷᠢᠯᠡᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠬᠥᠭᠵᠢᠯᠲᠡ ᠶᠢ ᠠᠬᠢᠭᠤᠯᠤᠨ᠎ᠠ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ ᠡᠴᠦᠰ ᠲᠤᠨᠢ ᠲᠤᠯᠲᠠᠯ᠎ᠠ ᠠᠳᠬᠤᠵᠤ᠂ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠨ ᠳᠡᠭᠡᠳᠦ ᠱᠠᠲᠤᠨ ᠤ ᠨᠠᠮ ᠤᠨ ᠬᠤᠷᠢᠶ᠎ᠠ ᠶᠢ ᠰᠠᠨᠠᠭ᠎ᠠ ᠠᠮᠤᠷ᠂ ᠠᠷᠠᠳ ᠤᠯᠠᠨ ᠢ ᠰᠡᠳᠬᠢᠯ ᠬᠠᠨᠤᠮᠵᠢᠲᠠᠢ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃    ︵ᠬᠤᠶᠠᠷ︶ ᠶᠠᠪᠤᠴᠠ ᠶᠢᠨ ᠬᠠᠮᠢᠶᠠᠷᠤᠯᠲᠠ ᠡᠵᠡᠮᠳᠡᠯ ᠢ ᠲᠤᠪᠤᠶᠢᠯᠭᠠᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ᠎ᠡ᠃ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠴᠢᠩᠭ᠎ᠠ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠰᠠᠶᠢᠨ ᠢᠶᠠᠷ ᠡᠬᠢᠯᠡᠵᠦ ᠰᠠᠶᠢᠨ ᠢᠶᠠᠷ ᠲᠡᠭᠦᠰᠬᠡᠬᠦ᠂ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠪᠦᠲᠦᠭᠡᠬᠦ ᠶᠢ ᠪᠠᠲᠤᠯᠠᠬᠤ ᠬᠡᠷᠡᠭᠲᠡᠢ᠃ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠴᠢᠬᠤᠯᠠᠴᠢᠯᠠᠵᠤ᠂ ᠨᠢᠭᠡᠳᠦᠯᠲᠡᠶ ᠲᠥᠯᠥᠪᠯᠡᠨ ᠠᠬᠢᠭᠤᠯᠵᠤ᠂ ᠨᠢᠭᠡᠨᠲᠡ ᠪᠡᠶᠡᠯᠡᠭᠦᠯᠦᠭᠰᠡᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠲᠤᠬᠠᠶ ᠦᠷ᠎ᠡ ᠪᠦᠲᠦᠮᠵᠢ ᠶᠢ ᠦᠷᠭᠦᠯᠵᠢᠯᠡᠨ ᠮᠥᠷᠳᠡᠨ ᠠᠰᠠᠭᠤᠵᠤ᠂ ᠠᠬᠢᠴᠠ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠵᠦ᠂ ᠨᠢᠭᠡ ᠵᠦᠢᠯ ᠢ ᠪᠡᠶᠡᠯᠡᠭᠦᠯᠵᠦ᠂ ᠨᠢᠭᠡ ᠵᠦᠢᠯ ᠢ ᠬᠠᠰᠤᠵᠤ᠂ ᠨᠢᠭᠡ ᠵᠦᠢᠯ ᠢ ᠪᠠᠬᠢᠵᠢᠭᠦᠯᠬᠦ ᠬᠡᠷᠡᠭᠲᠡᠶ︔ ᠴᠡᠭᠴᠡᠯᠡᠨ ᠰᠠᠶᠢᠵᠢᠷᠠᠭᠤᠯᠬᠤ ᠴᠠᠭ ᠨᠢ ᠨᠡᠯᠢᠶᠡᠳ ᠤᠷᠲᠤ᠂ ᠱᠠᠳᠤ ᠦᠶ᠎ᠡ ᠬᠤᠪᠢᠶᠠᠨ᠂ ᠵᠢᠯ ᠬᠤᠪᠢᠶᠠᠨ ᠠᠬᠢᠭᠤᠯᠬᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠵᠠᠩᠭᠢᠯᠠᠭ᠎ᠠ ᠶᠢᠨ ᠴᠡᠭ ᠢ ᠠᠳᠬᠤᠵᠤ᠂ ᠴᠢᠩᠭ᠎ᠠ ᠠᠩᠬᠠᠷᠴᠤ᠂ ᠪᠠᠶᠢᠩᠭᠤᠵᠢᠭᠰᠠᠨ ᠴᠡᠭᠴᠡᠯᠡᠨ ᠰᠠᠶᠢᠵᠢᠷᠠᠭᠤᠯᠬᠤ ᠲᠣᠭᠲᠠᠴᠠ ᠶᠢ ᠡᠷᠡᠰ ᠨᠠᠶᠢᠳᠠᠪᠤᠷᠢᠵᠢᠭᠤᠯᠵᠤ᠂ ᠪᠠᠷᠢᠮᠵᠢᠶ᠎ᠠ ᠶᠢ ᠪᠠᠭᠤᠷᠠᠭᠤᠯᠬᠤ ᠦᠭᠡᠢ᠂ ᠡᠷᠴᠢᠮ ᠢ ᠰᠤᠯᠠᠷᠠᠭᠤᠯᠬᠤ ᠦᠭᠡᠢ᠂ ᠠᠷᠭ᠎ᠠ ᠬᠡᠮᠵᠢᠶ᠎ᠡ ᠶᠢ ᠰᠤᠯᠠᠷᠠᠭᠤᠯᠬᠤ ᠦᠭᠡᠢ ᠪᠠᠶᠢᠬᠤ ᠶᠢ ᠪᠠᠲᠤᠯᠠᠵᠤ᠂ ᠴᠡᠭᠴᠡᠯᠡᠨ ᠰᠠᠶᠢᠵᠢᠷᠠᠭᠤᠯᠬᠤ ᠬᠠᠷᠠᠯᠲᠠ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ︔ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠳᠤ ᠪᠦᠷᠢᠯᠳᠦᠭᠰᠡᠨ ᠡᠯ᠎ᠡ ᠵᠦᠢᠯ ᠤᠨ ᠦᠷ᠎ᠡ ᠪᠦᠲᠦᠭᠡᠯ ᠢ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠬᠤ ᠶᠢ ᠴᠢᠬᠤᠯᠠᠴᠢᠯᠠᠵᠤ᠂ ᠲᠡᠭᠦᠨ ᠢ ᠪᠦᠬᠦ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠰᠢᠭᠲᠠᠢ ᠨᠥᠬᠦᠴᠡᠯ ᠪᠠ ᠴᠢᠬᠤᠯᠠ ᠭᠠᠷᠳᠠᠴᠠ ᠪᠣᠯᠭᠠᠬᠤ ᠬᠡᠷᠡᠭᠲᠡᠢ᠃    ︵ᠭᠤᠷᠪᠠ︶ ᠬᠠᠷᠠᠯᠲᠠ ᠶᠢᠨ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠥᠭᠡᠷᠡᠴᠢᠯᠡᠯᠲᠡ ᠪᠠᠷ ᠵᠠᠰᠠᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠎ᠡ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠲᠠᠢ ᠤᠶᠠᠯᠳᠤᠭᠤᠯᠵᠤ᠂ ᠥᠭᠡᠷᠡᠴᠢᠯᠡᠯᠲᠡ ᠶᠢ ᠴᠢᠨᠠᠭᠰᠢᠳᠠ ᠭᠦᠨᠵᠡᠭᠡᠶᠢᠷᠡᠭᠦᠯᠬᠦ ᠲᠠᠢ ᠤᠶᠠᠯᠳᠤᠭᠤᠯᠵᠤ ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ᠂ ᠢᠳᠡᠪᠬᠢᠲᠡᠢ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠴᠤᠭ ᠰᠦᠯᠳᠡ ᠪᠠᠷ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠠᠬᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠪᠡᠶᠡᠯᠡᠭᠦᠯᠦᠨ᠎ᠡ᠃ ᠠᠵᠤ ᠦᠢᠯᠡᠰ ᠤᠨ ᠬᠥᠭᠵᠢᠯᠲᠡ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠡᠶᠢᠭᠡᠮ ᠤᠨ ᠵᠠᠰᠠᠯᠲᠠ ᠵᠡᠷᠭᠡ ᠠᠵᠢᠯ ᠤᠨ ᠪᠠᠶᠢᠷᠢᠯᠠᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠬᠦᠴᠦᠨ ᠢᠶᠠᠷ ᠢᠶᠠᠨ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠰᠠᠭᠤᠷᠢ ᠪᠠᠨ ᠪᠠᠬᠢᠵᠢᠭᠦᠯᠵᠦ᠂ ᠳᠠᠪᠠᠭᠤᠯᠢᠭ ᠢᠶᠠᠨ ᠪᠠᠳᠠᠷᠠᠭᠤᠯᠬᠤ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠳᠤᠷᠢᠳᠬᠤ ᠪᠠᠭ ᠤᠨ ᠤᠯᠤᠰ ᠲᠦᠷᠦ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠴᠢᠩᠭ᠎ᠠ ᠬᠠᠮᠢᠶᠠᠷᠴᠤ ᠭᠦᠨ ᠬᠠᠶᠢᠷᠠᠯᠠᠬᠤ ᠶᠢ ᠤᠶᠠᠯᠳᠤᠭᠤᠯᠬᠤ᠂ ᠤᠷᠮᠠᠰᠢᠭᠤᠯᠤᠨ ᠬᠢᠵᠠᠭᠠᠷᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠲᠤᠪᠤᠶᠢᠯᠭᠠᠵᠦ᠂ ᠪᠦᠬᠦ ᠰᠢᠶᠠᠨ ᠤ ᠳᠡᠭᠡᠳᠦ ᠲᠤᠤᠷᠠᠳᠤ ᠱᠠᠳᠤ ᠶᠢ ᠳᠠᠭᠠᠭᠤᠯᠤᠨ ᠤᠷᠤᠭᠰᠢᠯᠠᠬᠤ ᠦᠭᠡᠢ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠣᠳᠠᠲᠠᠢ ᠠᠵᠢᠯᠯᠠᠨ ᠲᠡᠮᠡᠴᠡᠬᠦ ᠪᠠᠷ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠨ᠎ᠠ᠃   ᠥᠷᠭᠡᠨ ᠤᠯᠠᠨ ᠺᠠᠳ᠋ᠷ ᠤᠯᠠᠨ ᠲᠦᠮᠡᠨ ᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠵᠤ ᠪᠠᠶᠢᠨ᠎ᠠ᠃ ᠬᠡᠷᠪᠡ ᠰᠠᠨᠠᠯ ᠰᠠᠨᠠᠭᠤᠯᠭ᠎ᠠ ᠲᠠᠢ ᠪᠣᠯ ᠴᠠᠭ ᠲᠤᠬᠠᠢ ᠳᠤᠨᠢ ᠪᠢᠳᠡᠨ ᠳᠤ ᠲᠤᠰᠬᠠᠭᠠᠷᠠᠢ᠃ ᠬᠠᠷᠢᠯᠴᠠᠬᠤ ᠤᠲᠠᠰᠤ᠄ 0474 - 4700017 ᠰᠢᠤᠳᠠᠨ ᠤ ᠬᠠᠶᠢᠷᠴᠠᠭ᠄ ᠵᠦᠸᠧᠽᠢ ᠰᠢᠶᠠᠨ ᠤ ᠶᠢᠩ ᠪᠢᠨ ᠵᠡᠭᠦᠨ ᠵᠠᠮ ᠤᠨ 1 ᠳ᠋ᠦᠭᠡᠷ ᠨᠣᠮᠧᠷᠲᠤ ᠨᠠᠮ ᠵᠠᠰᠠᠭ ᠤᠨ ᠲᠣᠮᠣ ᠠᠰᠠᠷ ᠤᠨ 308 ᠲᠠᠰᠤᠭ︔ ᠢᠮᠧᠯ᠄ zzxwgb 5@163.com    ᠳᠤᠮᠳᠠᠳᠤ ᠤᠯᠤᠰ ᠤᠨ ᠡᠪ ᠬᠠᠮᠲᠤ ᠨᠠᠮ ᠤᠨ ᠵᠦᠸᠧᠽᠢ ᠰᠢᠶᠠᠨ ᠤ ᠬᠤᠷᠢᠶ᠎ᠠ    2025 ᠣᠨ ᠤ 1 ᠰᠠᠷ᠎ᠠ ᠶᠢᠨ 23 ᠤ ᠡᠳᠦᠷ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2