ᠯᠧᠢ ᠹᠧᠩ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠠᠢᠨ ᠳᠤᠷ᠎ᠠ ᠶᠢᠨ ᠦᠢᠯᠡᠴᠢᠯᠡᠭᠡᠨ ᠤ | ᠣᠢᠯᠠᠭᠠᠭᠳᠠᠬᠤᠨ ᠢ ᠤᠯᠠᠮᠵᠢᠯ ᠠᠬᠤ ᠶᠢᠨ ᠲᠥᠯᠥᠭᠡ᠂ 3 ᠰᠠᠷ᠎ᠠ ᠶᠢᠨ 5 ᠤ ᠡᠳᠦᠷ᠂ ᠵᠦ ᠸᠧ ᠽᠢ ᠱᠢᠶᠠᠨ ᠤ | ᠱᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠨᠠᠷᠢᠨ ᠨᠢᠮᠪᠠᠢ ᠲᠥᠯᠥᠪᠯᠡᠵᠦ᠂ ︽ᠣᠶᠤᠨᠴᠢ ᠱᠢᠨᠵᠢᠯᠡᠬᠦ ᠤᠬᠠᠭᠠᠨ | ᠮᠡᠷᠭᠡᠵᠢᠯ ᠤᠨ ᠯᠧᠢ ᠹᠧᠩ ᠤᠨ ᠵᠣᠷᠢᠭ ᠰᠠᠨᠠᠭ᠎ᠠ ᠮᠠᠨ ᠤ ᠠᠶᠠᠯᠠᠯ︾ ᠭᠡᠬᠦ ᠭᠤᠣᠯ ᠰᠡᠳᠦᠪᠲᠦ ᠠᠵᠢᠯᠯᠠᠭ᠎ᠠ ᠶᠢ | ᠥᠷᠨᠢᠭᠦᠯᠵᠡᠢ᠃ | | ᠲᠤᠰ ᠡᠳᠦᠷ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠳᠤ ᠶᠡᠷᠦ ᠪᠤᠰᠤ ᠶᠢᠨ ᠬᠦᠷ ᠬᠥᠭᠵᠢᠶᠡᠨ ᠲᠠᠢ | ᠪᠠᠶᠢᠯ᠎ᠠ᠃ ᠡᠯᠪᠡᠭ ᠪᠠᠶᠠᠯᠢᠭ ᠣᠯᠠᠨ ᠶᠠᠩᠵᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠡᠯᠭᠡᠨ ᠦᠵᠡᠭᠦᠯᠬᠦ ᠡᠳ᠋ ᠨᠢ | ᠰᠤᠷᠤᠭᠴᠢᠳ ᠤᠨ ᠠᠩᠬᠠᠷᠤᠯ ᠢ ᠲᠠᠲᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠳᠤᠷ᠎ᠠ ᠶᠢᠨ | ᠦᠢᠯᠡᠴᠢᠯᠡᠭᠴᠢᠳ ᠰᠢᠨᠵᠢᠯᠡᠬᠦ ᠤᠬᠠᠭᠠᠨ ᠮᠡᠷᠭᠡᠵᠢᠯ ᠤᠨ ᠤᠭ ᠶᠣᠰᠣ ᠶᠢ ᠬᠠᠯᠠᠭᠤᠨ ᠢᠶᠠᠷ ᠲᠠᠶᠢᠯᠪᠤᠷᠢᠯᠠᠨ ᠥᠭᠴᠦ᠂ | ᠣᠯᠠᠨ ᠢ ᠬᠠᠪᠰᠤᠷᠤᠨ ᠠᠵᠢᠯᠯᠠᠭᠠᠨ ᠤ ᠲᠥᠬᠦᠭᠡᠷᠦᠮᠵᠢ ᠶᠢ ᠬᠠᠪᠰᠤᠷᠤᠨ ᠪᠢᠴᠢᠬᠠᠨ ᠨᠠᠶᠢᠵᠠ ᠨᠠᠷ ᠢ ᠬᠦᠯᠢᠴᠡᠩᠭᠦᠶ ᠪᠠᠷ | ᠬᠥᠲᠥᠯᠥᠨ ᠵᠢᠯᠣᠭᠤᠳᠴᠤ᠂ ᠲᠡᠳᠡᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠷᠢᠳᠢ ᠰᠢᠳᠢ ᠶᠢ ᠮᠡᠳᠡᠷᠡᠭᠦᠯᠵᠦ᠂ | ᠰᠢᠨᠵᠢᠯᠡᠬᠦ ᠤᠬᠠᠭᠠᠨ ᠤ ᠤᠷᠮ᠎ᠠ ᠪᠠᠬ᠎ᠠ ᠶᠢ ᠬᠥᠭᠵᠢᠭᠡᠪᠡ᠃ | | ᠡᠭᠦᠨ ᠠᠴᠠ ᠭᠠᠳᠠᠨ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠪᠠᠰᠠ ᠰᠢᠨᠵᠢᠯᠡᠬᠦ ᠤᠬᠠᠭᠠᠨ | ᠮᠡᠷᠭᠡᠵᠢᠯ ᠤᠨ ᠬᠥᠮᠦᠵᠢᠯ ᠤᠨ ᠠᠵᠢᠯᠯᠠᠭ᠎ᠠ ᠶᠢᠨ ᠲᠠᠰᠤᠭ ᠲᠤ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ | ᠬᠢᠴᠢᠶᠡᠯ ᠤᠨ ᠲᠠᠩᠬᠢᠮ ᠢ ᠵᠣᠬᠢᠶᠠᠨ ᠪᠠᠶᠢᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠯᠸᠢ ᠹᠧᠩ ᠤᠨ ᠦᠢᠯᠡ | ᠠᠵᠢᠯᠯᠠᠭ᠎ᠠ ᠪᠠᠷ ᠭᠠᠷᠳᠠᠴᠠ ᠪᠣᠯᠭᠠᠵᠤ᠂ ᠯᠸᠢ ᠹᠧᠩ ᠤᠨ ᠵᠣᠷᠢᠭ ᠰᠠᠨᠠᠭ᠎ᠠ ᠪᠣᠯᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠨᠢᠭᠲᠠ ᠤᠶᠠᠯᠳᠤᠭᠤᠯᠵᠠᠶ᠃ ᠰᠠᠶᠢᠨ ᠳᠤᠷ᠎ᠠ ᠶᠢᠨ | ᠦᠢᠯᠡᠴᠢᠯᠡᠭᠴᠢᠳ ᠰᠤᠷᠤᠭᠴᠢᠳ ᠲᠠᠢ ᠬᠠᠮᠲᠤ ᠪᠠᠷ ᠬᠢᠮᠢ ᠶᠢᠨ ᠲᠤᠷᠰᠢᠯᠲᠠ ᠶᠢᠨ ︽ᠥᠩᠭᠡ ᠬᠤᠪᠢᠷᠠᠭᠰᠠᠨ ᠴᠠᠢ | ᠤᠰᠤ︾ ᠪᠣᠯᠤᠨ ᠹᠢᠽᠢᠺ ᠤᠨ ᠲᠤᠷᠰᠢᠯᠲᠠ ᠶᠢᠨ ︽ᠵᠢᠵᠢᠭ ᠪᠥᠮᠪᠥᠭᠡᠨ ᠢᠨᠧᠷᠼᠢ︾ ᠶᠢ ᠪᠡᠶᠡᠯᠡᠭᠦᠯᠵᠦ᠂ ᠡᠭᠦᠨ ᠤ | ᠳᠤᠮᠳᠠ ᠠᠴᠠ ᠰᠢᠨᠵᠢᠯᠡᠬᠦ ᠤᠬᠠᠭᠠᠨᠲᠠᠳ ᠤᠨ ᠵᠣᠷᠢᠭᠲᠠᠢ ᠪᠠᠷ ᠬᠠᠶᠢᠨ ᠰᠦᠪᠡᠭᠴᠢᠯᠡᠬᠦ᠂ ᠲᠠᠰᠤᠷᠠᠯᠳᠠ ᠦᠭᠡᠢ | ᠤᠷᠤᠭᠰᠢᠯᠠᠬᠤ ᠵᠣᠷᠢᠭ ᠰᠠᠨᠠᠭ᠎ᠠ ᠶᠢ ᠣᠶᠢᠯᠠᠭᠠᠵᠤ᠂ ᠤᠯᠠᠨ ᠢᠶᠠᠷ ᠢᠶᠠᠨ ᠰᠢᠨᠵᠢᠯᠡᠬᠦ ᠤᠬᠠᠭᠠᠨ ᠢ ᠬᠥᠭᠡᠭᠡᠴᠡᠯᠳᠦᠬᠦ ᠵᠠᠮ | ᠳᠡᠭᠡᠷ᠎ᠡ ᠯᠸᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ | ᠵᠣᠷᠢᠭᠲᠠᠢ ᠪᠠᠷ ᠰᠢᠨ᠎ᠡ ᠶᠢ ᠡᠭᠦᠳᠬᠦ ᠶᠢ ᠵᠣᠷᠢᠭᠵᠢᠭᠤᠯᠪᠠ᠃ ᠲᠤᠬᠠᠢ ᠶᠢᠨ ᠲᠠᠯᠠᠪᠠᠢ ᠳᠤ ᠬᠠᠷᠢᠯᠴᠠᠨ ᠬᠥᠳᠡᠯᠦᠯᠴᠡᠵᠦ | ᠬᠥᠭᠵᠢᠶᠡᠨᠲᠡᠢ ᠪᠠᠶᠢᠵᠤ᠂ ᠬᠡᠦᠬᠡᠳ ᠤᠳ ᠤᠨ ᠢᠳᠡᠪᠬᠢᠲᠡᠢ ᠪᠠᠷ ᠠᠰᠠᠭᠤᠯᠲᠠ ᠠᠰᠠᠭᠤᠵᠤ᠂ ᠠᠭᠤᠷ ᠠᠮᠢᠰᠬᠤᠯ ᠮᠠᠰᠢ | ᠬᠥᠭᠵᠢᠶᠡᠨᠲᠡᠢ ᠪᠠᠶᠢᠯ᠎ᠠ᠃ | | ᠲᠣᠰ ᠤᠳᠠᠭᠠᠨ ᠤ ︽ᠣᠶᠤᠨ ᠤᠬᠠᠭᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠶᠠᠯᠠᠯ ᠤᠨ ᠯᠸᠢ ᠹᠧᠩ ᠤᠨ | ᠵᠣᠷᠢᠭ ᠰᠠᠨᠠᠭ᠎ᠠ ᠨᠢ ᠮᠠᠨ ᠤ ᠤᠯᠤᠰ ᠤᠨ ᠦᠢᠯᠡ ᠠᠵᠢᠯᠯᠠᠭ᠎ᠠ ᠯᠤᠭ᠎ᠠ ᠬᠠᠮᠵᠢᠬᠤ︾ ᠠᠵᠢᠯᠯᠠᠭ᠎ᠠ ᠨᠢ ᠵᠠᠯᠠᠭᠤᠴᠤᠳ | ᠪᠠᠭᠠᠴᠤᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ᠂ ᠪᠠᠰᠠ | ᠯᠸᠢ ᠹᠧᠩ ᠤᠨ ᠵᠣᠷᠢᠭ ᠰᠠᠨᠠᠭ᠎ᠠ ᠶᠢ ᠰᠢᠨᠵᠢᠯᠡᠬᠦ ᠤᠬᠠᠭᠠᠨ ᠮᠡᠷᠭᠡᠵᠢᠯ ᠤᠨ ᠰᠤᠷᠭᠠᠨ ᠬᠥᠮᠦᠵᠢᠯ ᠳᠤ | ᠠᠭᠤᠰᠤᠯᠴᠠᠭᠤᠯᠵᠤ᠂ ᠣᠯᠠᠨ ᠨᠡᠶᠢᠲᠡ ᠶᠢᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠪᠠ ᠶᠣᠰᠣ ᠰᠤᠷᠲᠠᠬᠤᠨ ᠤ | ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠪᠡ᠃ ᠢᠷᠡᠭᠡᠳᠦᠢ ᠳᠤ᠂ ᠵᠦᠸᠧᠽᠢ ᠰᠢᠶᠠᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠣᠷᠳᠣᠨ ᠡᠯ᠎ᠡ ᠲᠥᠷᠥᠯ ᠤᠨ ᠭᠤᠣᠯ ᠰᠡᠳᠦᠪᠲᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ | ᠣᠷᠣᠨ ᠨᠤᠲᠤᠭ ᠤᠨ ᠰᠣᠶᠣᠯ ᠤᠨ ᠪᠠᠶᠢᠭᠤᠯᠤᠯᠲᠠ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠣᠯᠣᠨ᠎ᠠ᠃ | |