ᠬᠠᠪᠤᠷ ᠤᠨ ᠡᠬᠢᠨ ᠤ ᠤᠯᠠᠷᠢᠯ ᠳᠤ᠂ ᠭᠡᠨᠡᠳᠲᠡ ᠳᠤᠯᠠᠭᠠᠷᠠᠵᠤ ᠪᠠᠶᠢᠯ᠎ᠠ᠃ ᠣᠳᠣᠬᠠᠨ ᠳᠤ ᠶᠠᠭ ᠬᠠᠪᠤᠷ ᠤᠨ | ᠤᠯᠠᠷᠢᠯ ᠳᠤ ᠲᠥᠯ ᠲᠤᠰᠴᠤ ᠨᠢᠯᠬ᠎ᠠ ᠬᠡᠦᠬᠡᠳ ᠪᠤᠶᠢᠵᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠪᠠᠶᠢᠵᠤ᠂ | ᠵᠦᠸᠧᠽᠢ ᠱᠠᠨ ᠪᠠᠯᠭᠠᠰᠤᠨ ᠤ ᠡᠤ ᠰᠢᠩ ᠲᠣᠰᠬᠤᠨ ᠤ ᠵᠣᠣ ᠶᠦᠩ ᠬᠡᠷ ᠤᠨ ᠰᠠᠷᠠᠪᠴᠢᠨ ᠳᠤ ᠰᠢᠨ᠎ᠡ ᠪᠠᠷ | ᠲᠥᠷᠥᠭᠰᠡᠨ ᠬᠤᠷᠠᠭ᠎ᠠ ᠬᠠᠰᠢᠶ᠎ᠠ ᠰᠠᠷᠠᠪᠴᠢ ᠳᠤ ᠠᠮᠢᠵᠢᠷᠠᠯ ᠤᠨ ᠬᠦᠴᠦᠨ ᠨᠡᠮᠡᠷᠢᠯᠡᠭᠰᠡᠨ ᠢᠶᠠᠷ ᠪᠠᠷᠠᠬᠤ ᠥᠬᠡᠶ᠂ ᠪᠠᠰᠠ | ᠵᠣᠣ ᠶᠦᠩ ᠵᠢᠶᠠ ᠳᠤ ᠠᠵᠤ ᠠᠬᠤᠶ ᠶᠢᠨ ᠣᠷᠣᠯᠭ᠎ᠠ ᠶᠢ ᠨᠡᠮᠡᠭᠳᠡᠭᠦᠯᠦᠭᠰᠡᠨ ᠪᠠᠶᠢᠨ᠎ᠠ᠃ | ᠵᠦᠸᠧᠽᠢ ᠱᠠᠨ ᠪᠠᠯᠭᠠᠰᠤᠨ ᠤ ᠡᠤ ᠰᠢᠩ ᠲᠣᠰᠬᠤᠨ ᠤ ᠲᠡᠵᠢᠭᠡᠨ ᠦᠷᠡᠵᠢᠭᠦᠯᠬᠦ ᠡᠷᠦᠬᠡ ᠶᠢᠨ ᠰᠠᠷᠠᠪᠴᠢᠨ ᠳᠤ | ᠣᠷᠣᠬᠤ ᠳᠤ᠂ ᠨᠢᠭᠡ ᠬᠤᠷᠠᠭ᠎ᠠ ᠶᠠᠭ ᠡᠮ᠎ᠡ ᠬᠤᠨᠢᠨ ᠤ ᠳᠡᠷᠭᠡᠳᠡ ᠨᠠᠯᠠᠨ ᠬᠡᠪᠲᠡᠵᠦ᠂ ᠪᠠᠶᠢᠨ ᠪᠠᠶᠢᠨ ︽ᠮᠠᠶᠢᠯᠠᠬᠤ︾ | ᠳᠠᠭᠤᠨ ᠭᠠᠷᠤᠨ᠎ᠠ᠃ ᠲᠡᠵᠢᠭᠡᠨ ᠦᠷᠡᠵᠢᠭᠦᠯᠬᠦ ᠡᠷᠦᠬᠡ ᠬᠠᠰᠢᠶ᠎ᠠ ᠰᠠᠷᠠᠪᠴᠢ ᠳᠤ ᠰᠦᠯᠵᠢᠯᠳᠦᠵᠦ᠂ ᠬᠤᠨᠢ ᠢᠮᠠᠭ᠎ᠠ | ᠪᠠ ᠬᠤᠷᠠᠭ᠎ᠠ ᠳᠤ ᠡᠪᠡᠰᠦ ᠪᠣᠷᠳᠤᠭ᠎ᠠ ᠨᠡᠮᠡᠬᠦ ᠪᠠᠷ ᠶᠠᠭᠠᠷᠠᠯᠳᠤᠨ᠎ᠠ᠃ ᠣᠯᠠᠨ ᠵᠢᠯ ᠤᠨ ᠲᠡᠵᠢᠭᠡᠨ ᠦᠷᠡᠵᠢᠭᠦᠯᠬᠦ | ᠲᠤᠷᠰᠢᠯᠭ᠎ᠠ ᠪᠠᠷ᠂ ᠲᠡᠵᠢᠭᠡᠨ ᠦᠷᠡᠵᠢᠭᠦᠯᠬᠦ ᠡᠷᠦᠬᠡ ᠡᠪᠡᠰᠦ ᠪᠣᠷᠳᠤᠭ᠎ᠠ ᠪᠠᠨ ᠭᠦᠢᠴᠡᠳ ᠪᠡᠯᠡᠳᠬᠡᠵᠦ᠂ ᠳᠤᠯᠠᠭᠠᠨ | ᠰᠠᠷᠠᠪᠴᠢ ᠶᠢ ᠪᠥᠷᠬᠦᠨ ᠳᠤᠯᠠᠭᠠᠯᠠᠭ᠎ᠠ ᠶᠢ ᠪᠠᠲᠤᠯᠠᠵᠤ᠂ ᠲᠥᠯ ᠲᠤᠰᠴᠤ ᠨᠢᠷᠠᠢ ᠬᠡᠦᠬᠡᠳ ᠪᠤᠶᠢᠵᠢᠭᠤᠯᠬᠤ ᠳᠤ | ᠬᠦᠴᠦᠲᠡᠢ ᠰᠠᠭᠤᠷᠢ ᠪᠠᠲᠤᠯᠠᠭ᠎ᠠ ᠬᠠᠩᠭᠠᠵᠤ᠂ ᠬᠤᠷᠠᠭ᠎ᠠ ᠶᠢ ᠡᠷᠲᠡ ᠪᠣᠷᠣᠯᠠᠭᠤᠯᠵᠤ᠂ ᠡᠷᠲᠡ ᠠᠰᠢᠭ ᠬᠦᠷᠳᠡᠬᠦ ᠶᠢ | ᠠᠬᠢᠭᠤᠯᠪᠠ᠃ | ᠵᠤᠵᠤᠤᠽᠢ ᠪᠠᠯᠭᠠᠰᠤ ᠶᠢᠨ ᠡᠦ ᠱᠢᠨ ᠲᠣᠰᠭᠤᠨ ᠤ ᠲᠡᠵᠢᠭᠡᠨ ᠦᠷᠡᠵᠢᠭᠦᠯᠬᠦ ᠡᠷᠦᠬᠡ ᠵᠣᠣ ᠶᠦᠩ | ᠣᠳᠣᠬᠠᠨ ᠳᠤ ᠪᠢ ᠠᠳᠡ ᠨᠡᠶᠢᠲᠡ 70 ᠭᠠᠷᠤᠶ ᠡᠮ᠎ᠡ ᠬᠤᠨᠢ ᠲᠡᠵᠢᠭᠡᠵᠦ᠂ ᠨᠢᠳᠤᠨᠤᠨ ᠬᠤᠶᠠᠷ ᠰᠢᠨ᠎ᠡ | ᠡᠭᠦᠯᠳᠡᠷ ᠤᠨ ᠬᠤᠴᠠ ᠣᠷᠣᠭᠤᠯᠵᠠᠶ᠃ ᠨᠢᠭᠡ ᠡᠮ᠎ᠡ ᠬᠤᠨᠢ ᠶᠢ ᠨᠢᠭᠡ ᠵᠢᠯ ᠳᠤ ᠬᠤᠶᠠᠷ ᠤᠳᠠᠭ᠎ᠠ ᠬᠤᠷᠠᠭ᠎ᠠ | ᠲᠠᠷᠠᠭᠤᠯᠵᠤ᠂ ᠡᠳᠡᠭᠡᠷ ᠬᠤᠨᠢ ᠶᠢ ᠨᠡᠶᠢᠲᠡ 100 ᠭᠠᠷᠤᠶ ᠬᠤᠷᠠᠭ᠎ᠠ ᠲᠠᠷᠠᠭᠤᠯᠵᠤ᠂ ᠬᠤᠷᠠᠭ᠎ᠠ ᠢᠰᠢᠭᠡ ᠶᠢᠨ | ᠣᠨᠳᠣᠷᠠᠯ ᠤᠨ ᠨᠣᠷᠮ᠎ᠠ ᠨᠢ 90% ᠠᠴᠠ ᠳᠡᠭᠡᠭᠰᠢ ᠳᠤ ᠬᠦᠷᠴᠦ᠂ ᠬᠤᠷᠠᠭ᠎ᠠ ᠬᠤᠳᠠᠯᠳᠤᠬᠤ ᠪᠠᠷ ᠳᠠᠮᠵᠢᠨ ᠨᠢᠭᠡ | ᠵᠢᠯ ᠤᠨ ᠴᠡᠪᠡᠷ ᠣᠷᠣᠯᠭ᠎ᠠ ᠨᠢ ᠲᠠᠪᠤᠨ ᠲᠦᠮᠡ ᠭᠠᠷᠤᠶ ᠲᠥᠭᠦᠷᠢᠭ ᠪᠣᠯᠤᠨ᠎ᠠ᠃ | ᠡᠲᠡᠭᠡᠷ ᠢᠳᠡᠷᠡᠭᠦᠨ ᠢᠶᠠᠷ ᠦᠰᠦᠨ ᠪᠤᠶᠢᠵᠢᠭᠰᠠᠨ ᠢᠰᠢᠭᠡ ᠪᠣᠯ ᠲᠡᠵᠢᠭᠡᠨ ᠦᠷᠡᠵᠢᠭᠦᠯᠬᠦ ᠡᠷᠦᠬᠡ ᠶᠢᠨ ᠰᠢᠷᠭᠠᠭᠤ | ᠬᠠᠲᠠᠭᠤᠵᠢᠯᠲᠠᠶ ᠦᠷ᠎ᠡ ᠪᠦᠲᠦᠭᠡᠯ ᠪᠣᠯᠬᠤ ᠪᠠᠷ ᠪᠠᠷᠠᠬᠤ ᠥᠬᠡᠶ᠂ ᠨᠠᠩ ᠴᠤ ᠲᠡᠵᠢᠭᠡᠨ ᠦᠷᠡᠵᠢᠭᠦᠯᠬᠦ ᠡᠷᠦᠬᠡ ᠶᠢᠨ | ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ᠂ ᠴᠥᠭᠡᠨ ᠲᠡᠵᠢᠭᠡᠬᠦ᠂ ᠨᠠᠷᠢᠯᠢᠭ ᠲᠡᠵᠢᠭᠡᠨ ᠦᠷᠡᠵᠢᠭᠦᠯᠬᠦ | ᠵᠠᠮ ᠢᠶᠠᠷ ᠵᠠᠮᠨᠠᠬᠤ ᠶᠢᠨ ᠬᠦᠴᠦᠲᠡᠶ ᠭᠡᠷᠡᠴᠢ ᠪᠣᠯᠤᠨ᠎ᠠ᠃ ᠳᠠᠷᠠᠭᠠᠴᠢ ᠶᠢᠨ ᠠᠯᠬᠤᠮ ᠳᠤ᠂ ᠵᠦᠸᠧᠽᠢ ᠰᠢᠶᠠᠨ | ᠲᠡᠵᠢᠭᠡᠨ ᠦᠷᠡᠵᠢᠭᠦᠯᠬᠦ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠤᠯᠠᠮ | ᠨᠢᠭᠡ ᠠᠯᠬᠤᠮ ᠠᠬᠢᠭᠤᠯᠵᠤ᠂ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ | ᠬᠦᠴᠦᠨ ᠲᠠᠢ ᠪᠣᠯᠭᠠᠵᠤ᠂ ᠲᠡᠵᠢᠭᠡᠨ ᠦᠷᠡᠵᠢᠭᠦᠯᠬᠦ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠵᠠᠭᠪᠤᠷ ᠢ | ᠢᠳᠡᠪᠬᠢᠲᠡᠢ ᠰᠦᠪᠡᠭᠴᠢᠯᠡᠵᠦ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ ᠤᠷᠲᠤᠳᠬᠠᠵᠤ᠂ ᠰᠠᠶᠢᠨ | ᠡᠭᠦᠯᠳᠡᠷ ᠢ ᠦᠷᠡᠵᠢᠭᠦᠯᠦᠨ ᠪᠤᠶᠢᠵᠢᠭᠤᠯᠬᠤ᠂ ᠲᠡᠵᠢᠭᠡᠯ ᠡᠪᠡᠰᠦ ᠪᠣᠷᠳᠤᠭ᠎ᠠ ᠬᠠᠩᠭᠠᠬᠤ᠂ ᠡᠪᠡᠳᠴᠢᠨ ᠬᠤᠷᠣᠬᠠᠢ ᠶᠢᠨ | ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠶᠢᠨ ᠲᠤᠯᠭᠠᠭᠤᠷᠢᠯᠠᠯ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ᠂ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |