ᠡᠮᠴᠢᠯᠡᠭᠡᠨ ᠤ ᠪᠠᠶᠢᠭᠤᠯᠤᠮᠵᠢ ᠶᠢᠨ ᠠᠷᠠᠳ ᠤᠯᠠᠨ ᠳᠤ ᠦᠢᠯᠡᠴᠢᠯᠡᠬᠦ ᠴᠢᠳᠠᠪᠤᠷᠢ ᠪᠠ ᠬᠢᠷᠢ ᠲᠦᠪᠰᠢᠨ ᠢ | ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ ᠡᠪᠡᠳᠴᠢᠲᠡᠨ ᠤ ᠤᠷᠢᠳᠴᠢᠯᠠᠨ ᠥᠭᠬᠦ ᠪᠡᠯᠡ ᠮᠥᠩᠭᠦ ᠶᠢᠨ | ᠳᠠᠷᠤᠯᠲᠠ ᠶᠢ ᠬᠥᠩᠭᠡᠷᠡᠭᠦᠯᠵᠦ᠂ ᠤᠯᠠᠨ ᠲᠦᠮᠡᠨ ᠤ ᠡᠪᠡᠳᠴᠢᠨ ᠦᠵᠡᠭᠦᠯᠬᠦ ᠳᠤ ᠬᠦᠴᠢᠷ᠂ ᠡᠪᠡᠳᠴᠢᠨ | ᠦᠵᠡᠭᠦᠯᠬᠦ ᠳᠤ ᠦᠨᠡᠲᠡᠢ ᠪᠠᠶᠢᠬᠤ ᠠᠰᠠᠭᠤᠳᠠᠯ ᠢ ᠰᠢᠢᠳᠪᠦᠷᠢᠯᠡᠪᠡ᠃ ᠣᠶᠢᠷ᠎ᠠ ᠳᠤ᠂ ᠵᠦᠸᠧᠽᠢ ᠰᠢᠶᠠᠨ ᠤ | ᠠᠷᠠᠳ ᠤᠨ ᠡᠮᠨᠡᠯᠭᠡ ᠶᠢᠨ ᠬᠤᠷᠢᠶ᠎ᠠ ᠡᠮ ᠡᠮᠨᠡᠯᠭᠡ ᠶᠢᠨ ᠳᠠᠭᠠᠳᠬᠠᠯ ᠤᠨ ᠡᠪᠡᠳᠴᠢᠲᠡᠨ ᠤ ᠡᠮᠨᠡᠯᠭᠡ ᠳᠤ ᠰᠠᠭᠤᠬᠤ | ᠪᠠᠷᠢᠴᠠᠭᠠᠨ ᠤ ᠮᠥᠩᠭᠦ ᠶᠢᠨ ᠲᠥᠷᠥ ᠶᠢᠨ ᠪᠣᠳᠣᠯᠭ᠎ᠠ ᠶᠢ ᠵᠢᠩᠬᠢᠨᠢ ᠪᠠᠷ ᠬᠡᠷᠡᠭᠵᠢᠭᠦᠯᠵᠦ᠂ ᠡᠮ ᠡᠮᠨᠡᠯᠭᠡ ᠶᠢᠨ | ᠦᠢᠯᠡᠴᠢᠯᠡᠭᠡ ᠶᠢ ᠨᠠᠩ ᠬᠠᠯᠠᠭᠤᠨ ᠳᠤᠯᠠᠭᠠᠨ ᠪᠣᠯᠭᠠᠪᠠ᠃ | | ᠰᠤᠷᠪᠤᠯᠵᠢᠯᠠᠭᠴᠢ ᠵᠦᠸᠧᠽᠢ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ᠂ ᠡᠮᠴᠢ ᠠᠴᠠ | ᠡᠪᠡᠳᠴᠢᠲᠡᠨ ᠤ ᠭᠡᠷ ᠪᠦᠯᠢ ᠶᠢᠨ ᠬᠢᠨ ᠳᠤ ᠡᠮᠨᠡᠯᠭᠡ ᠳᠤ ᠰᠠᠭᠤᠬᠤ ᠪᠠᠷᠢᠴᠠᠭᠠᠨ ᠤ ᠮᠥᠩᠭᠦ ᠠᠴᠠ ᠬᠡᠯᠲᠦᠷᠢᠭᠦᠯᠬᠦ | ᠲᠥᠷᠥ ᠶᠢᠨ ᠪᠣᠳᠣᠯᠭ᠎ᠠ ᠶᠢᠨ ᠪᠣᠳᠠᠲᠠᠢ ᠠᠭᠤᠯᠭ᠎ᠠ ᠪᠣᠯᠣᠨ ᠱᠠᠭᠠᠷᠳᠠᠯᠭ᠎ᠠ ᠶᠢ ᠨᠠᠷᠢᠨ ᠲᠠᠨᠢᠯᠴᠠᠭᠤᠯᠵᠠᠢ᠃ ᠡᠮ | ᠡᠮᠨᠡᠯᠭᠡ ᠶᠢᠨ ᠳᠠᠭᠠᠳᠬᠠᠯ ᠤᠨ ᠡᠪᠡᠳᠴᠢᠲᠡᠨ ᠵᠥᠪᠬᠡᠨ ᠪᠡᠶ᠎ᠡ ᠶᠢᠨ ᠦᠨᠡᠮᠯᠡᠯ ᠤᠨ ᠬᠠᠭᠤᠯᠪᠤᠷᠢ ᠪᠠᠨ ᠬᠠᠩᠭᠠᠪᠠᠯ | ᠳᠠᠷᠤᠶ ᠡᠮᠨᠡᠯᠭᠡ ᠳᠤ ᠰᠠᠭᠤᠵᠤ ᠪᠣᠯᠤᠨ᠎ᠠ᠂ ᠡᠮᠨᠡᠯᠭᠡ ᠳᠤ ᠰᠠᠭᠤᠬᠤ ᠪᠠᠷᠢᠴᠠᠭᠠᠨ ᠤ ᠮᠥᠩᠭᠦ ᠪᠠᠨ ᠲᠤᠰᠢᠶᠠᠬᠤ ᠴᠢᠬᠤᠯᠠ | ᠦᠭᠡᠢ᠃ ᠤᠷᠲᠤ ᠬᠤᠭᠤᠴᠠᠭᠠᠨ ᠤ ᠲᠤᠷᠰᠢ᠂ ᠡᠮᠨᠡᠯᠭᠡ ᠳᠤ ᠰᠠᠭᠤᠵᠤ ᠤᠷᠢᠳᠴᠢᠯᠠᠨ ᠲᠤᠰᠢᠶᠠᠭᠰᠠᠨ ᠮᠥᠩᠭᠦ ᠶᠢᠨ | ᠳᠦᠷᠢᠮ ᠨᠢ ᠡᠪᠡᠳᠴᠢᠲᠡᠨ ᠢ ᠡᠮᠨᠡᠯᠭᠡ ᠳᠤ ᠰᠠᠭᠤᠬᠤ᠂ ᠣᠨᠣᠰᠢᠯᠠᠨ ᠡᠮᠨᠡᠬᠦ ᠵᠡᠷᠭᠡ ᠭᠤᠭᠴᠤᠭ᠎ᠠ ᠳᠤ ᠤᠷᠢᠳᠠᠪᠠᠷ | ᠪᠠᠷᠢᠴᠠᠭᠠᠨ ᠤ ᠮᠥᠩᠭᠦ ᠶᠢ ᠲᠤᠰᠢᠶᠠᠬᠤ ᠶᠢ ᠱᠠᠭᠠᠷᠳᠠᠵᠤ᠂ ᠡᠪᠡᠳᠴᠢᠲᠡᠨ ᠤ ᠠᠵᠤ ᠠᠬᠤᠢ ᠶᠢᠨ ᠳᠠᠷᠤᠭᠠᠰᠤ ᠶᠢ | ᠨᠡᠮᠡᠭᠳᠡᠭᠦᠯᠵᠦ᠂ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠪᠠ ᠣᠨᠣᠰᠢᠯᠠᠨ ᠡᠮᠨᠡᠬᠦ ᠦᠢᠯᠡᠴᠢᠯᠡᠭᠡᠨ ᠤ ᠦᠷ᠎ᠡ | ᠪᠦᠲᠦᠮᠵᠢ ᠳᠤ ᠴᠤ ᠵᠣᠬᠢᠬᠤ ᠨᠥᠯᠥᠭᠡ ᠦᠵᠡᠭᠦᠯᠵᠡᠶ᠃ ᠣᠳᠣᠬᠠᠨ ᠳᠤ᠂ ᠡᠮᠴᠢᠯᠡᠭᠡᠨ ᠤ ᠳᠠᠭᠠᠳᠬᠠᠯ ᠤᠨ | ᠡᠪᠡᠳᠴᠢᠲᠡᠨ ᠤ ᠡᠮᠨᠡᠯᠭᠡ ᠳᠤ ᠰᠠᠭᠤᠬᠤ ᠪᠠᠷᠢᠴᠠᠭᠠᠨ ᠤ ᠮᠥᠩᠭᠦ ᠠᠴᠠ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠬᠦ ᠪᠠᠷ ᠳᠠᠮᠵᠢᠭᠤᠯᠤᠨ᠂ ᠠᠵᠤ ᠠᠬᠤᠶ ᠶᠢᠨ ᠨᠥᠬᠦᠴᠡᠯ ᠬᠦᠷᠦᠯᠴᠡᠬᠦ ᠥᠬᠡᠶ ᠡᠪᠡᠳᠴᠢᠲᠡᠨ ᠤ ᠬᠡᠷ | ᠪᠦᠯᠢ ᠶᠢ ᠡᠮᠨᠡᠯᠭᠡ ᠳᠤ ᠰᠠᠭᠤᠯᠭᠠᠵᠤ ᠤᠷᠢᠳᠴᠢᠯᠠᠨ ᠲᠤᠰᠢᠶᠠᠬᠤ ᠶᠡᠭᠡ ᠬᠡᠮᠵᠢᠶᠡᠨ ᠤ ᠬᠤᠶᠢᠰᠢᠳᠠ ᠶᠢᠨ ᠵᠣᠪᠠᠨᠢᠯ ᠢ ᠨᠢ | ᠲᠠᠶᠢᠯᠤᠭᠰᠠᠨ ᠢᠶᠠᠷ ᠪᠠᠷᠠᠬᠤ ᠥᠬᠡᠶ ᠪᠠᠰᠠ ᠡᠪᠡᠳᠴᠢᠲᠡᠨ ᠤ ᠡᠮᠨᠡᠭᠦᠯᠬᠦ ᠴᠠᠭ ᠢ ᠤᠯᠠᠮ ᠨᠢᠭᠡ ᠠᠯᠬᠤᠮ | ᠪᠣᠭᠤᠨᠢᠰᠬᠠᠭᠰᠠᠨ ᠪᠠᠶᠢᠨ᠎ᠠ᠃ ᠡᠮᠨᠡᠯᠭᠡ ᠳᠤ ᠰᠠᠭᠤᠭᠰᠠᠨ ᠡᠪᠡᠳᠴᠢᠲᠡᠨ ᠡᠮᠨᠡᠯᠭᠡ ᠠᠴᠠ ᠭᠠᠷᠬᠤ ᠦᠶ᠎ᠡ ᠳᠤ ᠡᠮ | ᠡᠮᠨᠡᠯᠭᠡ ᠶᠢᠨ ᠳᠠᠭᠠᠳᠬᠠᠯ ᠤᠨ ᠲᠠᠩᠰᠠ ᠳᠡᠶᠢᠯᠵᠦ ᠳ᠋ᠦᠩᠨᠡᠨ ᠪᠤᠳᠤᠬᠤ ᠴᠢᠬᠤᠯᠠᠲᠠᠶ ᠪᠠᠶᠢᠪᠠᠯ᠂ ᠬᠤᠪᠢ ᠬᠥᠮᠦᠨ ᠤ | ᠡᠭᠦᠷᠭᠡᠯᠡᠬᠦ ᠴᠢᠬᠤᠯᠠᠲᠠᠶ ᠵᠠᠷᠤᠳᠠᠯ ᠢ ᠪᠠᠭᠠᠰᠬᠠᠵᠤ᠂ ᠡᠪᠡᠳᠴᠢᠲᠡᠨ ᠤ ᠡᠮᠨᠡᠯᠭᠡ ᠳᠤ ᠰᠠᠭᠤᠬᠤ ᠬᠤᠭᠤᠴᠠᠭᠠᠨ ᠳᠠᠬᠢ | ᠵᠠᠷᠤᠳᠠᠯ ᠤᠨ ᠳᠠᠷᠤᠭᠠᠰᠤ ᠶᠢ ᠶᠡᠭᠡ ᠪᠠᠷ ᠪᠠᠭᠤᠷᠠᠭᠤᠯᠵᠤ᠂ ᠣᠨᠣᠰᠢᠯᠠᠨ ᠡᠮᠨᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ | ᠃ | | ᠡᠪᠡᠳᠴᠢᠲᠡᠨ ᠤ ᠭᠡᠷ ᠪᠦᠯᠢ ᠭᠤᠤ ᠵᠢᠶᠦ᠋ᠨ ᠷᠥᠩ | ᠡᠨᠡ ᠤᠳᠠᠭ᠎ᠠ ᠪᠢ ᠠᠪᠤ ᠪᠠᠨ ᠳᠠᠭᠠᠭᠤᠯᠵᠤ ᠡᠪᠡᠳᠴᠢᠯᠡᠭᠦᠯᠦᠭᠰᠡᠨ ᠢᠶᠠᠷ ᠪᠠᠷᠢᠴᠠᠭᠠᠨ ᠤ ᠮᠥᠩᠭᠦ ᠲᠤᠰᠢᠶᠠᠬᠤ | ᠬᠡᠷᠡᠭ ᠦᠭᠡᠢ᠂ ᠡᠪᠡᠳᠴᠢᠨ ᠦᠵᠡᠭᠦᠯᠬᠦ ᠳᠤ ᠶᠡᠭᠡ ᠳᠥᠭᠦᠮ ᠪᠣᠯᠵᠠᠢ᠃ ᠣᠳᠣ ᠰᠦᠢᠳᠬᠡᠯ ᠲᠤᠰᠢᠶᠠᠬᠤ ᠶᠠᠪᠤᠴᠠ | ᠪᠠᠰᠠ ᠴᠥᠭᠡᠨ ᠪᠤᠰᠤ ᠪᠠᠭᠠᠰᠴᠤ᠂ ᠡᠪᠡᠳᠴᠢᠲᠡᠨ ᠦᠨᠡᠬᠡᠷ ᠴᠥᠭᠡᠨ ᠪᠤᠰᠤ ᠪᠣᠳᠠᠲᠤ ᠠᠰᠢᠭ ᠬᠦᠷᠲᠡᠵᠦ᠂ ᠣᠯᠠᠨ | ᠲᠦᠮᠡᠨ ᠤ ᠡᠪᠡᠳᠴᠢᠨ ᠦᠵᠡᠭᠦᠯᠬᠦ ᠳᠤ ᠬᠦᠴᠢᠷ᠂ ᠡᠪᠡᠳᠴᠢᠨ ᠦᠵᠡᠭᠦᠯᠬᠦ ᠳᠤ ᠦᠨᠡᠲᠡᠢ ᠪᠠᠶᠢᠬᠤ ᠠᠰᠠᠭᠤᠳᠠᠯ ᠢ | ᠰᠢᠢᠳᠪᠦᠷᠢᠯᠡᠵᠦ᠂ ᠡᠪᠡᠳᠴᠢᠲᠡᠨ ᠤ ᠠᠵᠤ ᠠᠬᠤᠢ ᠶᠢᠨ ᠳᠠᠷᠤᠭᠠᠰᠤ ᠶᠢ ᠴᠤ ᠬᠥᠩᠭᠡᠷᠡᠭᠦᠯᠵᠡᠶ᠂ ᠮᠠᠨ ᠤ ᠡᠮᠨᠡᠯᠭᠡ ᠶᠢᠨ | ᠬᠤᠷᠢᠶ᠎ᠠ ᠡᠨᠡ ᠬᠦ ᠤᠷᠢᠳᠠᠪᠠᠷ ᠣᠨᠣᠰᠢᠯᠠᠨ ᠡᠮᠨᠡᠭᠦᠯᠵᠦ ᠳᠠᠷᠠᠭ᠎ᠠ ᠨᠢ ᠰᠦᠢᠳᠬᠡᠯ ᠲᠤᠰᠢᠶᠠᠬᠤ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠵᠡᠢ᠂ ᠡᠨᠡ ᠬᠦ ᠲᠥᠷᠥ ᠶᠢᠨ ᠪᠣᠳᠣᠯᠭ᠎ᠠ ᠦᠨᠡᠬᠡᠷ ᠮᠠᠰᠢ ᠰᠠᠶᠢᠨ ᠪᠠᠶᠢᠨ᠎ᠠ᠃ | | ᠡᠮ ᠡᠮᠨᠡᠯᠭᠡ ᠶᠢᠨ ᠳᠠᠭᠠᠳᠬᠠᠯ ᠤᠨ ᠡᠪᠡᠳᠴᠢᠲᠡᠨ ᠤ ᠡᠮᠨᠡᠯᠭᠡ ᠳᠤ ᠰᠠᠭᠤᠬᠤ ᠪᠠᠷᠢᠴᠠᠭᠠᠳᠤ ᠮᠥᠩᠭᠦ ᠶᠢᠨ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠨᠢ ᠡᠪᠡᠳᠴᠢᠲᠡᠨ ᠤ ᠠᠵᠤ ᠠᠬᠤᠶ ᠶᠢᠨ ᠳᠠᠷᠤᠭᠠᠰᠤ ᠶᠢ ᠦᠨᠡᠨ ᠬᠦ | ᠬᠥᠩᠭᠡᠷᠡᠭᠦᠯᠦᠭᠰᠡᠨ ᠢᠶᠠᠷ ᠪᠠᠷᠠᠬᠤ ᠥᠬᠡᠶ ᠪᠠᠰᠠ ᠡᠮᠨᠡᠯᠭᠡ ᠶᠢᠨ ᠬᠤᠷᠢᠶᠠᠨ ᠤ ᠦᠢᠯᠡᠴᠢᠯᠡᠭᠡᠨ ᠤ ᠶᠠᠰᠤ ᠴᠢᠨᠠᠷ ᠪᠠ | ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠵᠦᠸᠧᠽᠢ ᠰᠢᠶᠠᠨ | ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠶᠠᠪᠤᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠡᠮᠴᠢᠯᠡᠭᠡᠨ ᠤ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠠᠷᠠᠳ | ᠤᠯᠠᠨ ᠳᠤ ᠨᠡᠩ ᠳᠥᠭᠦᠮ ᠳᠥᠲᠡ᠂ ᠥᠨᠳᠥᠷ ᠪᠦᠲᠦᠮᠵᠢᠲᠡᠶ᠂ ᠴᠢᠨᠠᠷ ᠰᠠᠶᠢᠲᠠᠢ ᠡᠮᠴᠢᠯᠡᠭᠡᠨ ᠤ ᠦᠢᠯᠡᠴᠢᠯᠡᠭᠡ | ᠬᠦᠷᠲᠡᠭᠡᠵᠦ᠂ ᠡᠷᠡᠭᠦᠯ ᠮᠡᠨᠳᠦ ᠶᠢᠨ ᠪᠡᠯᠡ ᠮᠥᠩᠭᠦ ᠶᠢ ᠪᠦᠲᠦᠭᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ | ᠦᠵᠡᠭᠦᠯᠦᠨ᠎ᠡ᠃ | | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ | |