ᠤᠢᠢᠷ᠎ᠠ ᠶᠢᠨ ᠵᠢᠯ ᠠᠴᠠ᠂ ᠵᠦᠸᠧᠽᠢ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠢᠮᠠᠭᠲᠠ ᠠᠵᠢᠯᠳᠠᠨ | ᠠᠵᠢᠯᠴᠢᠨ ᠳᠤ ᠦᠢᠯᠡᠴᠢᠯᠡᠬᠦ ᠪᠠᠷ ᠭᠤᠣᠯ ᠪᠣᠯᠭᠠᠵᠤ᠂ ᠪᠠᠶᠠᠷ ᠤᠨ ᠡᠳᠦᠷ ᠤᠨ ᠬᠠᠯᠠᠮᠵᠢᠯᠠᠯ ᠠᠴᠠ ᠤᠨᠢᠨ ᠳᠡᠭᠡᠷ᠎ᠡ ᠨᠢ | ᠬᠠᠪᠰᠤᠷᠤᠨ ᠲᠡᠳᠬᠦᠬᠦ ᠬᠦᠷᠲᠡᠯ᠎ᠡ᠂ ᠰᠣᠶᠣᠯ ᠢᠶᠠᠷ ᠬᠦᠳᠦᠯᠦᠨ ᠳᠠᠭᠠᠭᠤᠯᠬᠤ ᠠᠴᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠦᠷᠲᠡᠯ᠎ᠡ᠂ ᠠᠯᠢ ᠤᠯᠠᠨ ᠰᠡᠳᠬᠢᠯ ᠢ ᠳᠤᠯᠠᠭᠠᠴᠠᠭᠤᠯᠬᠤ | ᠠᠵᠢᠯᠯᠠᠭ᠎ᠠ ᠪᠠᠷ ᠳᠠᠮᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠠᠵᠢᠯᠳᠠᠨ ᠤ ᠭᠡᠷ︾ ᠤᠨ ᠭᠦᠨᠵᠡᠭᠡᠢ | ᠠᠭᠤᠯᠤᠭᠳᠠᠬᠤᠨ ᠢ ᠲᠠᠶᠢᠯᠪᠤᠷᠢᠯᠠᠵᠤ᠂ ᠠᠵᠢᠯᠳᠠᠨ ᠠᠵᠢᠯᠴᠢᠨ ᠤᠯᠠᠨ ᠲᠦᠮᠡᠨ ᠳᠤ ᠦᠨᠡᠨᠬᠦ ᠪᠣᠳᠠᠲᠠᠢ ᠶᠠᠪᠤᠳᠠᠯ ᠬᠢᠵᠦ | ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠥᠷᠭᠡᠨ ᠤᠯᠠᠨ ᠠᠵᠢᠯᠳᠠᠨ ᠠᠵᠢᠯᠴᠢᠨ ᠪᠣᠯᠤᠨ ᠨᠡᠶᠢᠭᠡᠮ ᠤᠨ ᠡᠯ᠎ᠡ | ᠡᠲᠡᠭᠡᠳ ᠤᠨ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠣᠯᠵᠠᠢ᠃ | ᠥᠷᠭᠡᠨ ᠣᠯᠠᠨ ᠠᠵᠢᠯᠲᠠᠨ ᠠᠵᠢᠯᠴᠢᠨ ᠤ ᠬᠠᠮᠤᠭ ᠤᠨ ᠢᠲᠡᠭᠡᠯ ᠲᠠᠢ ︽ᠲᠥᠷᠬᠦᠮ ᠤᠨ ᠬᠥᠮᠦᠨ︾ | ᠪᠣᠯᠤᠭᠰᠠᠨ ᠤ ᠬᠤᠪᠢ ᠳᠤ᠂ ᠣᠯᠠᠨ ᠵᠢᠯ ᠤᠨ ᠲᠤᠷᠰᠢ᠂ ᠵᠦᠸᠧᠽᠢ ᠰᠢᠶᠠᠨ ᠤ ᠠᠵᠢᠯᠴᠢᠨ ᠤ ᠶᠡᠷᠦᠩᠬᠡᠢ ᠡᠪᠯᠡᠯ | ᠥᠷᠭᠡᠨ ᠣᠯᠠᠨ ᠠᠵᠢᠯᠲᠠᠨ ᠠᠵᠢᠯᠴᠢᠨ ᠤ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠬᠦ᠂ ᠠᠵᠢᠯᠲᠠᠨ ᠠᠵᠢᠯᠴᠢᠨ ᠤ | ᠬᠥᠳᠡᠯᠮᠦᠷᠢ ᠶᠢᠨ ᠬᠠᠯᠠᠭᠤᠨ ᠰᠡᠳᠬᠢᠯᠭᠡ ᠶᠢ ᠬᠥᠭᠵᠢᠭᠡᠬᠦ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ | ᠪᠠᠶᠢᠭᠤᠯᠬᠤ᠂ ᠠᠵᠢᠯᠲᠠᠨ ᠠᠵᠢᠯᠴᠢᠨ ᠤ ᠬᠡᠷᠡᠭᠴᠡᠭᠡ ᠱᠠᠭᠠᠷᠳᠠᠯᠭ᠎ᠠ ᠶᠢ ᠰᠢᠢᠳᠪᠦᠷᠢᠯᠡᠬᠦ ᠵᠡᠷᠭᠡ ᠲᠠᠯ᠎ᠠ ᠪᠠᠷ | ᠬᠦᠴᠦᠨ ᠢᠶᠠᠨ ᠲᠥᠪᠯᠡᠷᠡᠭᠦᠯᠦᠨ ᠬᠦᠴᠦᠯᠡᠵᠦ᠂ ᠡᠪᠦᠯ ᠤᠨ ᠡᠳᠦᠷ ᠤᠨ ᠬᠠᠯᠠᠭᠤᠨ ᠳᠤᠯᠠᠭᠠᠨ ᠠᠴᠠ ᠵᠣᠨ ᠤ | ᠡᠳᠦᠷ ᠤᠨ ᠰᠡᠷᠢᠭᠦᠨ ᠬᠦᠷᠲᠡᠯ᠎ᠡ᠂ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠡᠳᠦᠷ ᠤᠨ ᠱᠥᠯᠥᠨ ᠠᠴᠠ | ᠨᠠᠢᠮᠠᠨ ᠰᠠᠷ᠎ᠠ ᠶᠢᠨ ᠲᠡᠷᠭᠡᠯ ᠪᠠᠶᠠᠷ ᠪᠣᠯᠲᠠᠯᠠᠬᠢ ᠶᠧᠪᠡᠩ᠂ ᠠᠵᠢᠯᠴᠢᠨ ᠤ ᠡᠪᠯᠡᠯ ᠤᠨ ︽ᠲᠥᠷᠬᠦᠮ ᠤᠨ ᠬᠥᠮᠦᠰ︾ | ᠤᠨ ᠬᠠᠶᠢᠷ᠎ᠠ ᠬᠠᠯᠠᠮᠵᠢ ᠶᠢ ᠳᠥᠷᠪᠡᠨ ᠤᠯᠠᠷᠢᠯ ᠳᠤ ᠲᠤᠭᠤᠰᠢᠯᠠᠭᠤᠯᠵᠤ᠂ ᠨᠠᠮ ᠪᠠ ᠵᠠᠰᠠᠭ ᠤᠨ ᠣᠷᠳᠣᠨ ᠤ ᠬᠠᠶᠢᠷ᠎ᠠ | ᠬᠠᠯᠠᠮᠵᠢ ᠶᠢ ᠠᠵᠢᠯᠲᠠᠨ ᠠᠵᠢᠯᠴᠢᠨ ᠣᠯᠠᠨ ᠲᠦᠮᠡᠨ ᠤ ᠰᠡᠳᠬᠢᠯ ᠳᠤ ᠬᠦᠷᠭᠡᠪᠡ᠃ | ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠶᠠᠩ ᠮᠧᠢ ᠬᠤᠸᠠ | ᠠᠵᠢᠯᠴᠢᠨ ᠤ ᠡᠪᠯᠡᠯ ᠮᠠᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠢ ᠲᠦᠢᠯ ᠢᠶᠠᠷ | ᠬᠠᠯᠠᠮᠵᠢᠯᠠᠵᠤ᠂ ᠵᠤᠨ ᠤ ᠤᠯᠠᠷᠢᠯ ᠳᠤ ᠪᠢᠳᠡᠨ ᠳᠤ ᠬᠠᠯᠠᠭᠤᠨ ᠠᠴᠠ ᠵᠠᠶᠢᠯᠠᠭᠤᠯᠤᠨ ᠬᠠᠯᠠᠭᠤᠨ ᠢ ᠪᠠᠭᠤᠷᠠᠭᠤᠯᠬᠤ | ᠵᠠᠷᠢᠮ ᠢᠳᠡᠭᠡᠨ ᠢ ᠬᠦᠷᠭᠡᠵᠦ ᠥᠭᠳᠡᠭ᠂ ᠡᠪᠦᠯ ᠤᠨ ᠤᠯᠠᠷᠢᠯ ᠳᠤ ᠪᠢᠳᠡᠨ ᠳᠤ ᠬᠠᠬᠢᠷ ᠬᠦᠢᠳᠡᠨ ᠢ ᠰᠡᠷᠭᠡᠶᠢᠯᠡᠬᠦ | ᠬᠤᠪᠴᠠᠰᠤ ᠬᠤᠨᠠᠷ ᠢ ᠬᠦᠷᠭᠡᠵᠦ ᠥᠭᠳᠡᠭ᠃ ᠵᠢᠯ ᠴᠠᠭᠠᠨ ᠰᠠᠷ᠎ᠠ᠂ ᠪᠠᠶᠠᠷ ᠳᠤᠷᠠᠰᠭᠠᠯ ᠤᠨ ᠡᠳᠦᠷ ᠢᠶᠠᠨ ᠥᠩᠭᠡᠷᠡᠭᠡᠬᠦ | ᠣᠢᠶ᠎ᠠ ᠳᠤ᠂ ᠪᠢᠳᠡᠨ ᠳᠤ ᠢᠳᠡᠵᠦ ᠤᠤᠭᠤᠬᠤ ᠲᠣᠬᠤᠨᠢᠭᠤᠯᠬᠤ ᠪᠣᠳᠠᠰ ᠬᠦᠷᠭᠡᠵᠦ᠂ ᠪᠢᠳᠡᠨ ᠳᠤ ᠭᠡᠷ ᠤᠨ | ᠬᠥᠮᠦᠰ ᠢᠶᠠᠨ ᠬᠠᠯᠠᠮᠵᠢᠯᠠᠳᠠᠭ ᠱᠢᠭ᠋᠃ | ᠬᠠᠪᠤᠷ ᠤᠨ ᠰᠠᠯᠬᠢ ᠠᠵᠢᠯ ᠤᠨ ᠪᠠᠢᠷᠢ ᠬᠦᠷᠭᠡᠵᠦ ᠠᠵᠢᠯ ᠣᠯᠭᠤᠯᠲᠠ ᠶᠢ ᠠᠬᠢᠭᠤᠯᠵᠤ ᠨᠠᠷᠢᠯᠢᠭ ᠣᠨᠣᠪᠴᠢᠲᠠᠢ | ᠦᠢᠯᠡᠴᠢᠯᠡᠭᠡᠨ ᠤ ᠦᠢᠯᠡᠴᠢᠯᠡᠭᠡ ᠠᠷᠠᠳ ᠤᠨ ᠰᠡᠳᠭᠢᠯ ᠢ ᠳᠤᠯᠠᠭᠠᠴᠠᠭ ᠤᠯᠤᠨ᠎ᠠ᠃ ᠰᠢᠶᠠᠨ ᠤ ᠠᠵᠢᠯᠴᠢᠨ ᠤ | ᠶᠡᠷᠦᠩᠬᠡᠶ ᠡᠪᠯᠡᠯ ᠬᠠᠮᠲᠤᠷᠠᠨ ᠠᠵᠢᠯ ᠣᠯᠭᠤᠬᠤ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ︽ᠤᠷᠢᠬᠠᠨ ᠰᠠᠯᠬᠢᠨ ᠤ | ᠠᠵᠢᠯᠯᠠᠭ᠎ᠠ︾ ᠥᠷᠨᠢᠭᠦᠯᠵᠦ᠂ ᠠᠵᠢᠯ ᠤᠯᠬᠤ ᠳᠤ ᠬᠦᠴᠢᠷᠲᠡᠶ ᠬᠥᠮᠦᠰ᠂ ᠠᠵᠢᠯ ᠤᠨ ᠪᠠᠶᠢᠷᠢ ᠠᠴᠠ ᠪᠠᠨ ᠪᠠᠭᠤᠵᠤ | ᠠᠵᠢᠯ ᠠᠯᠳᠠᠭᠰᠠᠳ ᠪᠠ ᠠᠵᠢᠯᠴᠢᠨ ᠬᠡᠷᠡᠭᠯᠡᠬᠦ ᠠᠵᠤ ᠠᠬᠤᠶᠢᠯᠠᠯ ᠳᠤ ᠰᠣᠯᠢᠯᠴᠠᠭᠠᠨ ᠤ ᠲᠠᠪᠴᠠᠩ ᠪᠠᠶᠢᠭᠤᠯᠤᠨ | ᠥᠭᠴᠦ᠂ 32 ᠠᠵᠤ ᠠᠬᠤᠶᠢᠯᠠᠯ ᠢ ᠲᠡᠳᠡᠨ ᠣᠷᠣᠯᠴᠠᠭᠤᠯᠵᠤ᠂ 1933 ᠠᠵᠢᠯ ᠤᠨ ᠪᠠᠶᠢᠷᠢ ᠬᠠᠩᠭᠠᠵᠤ᠂ 87 | ᠬᠥᠮᠦᠨ ᠳᠤ ᠠᠵᠢᠯ ᠣᠯᠭᠤᠬᠤ ᠰᠠᠨᠠᠮᠵᠢ ᠲᠠᠢ ᠪᠣᠯᠵᠣ᠂ ᠠᠵᠢᠯ ᠣᠯᠭᠤᠬᠤ ᠠᠵᠢᠯᠴᠢᠨ ᠡᠯᠰᠡᠬᠦ ︽ᠬᠤᠶᠠᠷ | ᠲᠠᠯ᠎ᠠ ᠶᠢᠨ ᠬᠦᠴᠢᠷᠳᠡᠯ︾ ᠤᠨ ᠠᠰᠠᠭᠤᠳᠠᠯ ᠢ ᠦᠨᠡᠨ ᠬᠦ ᠠᠷᠢᠯᠭᠠᠵᠤ᠂ ᠠᠵᠤ ᠠᠬᠤᠶᠢᠯᠠᠯ ᠬᠢᠭᠡᠳ ᠴᠢᠳᠠᠪᠤᠷᠢᠲᠠᠨ ᠤ | ︽ᠬᠤᠤᠰ ᠴᠢᠭᠯᠡᠯ ᠢᠶᠠᠷ ᠴᠢᠷᠮᠠᠶᠢᠬᠤ︾ ᠶᠢ ᠪᠡᠶᠡᠯᠡᠭᠦᠯᠪᠡ᠃ | | ᠢ ᠳ᠋ᠦᠩ ᠪᠦᠯᠦᠭᠯᠡᠯ ᠤᠨ ᠳ᠋ᠦᠩ ᠰᠢᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ | ᠨᠠᠮ ᠤᠨ ᠶᠡᠷᠦᠩᠬᠡᠢ ᠡᠭᠦᠷ ᠤᠨ ᠱᠦᠵᠢ᠂ ᠠᠵᠢᠯᠴᠢᠨ ᠤ ᠡᠪᠯᠡᠯ ᠤᠨ ᠲᠡᠷᠢᠭᠦᠯᠡᠭᠴᠢ᠂ ᠳᠡᠳ᠋ ᠶᠡᠷᠦᠩᠬᠡᠢ ᠳᠠᠭᠠᠭᠠᠮᠠᠯ | ᠸᠠᠩ ᠰᠢᠶᠤᠤ ᠯᠦᠩ | ᠣᠯᠠᠨ ᠵᠢᠯ ᠤᠨ ᠲᠤᠷᠰᠢ᠂ ᠵᠦᠸᠧᠽᠢ ᠰᠢᠶᠠᠨ ᠤ ᠠᠵᠢᠯᠴᠢᠨ ᠤ ᠡᠪᠯᠡᠯ ᠮᠠᠨ ᠤ ᠳ᠋ᠦᠩ ᠰᠢᠩ ᠺᠣᠮᠫᠠᠨᠢ ᠶᠢᠨ | ᠠᠵᠢᠯᠲᠠᠨ ᠠᠵᠢᠯᠴᠢᠨ ᠡᠯᠰᠡᠬᠦ᠂ ᠠᠵᠢᠯᠲᠠᠨ ᠠᠵᠢᠯᠴᠢᠨ ᠤ ᠬᠠᠯᠠᠮᠵᠢᠯᠠᠯ᠂ ᠠᠵᠢᠯᠲᠠᠨ ᠠᠵᠢᠯᠴᠢᠨ ᠤ ᠭᠡᠷ ᠤᠨ | ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠲᠦᠢᠯ ᠤᠨ ᠶᠡᠭᠡ ᠳᠡᠮᠵᠢᠯᠭᠡ ᠪᠠ ᠬᠠᠪᠰᠤᠷᠤᠯᠭ᠎ᠠ ᠦᠵᠡᠭᠦᠯᠵᠦ᠂ ᠠᠵᠤ | ᠠᠬᠤᠶᠢᠯᠠᠯ ᠤᠨ ᠰᠢᠨ᠎ᠡ ᠶᠢ ᠡᠭᠦᠳᠴᠦ ᠦᠷ᠎ᠡ ᠪᠦᠲᠦᠮᠵᠢ ᠤᠯᠬᠤ᠂ ᠡᠶ᠎ᠡ ᠵᠣᠬᠢᠴᠠᠯ ᠲᠠᠢ ᠠᠵᠤ ᠠᠬᠤᠶᠢᠯᠠᠯ ᠢ | ᠪᠠᠶᠢᠭᠤᠯᠬᠤ ᠲᠠᠯ᠎ᠠ ᠪᠠᠷ ᠲᠦᠢᠯ ᠤᠨ ᠶᠡᠭᠡ ᠳᠡᠭᠡᠭᠰᠢᠯᠡᠯᠲᠡ ᠲᠠᠢ ᠪᠣᠯᠵᠤ᠂ ᠪᠦᠬᠦ ᠠᠵᠢᠯᠲᠠᠨ ᠠᠵᠢᠯᠴᠢᠨ ᠳᠤ ︽ | ᠲᠥᠷᠬᠦᠮ ᠤᠨ ᠬᠥᠮᠦᠰ︾ ᠤᠨ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠪᠡ᠃ | | 2024 ᠣᠨ ᠳᠤ᠂ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠠᠬᠢᠭᠤᠯᠤᠨ ᠪᠠᠶᠢᠭᠤᠯᠤᠭᠰᠠᠨ ︽ | ᠵᠢᠯᠣᠭᠤᠴᠢ ᠶᠢᠨ ᠭᠡᠷ︾ ᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠵᠤ᠂ ᠪᠠᠷᠠᠭᠠᠨ ᠤ ᠲᠡᠷᠭᠡ ᠶᠢᠨ ᠵᠢᠯᠣᠭᠤᠴᠢ ᠳᠤ | ᠲᠠᠭᠠᠯᠠᠮᠵᠢᠲᠠᠢ ᠳᠥᠭᠦᠮ ᠳᠥᠲᠡ ᠠᠮᠠᠷᠠᠬᠤ ᠲᠠᠯᠠᠪᠤᠷ ᠪᠠ ᠬᠠᠮᠢᠶ᠎ᠠ ᠪᠦᠬᠦᠢ ᠢᠵᠢ ᠪᠦᠷᠢᠳᠦᠭᠰᠡᠨ ᠦᠢᠯᠡᠴᠢᠯᠡᠭᠡ | ᠬᠠᠩᠭᠠᠵᠤ᠂ ᠪᠠᠷᠠᠭᠠᠨ ᠤ ᠲᠡᠷᠭᠡ ᠶᠢᠨ ᠵᠢᠯᠣᠭᠤᠴᠢ ᠶᠢᠨ ᠠᠵᠢᠯ ᠡᠷᠬᠢᠯᠡᠬᠦ ᠣᠷᠴᠢᠨ ᠲᠣᠭᠤᠷᠢᠨ ᠢ | ᠰᠠᠶᠢᠵᠢᠷᠠᠭᠤᠯᠤᠭᠰᠠᠨ ᠢᠶᠠᠷ ᠪᠠᠷᠠᠬᠤ ᠦᠭᠡᠢ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠢ | ᠳᠠᠮᠵᠢᠭᠤᠯᠵᠤ᠂ ᠡᠭᠦᠨ ᠤ ᠬᠠᠮᠲᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠠ ᠪᠠᠷᠠᠭᠠᠨ ᠤ ᠲᠡᠷᠭᠡ ᠶᠢᠨ | ᠵᠢᠯᠣᠭᠤᠴᠢ ᠶᠢ ᠪᠠᠭᠲᠠᠭᠠᠭᠰᠠᠨ ᠠᠵᠢᠯ ᠣᠯᠭᠤᠯᠲᠠ ᠶᠢᠨ ᠰᠢᠨ᠎ᠡ ᠬᠡᠯᠪᠡᠷᠢ ᠶᠢᠨ ᠬᠥᠳᠡᠯᠮᠦᠷᠢᠴᠢᠳ ᠲᠤ ᠴᠢᠬᠤᠯᠠ | ᠦᠢᠯᠡᠴᠢᠯᠡᠭᠡᠨ ᠤ ᠵᠢᠭᠰᠠᠭᠠᠯ ᠤᠨ ᠭᠠᠵᠠᠷ ᠢ ᠪᠠᠶᠢᠭᠤᠯᠵᠤ ᠥᠭᠴᠡᠢ᠃ | ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠪᠠᠶᠢᠩᠭᠤ ᠶᠢᠨ ᠳᠡᠳ᠋ ᠲᠡᠷᠢᠭᠦᠯᠡᠭᠴᠢ ᠯᠢ ᠵᠢᠩ | ᠪᠢᠳᠡ 5 ᠲᠦᠮᠡᠨ ᠲᠥᠭᠦᠷᠢᠭ ᠤᠨ ᠪᠡᠯᠡ ᠣᠷᠣᠭᠤᠯᠵᠤ ᠪᠠᠶᠢᠭᠤᠯᠤᠭᠰᠠᠨ ︽ᠵᠢᠯᠣᠭᠤᠴᠢ ᠶᠢᠨ ᠭᠡᠷ︾ ᠨᠢ | ᠪᠢᠴᠢᠯ ᠳᠣᠯᠭᠢᠶᠠᠨ ᠤ ᠵᠤᠤᠬ᠎ᠠ᠂ ᠤᠰᠤ ᠤᠤᠭᠤᠬᠤ ᠮᠠᠰᠢᠨ᠂ ᠲᠧᠯᠸᠢᠰ᠂ ᠪᠡᠶ᠎ᠡ ᠴᠢᠭᠢᠷᠠᠭᠵᠢᠭᠤᠯᠬᠤ ᠪᠠᠭᠠᠵᠢ | ᠬᠡᠷᠡᠭᠰᠡᠯ ᠵᠡᠷᠭᠡ 10 ᠭᠠᠷᠤᠶ ᠵᠦᠢᠯ ᠤᠨ ᠦᠢᠯᠡᠴᠢᠯᠡᠭᠡᠨ ᠤ ᠲᠥᠬᠦᠭᠡᠷᠦᠮᠵᠢ ᠶᠢ ᠲᠣᠬᠢᠷᠠᠭᠤᠯᠵᠤ᠂ ᠠᠷᠭ᠎ᠠ ᠵᠠᠮ ᠢᠶᠠᠷ | ᠮᠠᠨ ᠤ ᠰᠢᠶᠠᠨ ᠤ ᠥᠷᠭᠡᠨ ᠣᠯᠠᠨ ᠪᠠᠷᠠᠭᠠᠨ ᠤ ᠲᠡᠷᠭᠡᠨ ᠵᠢᠯᠣᠭᠤᠴᠢ ᠳᠤ ᠤᠰᠤ ᠤᠤᠭᠤᠬᠤ᠂ ᠬᠠᠯᠠᠭᠠᠪᠠᠯ ᠬᠥᠷᠥᠵᠤ | ᠳᠡᠶᠢᠯᠬᠦ᠂ ᠬᠥᠯᠳᠡᠭᠡᠵᠦ ᠳᠡᠶᠢᠯᠬᠦ᠂ ᠠᠮᠠᠷᠠᠵᠤ ᠳᠡᠶᠢᠯᠬᠦ ᠪᠣᠯᠭᠠᠵᠤ᠂ ᠠᠵᠢᠯᠴᠢᠨ ᠤ ᠡᠪᠯᠡᠯ ᠤᠨ ᠵᠣᠬᠢᠶᠠᠨ | ᠪᠠᠶᠢᠭᠤᠯᠤᠯᠲᠠ ᠶᠢᠨ ᠬᠠᠯᠠᠭᠤᠨ ᠳᠤᠯᠠᠭᠠᠨ ᠪᠠ ᠮᠠᠨ ᠤ ᠵᠦᠸᠧᠽᠢ ᠰᠢᠶᠠᠨ ᠠᠴᠠ ᠢᠷᠡᠭᠰᠡᠨ ᠳᠣᠲᠣᠨᠣ | ᠦᠢᠯᠡᠴᠢᠯᠡᠭᠡ ᠶᠢ ᠪᠡᠶ᠎ᠡ ᠪᠠᠷ ᠢᠶᠠᠨ ᠮᠡᠳᠡᠷᠡᠭᠦᠯᠪᠡ᠃ |