ᠣᠶᠢᠷ᠎ᠠ ᠶᠢᠨ ᠵᠢᠯ ᠠᠴᠠ᠂ ᠵᠦᠸᠧᠽᠢ ᠰᠢᠶᠠᠨ ᠡᠷᠡᠭᠦᠯ ᠡᠩᠬᠡ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ᠂ | ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠭᠤᠣᠯ ᠰᠡᠳᠦᠪ ᠤᠨ ᠲᠣᠭᠤᠷᠢᠨ ᠳᠤ᠂ ︽ | ᠡᠬᠡ ᠶᠢᠨ ᠡᠷᠡᠭᠦᠯ ᠮᠡᠨᠳᠦ ᠲᠦᠷᠭᠡᠨ ᠲᠡᠷᠭᠡ︾ ᠶᠢᠨ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡᠨ ᠤ ᠡᠭᠦᠷᠭᠡ | ᠴᠢᠳᠠᠪᠬᠢ ᠶᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠡᠮᠡᠭᠲᠡᠶᠢᠴᠦᠳ ᠬᠡᠦᠬᠡᠳ ᠲᠤ ᠰᠢᠯᠵᠢᠭᠦᠯᠦᠨ | ᠵᠥᠭᠡᠭᠡᠪᠦᠷᠢᠯᠡᠬᠦ᠂ ᠠᠯᠪᠠᠨ ᠵᠢᠷᠤᠮ ᠤᠨ ᠡᠮᠴᠢᠯᠡᠭᠡ ᠵᠢᠴᠢ ᠭᠡᠷ ᠲᠤᠨᠢ ᠬᠦᠷᠴᠦ ᠦᠢᠯᠡᠴᠢᠯᠡᠬᠦ ᠶᠢ ᠬᠠᠩᠭᠠᠵᠤ᠂ ᠪᠦᠬᠦ | ᠰᠢᠶᠠᠨ ᠤ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ | ᠨᠡᠮᠡᠷᠢᠯᠡᠪᠡ᠃ | 2021 ᠣᠨ ᠳᠤ᠂ ᠵᠦᠸᠧᠽᠢ ᠰᠢᠶᠠᠨ ᠤ ᠵᠦᠸᠧᠽᠢ ᠱᠠᠨ ᠪᠠᠯᠭᠠᠰᠤᠨ ᠤ ᠥᠨᠳᠥᠷ ᠨᠠᠰᠤᠲᠠᠶ ᠵᠢᠷᠮᠦᠰᠦᠨ | ᠪᠦᠰᠡᠭᠦᠢ ᠸᠠᠩ ᠰᠢᠶᠤᠤ ᠬᠤᠸᠠ ᠭᠡᠨᠡᠳᠲᠡ ᠶᠢᠨ ᠲᠥᠷᠥᠭᠳᠡᠯ ᠡᠪ ᠦᠭᠡᠢ ᠪᠠᠶᠢᠵᠤ᠂ ᠵᠦᠸᠧᠽᠢ ᠰᠢᠶᠠᠨ ᠤ | ᠠᠷᠠᠳ ᠤᠨ ᠡᠮᠨᠡᠯᠭᠡ ᠶᠢᠨ ᠬᠤᠷᠢᠶᠠᠨ ᠳᠤ ᠪᠠᠴᠢᠮ ᠬᠦᠷᠭᠡᠭᠳᠡᠵᠦ᠂ ᠡᠪᠡᠳᠴᠢᠨ ᠤ ᠪᠠᠶᠢᠳᠠᠯ ᠨᠢ ᠪᠤᠳᠤᠯᠢᠶᠠᠨᠲᠠᠶ | ᠲᠦᠭᠰᠢᠭᠦᠷᠢᠲᠡᠶ ᠪᠠᠴᠢᠮ ᠲᠦᠭᠰᠢᠭᠦᠷᠢᠲᠡᠶ ᠪᠣᠯᠤᠭᠰᠠᠨ ᠠᠴᠠ ᠲᠡᠷᠡ ᠳᠠᠷᠤᠢ ᠳᠤᠨᠢ ︽ᠡᠵᠢ ᠶᠢᠨ ᠡᠷᠡᠭᠦᠯ ᠲᠦᠷᠭᠡᠨ | ᠲᠡᠷᠭᠡ︾ ᠪᠠᠷ ᠳᠠᠮᠵᠢᠨ ᠵᠢᠷᠮᠦᠰᠦᠨ ᠡᠮᠡᠭᠲᠡᠢ ᠶᠢ ᠳᠡᠭᠡᠳᠦ ᠱᠠᠲᠤᠨ ᠤ ᠡᠮᠨᠡᠯᠭᠡ ᠶᠢᠨ ᠬᠤᠷᠢᠶᠠᠨ ᠳᠤ ᠰᠢᠯᠵᠢᠭᠦᠯᠦᠨ | ᠬᠦᠷᠭᠡᠵᠦ ᠪᠠᠴᠢᠮ ᠠᠪᠤᠷᠠᠯᠲᠠ ᠬᠢᠵᠡᠶ᠃ ᠬᠡᠳᠦ᠋ᠢᠪᠡᠷ ᠬᠡᠷᠡᠭ ᠶᠠᠪᠤᠳᠠᠯ ᠥᠩᠭᠡᠷᠡᠭᠡᠳ 4 ᠵᠢᠯ ᠭᠠᠷᠤᠢ ᠪᠣᠯᠣᠭᠰᠠᠨ | ᠪᠣᠯᠪᠠᠴᠤ ᠸᠠᠩ ᠰᠢᠶᠣᠤ ᠬᠤᠸᠠ ᠳᠤ ᠠᠪᠴᠤ ᠬᠡᠯᠡᠪᠡᠯ᠂ ᠬᠠᠷᠢᠨ ᠮᠥᠨ ᠬᠦ ᠲᠣᠪ ᠲᠣᠳᠣᠷᠬᠠᠢ ᠰᠠᠨᠠᠭᠳᠠᠨ᠎ᠠ᠃ | ᠲᠤᠬᠠᠶ ᠶᠢᠨ ᠦᠶ᠎ᠡ ᠶᠢᠨ ᠪᠠᠶᠢᠳᠠᠯ ᠮᠠᠰᠢ ᠠᠶᠤᠯ ᠲᠦᠭᠰᠢᠭᠦᠷᠢ᠂ ᠰᠢᠶᠠᠨ ᠤ ᠡᠮᠨᠡᠯᠭᠡ ᠶᠢᠨ ᠬᠤᠷᠢᠶᠠᠨ ᠤ | ᠡᠮᠨᠡᠯᠭᠡ ᠶᠢᠨ ᠠᠵᠢᠯᠲᠠᠨ ᠳᠤ ᠬᠤᠬᠢᠷᠠᠯ ᠤᠴᠠᠷᠠᠭᠤᠯᠵᠤ᠂ ᠪᠠᠰᠠ ᠡᠨᠡ ᠡᠵᠢ ᠶᠢᠨ ᠡᠷᠡᠭᠦᠯ ᠴᠢᠭᠢᠷᠠᠭ ᠬᠤᠷᠳᠤᠨ | ᠲᠡᠷᠭᠡ ᠪᠠᠷ ᠨᠠᠳᠠ ᠶᠢ ᠴᠠᠭ ᠲᠤᠬᠠᠶ ᠳᠤᠨᠢ ᠬᠤᠲᠠ ᠶᠢᠨ ᠶᠡᠭᠡ ᠡᠮᠨᠡᠯᠭᠡ ᠶᠢᠨ ᠬᠤᠷᠢᠶᠠᠨ ᠳᠤ ᠬᠦᠷᠭᠡᠵᠦ᠂ ᠮᠢᠨᠦ ᠠᠮᠤᠷ | ᠲᠦᠪᠰᠢᠨ ᠢ ᠬᠠᠮᠠᠭᠠᠯᠠᠪᠠ᠃ | ︽ᠡᠬᠡ ᠶᠢᠨ ᠡᠷᠡᠭᠦᠯ ᠠᠳᠦ ᠶᠢᠨ ᠬᠤᠷᠳᠤᠨ ᠲᠡᠷᠭᠡ︾ ᠪᠣᠯ ᠪᠦᠬᠦ ᠤᠯᠤᠰ ᠤᠨ ᠡᠮᠡᠭᠲᠡᠢᠴᠦᠳ ᠤᠨ ᠬᠤᠯᠪᠣᠭ᠎ᠠ | ᠭᠤᠣᠯᠯᠠᠨ ᠡᠷᠬᠢᠯᠡᠵᠦ᠂ ᠳᠤᠮᠳᠠᠳᠤ ᠤᠯᠤᠰ ᠤᠨ ᠡᠮᠡᠭᠲᠡᠢᠴᠦᠳ ᠤᠨ ᠬᠥᠭᠵᠢᠯᠲᠡ ᠶᠢᠨ ᠰᠠᠭᠤᠷᠢ ᠮᠥᠩᠭᠦᠨ ᠤ | ᠨᠡᠢᠭᠡᠮᠯᠢᠭ ᠠᠴᠠ ᠳᠠᠭᠠᠭᠠᠨ ᠡᠷᠬᠢᠯᠡᠭᠰᠡᠨ ᠨᠢᠭᠡ ᠵᠦᠢᠯ ᠤᠨ ᠲᠣᠮᠣ ᠬᠡᠯᠪᠡᠷᠢ ᠶᠢᠨ ᠨᠡᠢᠲᠡ ᠶᠢᠨ ᠠᠰᠠᠷᠠᠮᠵᠢ ᠶᠢᠨ | ᠲᠥᠷᠥᠯ ᠵᠦᠢᠯ ᠪᠣᠯᠤᠨ᠎ᠠ᠃ 2020 ᠣᠨ ᠠᠴᠠ ᠡᠬᠢᠯᠡᠨ᠂ ᠵᠦᠸᠧᠽᠢ ᠰᠢᠶᠠᠨ ᠤ ᠡᠯ᠎ᠡ ᠬᠤᠲᠠ ᠬᠥᠳᠡᠭᠡ ᠶᠢᠨ | ᠡᠮᠨᠡᠯᠭᠡ ᠶᠢᠨ ᠬᠤᠷᠢᠶ᠎ᠠ ᠳᠤ ᠡᠵᠢ ᠶᠢᠨ ᠢᠶᠠᠨ ᠡᠷᠡᠭᠦᠯ ᠮᠡᠨᠳᠦ ᠶᠢᠨ ᠲᠦᠷᠭᠡᠨ ᠲᠡᠷᠭᠡ ᠶᠢ ᠨᠡᠶᠢᠲᠡ 9 ᠲᠠᠯᠪᠢᠵᠤ᠂ ︽ | ᠡᠬᠡ ᠶᠢᠨ ᠡᠷᠡᠭᠦᠯ ᠮᠡᠨᠳᠦ ᠶᠢᠨ ᠲᠦᠷᠭᠡᠨ ᠲᠡᠷᠭᠡ︾ 24 ᠴᠠᠭ ᠢᠶᠠᠷ ᠵᠠᠷᠯᠢᠭ ᠬᠦᠯᠢᠶᠡᠵᠦ᠂ ᠦᠨᠳᠦᠰᠦᠨ ᠱᠠᠲᠤᠨ ᠤ | ᠡᠮ ᠡᠮᠨᠡᠯᠭᠡ ᠡᠷᠡᠭᠦᠯ ᠮᠡᠨᠳᠦ ᠶᠢᠨ ᠦᠢᠯᠡᠴᠢᠯᠡᠭᠡ ᠳᠤ ᠲᠦᠢᠯ ᠤᠨ ᠶᠡᠭᠡ ᠲᠥᠬᠦᠮ ᠦᠵᠡᠭᠦᠯᠦᠭᠰᠡᠨ ᠢᠶᠠᠷ ᠪᠠᠷᠠᠬᠤ | ᠥᠬᠡᠶ᠂ ᠪᠠᠰᠠ ᠵᠢᠷᠮᠦᠰᠦᠨ ᠡᠮᠡᠭᠲᠡᠶ ᠪᠠ ᠠᠶᠤᠯᠲᠠᠶ ᠡᠪᠡᠳᠴᠢᠲᠡᠨ ᠢ ᠠᠪᠤᠷᠠᠨ ᠵᠠᠰᠠᠬᠤ ᠳᠤ ᠡᠷᠬᠢᠮ ᠨᠠᠨᠳᠢᠨ ᠴᠠᠭ ᠢ | ᠣᠯᠵᠤ ᠥᠭᠭᠦᠭᠰᠡᠨ ᠪᠠᠶᠢᠨ᠎ᠠ᠃ | ᠵᠦᠸᠧᠽᠢ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠳᠠᠷᠤᠭ᠎ᠠ ᠸᠠᠩ ᠰᠢᠶᠣᠤ ᠳ᠋ᠦᠩ | ᠮᠠᠨ ᠤ ᠡᠮᠨᠡᠯᠭᠡ ᠶᠢᠨ ᠬᠤᠷᠢᠶᠠᠨ ᠤ ᠡᠬᠡ ᠨᠢ ᠡᠷᠡᠭᠦᠯ ᠮᠡᠨᠳᠦ ᠲᠦᠷᠭᠡᠨ ᠲᠡᠷᠭᠡ ᠪᠠᠷ ᠬᠦᠨᠳᠦ ᠡᠪᠡᠳᠴᠢᠲᠡᠨ ᠢ | ᠰᠢᠯᠵᠢᠭᠦᠯᠦᠨ ᠵᠥᠭᠡᠭᠡᠪᠦᠷᠢᠯᠡᠬᠦ ᠶᠢ ᠡᠭᠦᠷᠭᠡᠯᠡᠬᠦ ᠠᠴᠠ ᠭᠠᠳᠠᠨ᠎ᠠ᠂ ᠪᠠᠰᠠ ᠬᠥᠳᠡᠭᠡ ᠪᠠᠭᠤᠬᠤ ᠠᠯᠪᠠᠨ ᠵᠢᠷᠤᠮ ᠤᠨ | ᠡᠮᠴᠢᠯᠡᠭᠡ᠂ ᠰᠦᠢᠳᠬᠡᠯ ᠬᠤᠷᠢᠶᠠᠬᠤ ᠦᠭᠡᠢ ᠪᠠᠷ ᠪᠡᠶ᠎ᠡ ᠶᠢᠨ ᠪᠠᠶᠢᠴᠠᠭᠠᠯᠲᠠ ᠬᠢᠬᠦ᠂ ᠡᠷᠡᠭᠦᠯ ᠮᠡᠨᠳᠦ ᠶᠢᠨ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠤᠬᠠᠭᠤᠯᠬᠤ ᠵᠡᠷᠭᠡ ᠡᠭᠦᠷᠭᠡ ᠶᠢ ᠡᠭᠦᠷᠭᠡᠯᠡᠪᠡ᠃ 5 ᠵᠢᠯ ᠤᠨ | ᠬᠤᠭᠤᠴᠠᠭᠠᠨ ᠳᠤ᠂ ᠡᠵᠢ ᠡᠷᠡᠭᠦᠯ ᠰᠠᠷᠠᠭᠤᠯ ᠬᠤᠷᠳᠤᠨ ᠲᠡᠷᠭᠡ 20 ᠭᠠᠷᠤᠶ ᠲᠦᠮᠡᠨ ᠺᠢᠯᠣᠮᠧᠲᠷ ᠭᠦᠶᠦᠨ᠂ | 1800 ᠭᠠᠷᠤᠶ ᠤᠳᠠᠭ᠎ᠠ ᠲᠡᠷᠭᠡᠨ ᠳᠤ ᠭᠠᠷᠴᠠᠶ᠃ ᠪᠢᠳᠡᠨ ᠤ ᠵᠣᠷᠢᠯᠭ᠎ᠠ ᠪᠣᠯ ᠳᠠᠷᠤᠢ ᠡᠨᠡᠬᠦ ᠡᠵᠢ ᠶᠢᠨ ᠡᠷᠡᠭᠦᠯ | ᠴᠢᠭᠢᠷᠠᠭ ᠬᠤᠷᠳᠤᠨ ᠲᠡᠷᠭᠡ ᠶᠢ ᠰᠠᠶᠢᠲᠤᠷ ᠬᠡᠷᠡᠭᠯᠡᠵᠦ᠂ ᠠᠷᠠᠳ ᠣᠯᠠᠨ ᠳᠤ ᠨᠡᠩ ᠰᠠᠶᠢᠨ ᠦᠢᠯᠡᠴᠢᠯᠡᠬᠦ ᠶᠢᠨ | ᠲᠥᠯᠥᠭᠡ ᠶᠤᠮ᠃ | ︽ᠡᠬᠡ ᠶᠢᠨ ᠡᠷᠡᠭᠦᠯ ᠮᠡᠨᠳᠦ ᠶᠢᠨ ᠲᠦᠷᠭᠡᠨ ᠲᠡᠷᠭᠡ︾ ᠨᠢ ᠣᠯᠠᠨ ᠲᠦᠮᠡᠨ ᠳᠤ ︽ᠥᠪᠥᠷ ᠮᠣᠩᠭᠤᠯ ᠤᠨ | ᠪᠤᠶᠢᠳᠠ ᠪᠥᠭᠯᠡᠭᠦᠤ ᠭᠠᠵᠠᠷ ᠣᠷᠣᠨ ᠤ ︿ᠡᠮᠡᠭᠲᠡᠶ ᠶᠢᠨ ᠨᠡᠷ᠎ᠡ 120﹀︾ ᠭᠡᠭᠳᠡᠵᠦ᠂ ᠲᠡᠳᠡ ᠪᠤᠶᠢᠳᠠ ᠪᠥᠭᠯᠡᠭᠦᠤ | ᠰᠢᠶᠠᠩ ᠪᠠᠯᠭᠠᠰᠤᠨ ᠳᠤ ᠭᠦᠨᠵᠡᠭᠡᠶᠢᠷᠡᠨ ᠡᠬᠡ ᠨᠢᠯᠬᠠᠰ ᠤᠨ ᠡᠷᠡᠭᠦᠯ ᠢ ᠬᠠᠮᠠᠭᠠᠯᠠᠬᠤ᠂ ᠦᠨᠳᠦᠰᠦᠨ ᠱᠠᠲᠤᠨ ᠤ | ᠠᠯᠪᠠᠨ ᠵᠢᠷᠤᠮ ᠤᠨ ᠡᠮᠴᠢᠯᠡᠭᠡ᠂ ᠪᠷᠦ᠋ᠼᠧᠯ ᠡᠪᠡᠳᠴᠢᠨ ᠢ ᠰᠡᠷᠭᠡᠶᠢᠯᠡᠨ ᠵᠠᠰᠠᠬᠤ᠂ ᠡᠷᠡᠭᠦᠯ ᠮᠡᠨᠳᠦ ᠶᠢᠨ ᠪᠡᠶ᠎ᠡ ᠶᠢᠨ | ᠪᠠᠶᠢᠴᠠᠭᠠᠯᠲᠠ᠂ ᠡᠪᠡᠳᠴᠢᠲᠡᠨ ᠢ ᠰᠢᠯᠵᠢᠭᠦᠯᠦᠨ ᠵᠥᠭᠡᠭᠡᠪᠦᠷᠢᠯᠡᠬᠦ ᠵᠡᠷᠭᠡ ᠣᠯᠠᠨ ᠵᠦᠢᠯ ᠤᠨ ᠬᠡᠯᠪᠡᠷᠢ ᠶᠢᠨ ᠡᠷᠡᠭᠦᠯ | ᠮᠡᠨᠳᠦ ᠶᠢᠨ ᠦᠢᠯᠡᠴᠢᠯᠡᠭᠡ ᠶᠢ ᠥᠷᠨᠢᠭᠦᠯᠵᠦ᠂ ᠡᠮᠡᠭᠲᠡᠶ ᠶᠢᠨ ᠰᠠᠯᠠᠭᠠᠨ ᠤ ᠡᠪᠡᠳᠴᠢᠨ ᠤ ᠡᠭᠦᠰᠬᠦ ᠨᠣᠷᠮ᠎ᠠ ᠶᠢ | ᠪᠠᠭᠤᠷᠠᠭᠤᠯᠬᠤ᠂ ᠵᠢᠷᠮᠦᠰᠦᠨ ᠡᠮᠡᠭᠲᠡᠶ ᠶᠢᠨ ᠦᠬᠦᠯᠲᠡ ᠶᠢᠨ ᠨᠣᠷᠮ᠎ᠠ ᠶᠢ ᠪᠠᠭᠤᠷᠠᠭᠤᠯᠬᠤ᠂ ᠬᠥᠭᠵᠢᠭᠡᠳᠦᠶ ᠭᠠᠵᠠᠷ | ᠣᠷᠣᠨ ᠤ ᠡᠮᠡᠭᠲᠡᠶᠢᠴᠦᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠴᠢᠬᠤᠯᠠ | ᠦᠢᠯᠡᠳᠦᠯ ᠦᠵᠡᠭᠦᠯᠪᠡ᠃ | ᠮᠠᠨ ᠤ ᠵᠦᠸᠧᠽᠢ ᠰᠢᠶᠠᠨ ᠳᠤ ᠨᠡᠶᠢᠲᠡ 9 ᠡᠷᠡᠭᠦᠯ ᠴᠢᠭᠢᠷᠠᠭ ᠲᠦᠷᠭᠡᠨ ᠲᠡᠷᠭᠡ ᠪᠠᠶᠢᠵᠤ᠂ ᠡᠯ᠎ᠡ ᠬᠤᠲᠠ | ᠬᠥᠳᠡᠭᠡ ᠶᠢᠨ ᠡᠮᠨᠡᠯᠭᠡ ᠶᠢᠨ ᠬᠤᠷᠢᠶᠠᠨ ᠳᠤ ᠮᠠᠰᠢ ᠶᠡᠭᠡ ᠠᠪᠤᠷᠠᠨ ᠲᠤᠰᠠᠯᠠᠬᠤ ᠦᠢᠯᠡᠳᠦᠯ ᠦᠵᠡᠭᠦᠯᠵᠡᠶ᠃ 2024 | ᠣᠨ ᠳᠤ ᠡᠷᠡᠭᠦᠯ ᠮᠡᠨᠳᠦ ᠲᠦᠷᠭᠡᠨ ᠲᠡᠷᠭᠡ ᠪᠠᠷ ᠣᠨᠣᠰᠢᠯᠠᠨ ᠡᠮᠨᠡᠬᠦ ᠠᠵᠢᠯᠯᠠᠭ᠎ᠠ ᠨᠢ ᠨᠡᠶᠢᠲᠡ 2385 ᠤᠳᠠᠭ᠎ᠠ | ᠪᠠᠶᠢᠵᠤ᠂ 8565 ᠤᠳᠠᠭ᠎ᠠ ᠣᠯᠠᠨ ᠲᠦᠮᠡᠨ ᠳᠤ ᠦᠢᠯᠡᠴᠢᠯᠡᠨ᠂ 760 ᠤᠳᠠᠭ᠎ᠠ ᠤᠬᠠᠭᠤᠯᠤᠨ ᠪᠣᠯᠪᠠᠰᠤᠷᠠᠭᠤᠯᠵᠤ | ᠂ ᠬᠤᠶᠠᠷ ᠥᠮᠡᠨ ᠳᠤ 1200 ᠭᠠᠷᠤᠶ ᠬᠥᠮᠦᠨ ᠢ ᠰᠢᠭᠰᠢᠨ ᠪᠠᠶᠢᠴᠠᠭᠠᠵᠤ᠂ ᠥᠷᠭᠡᠨ ᠣᠯᠠᠨ ᠬᠤᠲᠠ ᠬᠥᠳᠡᠭᠡ ᠶᠢᠨ | ᠡᠮᠡᠭᠲᠡᠶᠢᠴᠦᠳ ᠲᠤ ᠠᠰᠢᠭ ᠬᠦᠷᠲᠡᠭᠡᠵᠦ᠂ ᠲᠦᠭᠡᠮᠡᠯ ᠠᠰᠢᠭ ᠬᠦᠷᠲᠡᠭᠡᠵᠦ᠂ ᠣᠷᠳᠣ ᠬᠤᠭᠤᠴᠠᠭ᠎ᠠ ᠪᠠᠷ ᠠᠰᠢᠭ | ᠬᠦᠷᠲᠡᠭᠡᠪᠡ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |