ᠤᠯᠤᠰ ᠤᠨ ᠨᠡᠭᠡᠭᠡᠯᠲᠡ ᠶᠢᠨ ᠶᠡᠭᠡ ᠰᠤᠷᠭᠠᠭᠤᠯᠢ ︵ᠥᠪᠥᠷ ᠮᠣᠩᠭᠤᠯ ᠤᠨ ᠬᠤᠪᠢᠶᠠᠷᠢ ᠬᠡᠯᠲᠡᠰ︶ ᠤᠯᠠᠭᠠᠨᠴᠠᠪ ᠤᠨ ᠵᠦᠸᠧᠽᠢ ᠨᠡᠭᠡᠭᠡᠯᠲᠡ ᠶᠢᠨ ᠶᠡᠭᠡ ᠰᠤᠷᠭᠠᠭᠤᠯᠢ 2025 ᠣᠨ ᠤ ᠬᠠᠪᠤᠷ ᠤᠨ ᠤᠯᠠᠷᠢᠯ ᠤᠨ ᠰᠣᠷᠣᠭᠴᠢ ᠡᠯᠰᠡᠬᠦ ᠲᠣᠪᠴᠢ ᠲᠦᠷᠢᠮ
ᠨᠡᠶᠢᠲᠡᠯᠡᠭᠰᠡᠨ ᠴᠠᠭ᠄
2025/3/11
    ᠵᠦᠸᠧᠽᠢ ᠨᠡᠭᠡᠭᠡᠯᠲᠡ ᠶᠢᠨ ᠶᠡᠭᠡ ᠰᠤᠷᠭᠠᠭᠤᠯᠢ ᠪᠣᠯ ᠵᠦᠸᠧᠽᠢ ᠰᠢᠶᠠᠨ ᠤ ᠴᠣᠷ ᠤᠨ ᠭᠠᠭᠴᠠ ᠣᠳᠣᠬᠢᠴᠢᠯᠠᠭᠰᠠᠨ ᠮᠡᠳᠡᠭᠡ ᠵᠠᠩᠭᠢ ᠶᠢᠨ ᠮᠡᠷᠭᠡᠵᠢᠯ ᠢᠶᠠᠷ ᠭᠤᠣᠯ ᠠᠷᠭ᠎ᠠ ᠪᠠᠷᠢᠯ ᠪᠣᠯᠭᠠᠵᠤ᠂ ᠳᠠᠭᠠᠭᠤᠯᠢ ᠣᠳᠣᠨ ᠲᠧᠯᠸᠢᠰ᠂ ᠺᠣᠮᠫᠢᠦ᠋ᠲ᠋ᠧᠷ ᠤᠨ ᠰᠦᠯᠵᠢᠶ᠎ᠡ᠂ ᠰᠢᠯᠵᠢᠮᠡᠯ ᠦᠵᠦᠭᠦᠷ ᠵᠡᠷᠭᠡ ᠣᠯᠠᠨ ᠵᠦᠢᠯ ᠤᠨ ᠵᠠᠭᠤᠴᠢᠯᠠᠭᠤᠷ ᠢ ᠬᠡᠷᠡᠭᠯᠡᠨ ᠣᠳᠣᠬᠢᠴᠢᠯᠠᠭᠰᠠᠨ ᠠᠯᠤᠰ ᠡᠵᠡᠮᠰᠢᠯᠲᠦ ᠰᠤᠷᠭᠠᠨ ᠬᠥᠮᠦᠵᠢᠯ ᠤᠨ ᠶᠡᠭᠡ ᠰᠤᠷᠭᠠᠭᠤᠯᠢ ᠪᠣᠯᠣᠨ᠎ᠠ᠃ ᠰᠤᠷᠭᠠᠭᠤᠯᠢ ᠨᠢ ᠠᠵᠢᠯ ᠤᠨ ᠪᠠᠶᠢᠷᠢ ᠳᠡᠭᠡᠷᠡᠬᠢ ᠰᠤᠷᠤᠯᠴᠠᠭᠰᠠᠨ ᠨᠠᠮᠲᠠᠷ ᠢ ᠳᠡᠭᠡᠭᠰᠢᠯᠡᠭᠦᠯᠬᠦ ᠪᠠᠷ ᠵᠣᠷᠢᠯᠭ᠎ᠠ ᠪᠣᠯᠭᠠᠭᠰᠠᠨ ᠨᠡᠭᠡᠭᠡᠯᠲᠡ ᠶᠢᠨ ᠰᠤᠷᠭᠠᠨ ᠬᠥᠮᠦᠵᠢᠯ ︵ᠲᠤᠰ ᠪᠡᠶ᠎ᠡ᠂ ᠲᠤᠰᠬᠠᠶ ᠮᠡᠷᠭᠡᠵᠢᠯ︶᠂ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ᠂ ᠨᠠᠰᠤᠲᠠᠶᠢᠴᠤᠳ ᠤᠨ ᠰᠤᠷᠭᠠᠨ ᠬᠥᠮᠦᠵᠢᠯ ᠵᠡᠷᠭᠡ ᠣᠯᠠᠨ ᠳᠡᠰ ᠳᠠᠪᠬᠤᠷᠭ᠎ᠠ ᠶᠢᠨ ᠰᠤᠷᠤᠯᠴᠠᠭᠰᠠᠨ ᠨᠠᠮᠲᠠᠷ ᠤᠨ ᠰᠤᠷᠭᠠᠨ ᠬᠥᠮᠦᠵᠢᠯ ᠪᠣᠯᠤᠨ ᠰᠤᠷᠤᠯᠴᠠᠭᠰᠠᠨ ᠨᠠᠮᠲᠠᠷ ᠤᠨ ᠪᠤᠰᠤ ᠰᠤᠷᠭᠠᠨ ᠬᠥᠮᠦᠵᠢᠯ ᠢ ᠡᠭᠦᠷᠭᠡᠯᠡᠨ᠎ᠡ᠃    ᠨᠢᠭᠡ᠂ ᠳᠤᠰᠬᠠᠢ ᠮᠡᠷᠬᠡᠵᠢᠯ ᠪᠠ ᠰᠤᠷᠭᠠᠭᠤᠯᠢ ᠶᠢᠨ ᠳᠦᠷᠢᠮ    ᠵᠢᠩᠬᠢᠨᠢ ᠠᠩᠭᠢ ᠶᠢᠨ ᠲᠤᠰᠬᠠᠢ ᠮᠡᠷᠭᠡᠵᠢᠯ᠄ ᠬᠠᠤᠯᠢ ᠶᠢᠨ ᠤᠬᠠᠭᠠᠨ᠂ ᠵᠠᠰᠠᠭ ᠵᠠᠬᠢᠷᠭᠠᠨ ᠤ ᠬᠠᠮᠢᠶᠠᠷᠤᠯᠲᠠ᠂ ᠰᠤᠪᠢᠯᠠᠯᠲᠠ ᠶᠢᠨ ᠤᠬᠠᠭᠠᠨ᠂ ᠡᠮ ᠤᠨ ᠤᠬᠠᠭᠠᠨ᠂ ᠨᠡᠶᠢᠭᠡᠮ ᠤᠨ ᠠᠵᠢᠯ᠂ ᠮᠥᠩᠭᠦᠨ ᠭᠦᠢᠯᠭᠡᠭᠡᠨ ᠤ ᠤᠬᠠᠭᠠᠨ᠂ ᠨᠢᠭᠲᠠᠯᠠᠨ ᠪᠣᠳᠣᠬᠤ ᠤᠬᠠᠭᠠᠨ᠂ ᠬᠢᠮᠢ ᠶᠢᠨ ᠢᠨᠵᠧᠨᠧᠷᠢᠩ ᠬᠢᠭᠡᠳ ᠭᠠᠷ ᠤᠷᠠᠯᠠᠯ᠂ ᠺᠣᠮᠫᠢᠦ᠋ᠲ᠋ᠧᠷ ᠤᠨ ᠰᠢᠨᠵᠢᠯᠡᠬᠦ ᠤᠬᠠᠭᠠᠨ ᠬᠢᠭᠡᠳ ᠮᠡᠷᠭᠡᠵᠢᠯ᠂ ᠦᠢᠯᠡᠳᠪᠦᠷᠢ ᠬᠤᠳᠠᠯᠳᠤᠭᠠᠨ ᠤ ᠬᠠᠮᠢᠶᠠᠷᠤᠯᠲᠠ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠥᠵᠢᠯ᠂ ᠪᠠᠭ᠎ᠠ ᠰᠤᠷᠭᠠᠭᠤᠯᠢ ᠶᠢᠨ ᠰᠤᠷᠭᠠᠨ ᠬᠥᠮᠥᠵᠢᠯ᠂ ᠬᠢᠲᠠᠳ ᠬᠡᠯᠡ ᠤᠳᠬ᠎ᠠ ᠵᠣᠬᠢᠶᠠᠯ ︵ᠪᠠᠭᠰᠢ ᠶᠢᠨ ᠰᠤᠷᠭᠠᠭᠤᠯᠢ ᠶᠢᠨ ᠴᠢᠭᠯᠡᠯ︶᠂ ᠴᠡᠴᠡᠷᠯᠢᠭ᠂ ᠠᠭᠤᠷᠬᠠᠢ ᠨᠡᠭᠡᠭᠡᠬᠦ ᠢᠨᠵᠧᠨᠧᠷᠢᠩ᠂ ᠵᠠᠷ ᠮᠡᠳᠡᠭᠡ ᠶᠢᠨ ᠤᠬᠠᠭᠠᠨ᠂ ᠰᠢᠷᠣᠢ ᠮᠣᠳᠣᠨ ᠤ ᠢᠨᠵᠧᠨᠧᠷᠢᠩ᠂ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ᠂ ᠮᠠᠰᠢᠨ ᠢᠶᠠᠷ ᠵᠢᠷᠤᠵᠤ ᠲᠥᠯᠥᠪᠯᠡᠨ ᠦᠢᠯᠡᠳᠬᠦ ᠵᠢᠴᠢ ᠠᠦ᠋ᠲ᠋ᠣᠴᠢᠯᠠᠬᠤ᠂ ᠤᠯᠠᠨ ᠨᠡᠶᠢᠲᠡ ᠶᠢᠨ ᠠᠵᠢᠯ ᠦᠢᠯᠡᠰ ᠤᠨ ᠬᠠᠮᠢᠶᠠᠷᠤᠯᠲᠠ ︵ᠡᠷᠡᠭᠦᠯ ᠬᠠᠮᠠᠭᠠᠯᠠᠯ ᠤᠨ ᠦᠢᠯᠡᠰ ᠤᠨ ᠬᠠᠮᠢᠶᠠᠷᠤᠯᠲᠠ ᠶᠢᠨ ᠴᠢᠭᠯᠡᠯ︶᠂ ᠤᠷᠠᠨ ᠪᠢᠴᠢᠯᠭᠡ ᠶᠢᠨ ᠤᠬᠠᠭᠠᠨ᠂ ᠴᠡᠴᠡᠷᠯᠢᠭ ᠤᠨ ᠮᠡᠷᠭᠡᠵᠢᠯ᠂ ᠬᠥᠳᠡᠭᠡ ᠲᠣᠰᠬᠤᠨ ᠤ ᠣᠷᠣᠨ ᠪᠦᠰᠡ ᠶᠢᠨ ᠬᠥᠭᠵᠢᠯᠲᠡ ᠵᠡᠷᠭᠡ ᠲᠤᠰᠬᠠᠢ ᠮᠡᠷᠭᠡᠵᠢᠯ ᠪᠣᠯᠣᠨ᠎ᠠ᠃    ᠲᠤᠰᠬᠠᠶ ᠮᠡᠷᠭᠡᠵᠢᠯ ᠤᠨ ᠲᠤᠰᠬᠠᠶ ᠮᠡᠷᠭᠡᠵᠢᠯ᠄ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠬᠢᠲᠠᠳ ᠬᠡᠯᠡ᠂ ᠲᠣᠮᠣ ᠳ᠋ᠠᠶᠢᠲ᠋ᠠ ᠶᠢᠨ ᠮᠡᠷᠭᠡᠵᠢᠯ᠂ ᠵᠠᠮ ᠬᠢᠭᠡᠳ ᠬᠥᠭᠦᠷᠭᠡ ᠶᠢᠨ ᠢᠨᠵᠧᠨᠧᠷᠢᠩ ᠤᠨ ᠮᠡᠷᠭᠡᠵᠢᠯ᠂ ᠪᠠᠷᠢᠯᠭ᠎ᠠ ᠶᠢᠨ ᠦᠨ᠎ᠡ ᠥᠷᠲᠡᠭ᠂ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠣᠶᠤᠨᠴᠢ ᠬᠠᠮᠢᠶᠠᠷᠤᠯᠲᠠ᠂ ᠡᠮ ᠤᠨ ᠤᠬᠠᠭᠠᠨ᠂ ᠲᠣᠮᠣ ᠳ᠋ᠠᠶᠢᠲ᠋ᠠ ᠬᠢᠭᠡᠳ ᠨᠢᠭᠲᠠᠯᠠᠨ ᠪᠤᠳᠤᠭᠴᠢ᠂ ᠵᠠᠰᠠᠭ ᠵᠠᠬᠢᠷᠭᠠᠨ ᠤ ᠬᠠᠮᠢᠶᠠᠷᠤᠯᠲᠠ᠂ ᠨᠡᠶᠢᠭᠡᠮ ᠤᠨ ᠠᠵᠢᠯ᠂ ᠬᠠᠤᠯᠢ ᠴᠠᠭᠠᠵᠠ ᠶᠢᠨ ᠬᠡᠷᠡᠭ ᠶᠠᠪᠤᠳᠠᠯ᠂ ᠰᠤᠪᠢᠯᠠᠯᠲᠠ᠂ ᠦᠢᠯᠡᠳᠪᠦᠷᠢ ᠬᠤᠳᠠᠯᠳᠤᠭᠠᠨ ᠤ ᠠᠵᠤ ᠠᠬᠤᠶᠢᠯᠠᠯ ᠤᠨ ᠬᠠᠮᠢᠶᠠᠷᠤᠯᠲᠠ᠂ ᠪᠠᠷᠢᠯᠭ᠎ᠠ ᠶᠢᠨ ᠢᠨᠵᠧᠨᠧᠷᠢᠩ ᠤᠨ ᠮᠡᠷᠭᠡᠵᠢᠯ᠂ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠬᠠᠮᠢᠶᠠᠷᠤᠯᠲᠠ᠂ ᠣᠳᠣ ᠦᠶ᠎ᠡ ᠶᠢᠨ ᠠᠳᠠᠯ ᠠᠬᠤᠢ ᠶᠢᠨ ᠬᠠᠮᠢᠶᠠᠷᠤᠯᠲᠠ᠂ ᠺᠣᠮᠫᠢᠦ᠋ᠲ᠋ᠧᠷ ᠤᠨ ᠰᠦᠯᠵᠢᠶᠡᠨ ᠤ ᠮᠡᠷᠭᠡᠵᠢᠯ ︵ᠰᠦᠯᠵᠢᠶᠡᠨ ᠤ ᠬᠠᠮᠢᠶᠠᠷᠤᠯᠲᠠ ᠶᠢᠨ ᠴᠢᠭᠯᠡᠯ︶᠂ ᠮᠥᠩᠭᠦᠨ ᠭᠦᠢᠯᠭᠡᠭᠡᠨ ᠤ ᠦᠢᠯᠡᠴᠢᠯᠡᠭᠡ ᠬᠢᠭᠡᠳ ᠬᠠᠮᠢᠶᠠᠷᠤᠯᠲᠠ᠂ ᠡᠯᠧᠺᠳ᠋ᠷᠣᠨ ᠬᠤᠳᠠᠯᠳᠤᠭᠠᠨ ᠤ ᠶᠠᠪᠤᠳᠠᠯ᠂ ᠣᠳᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠬᠠᠮᠢᠶᠠᠷᠤᠯᠲᠠ᠂ ᠬᠤᠲᠠ ᠶᠢᠨ ᠲᠡᠮᠦᠷ ᠵᠢᠮᠲᠦ ᠵᠠᠮ ᠬᠠᠷᠢᠯᠴᠠᠭᠠᠨ ᠤ ᠡᠵᠡᠩᠨᠡᠯᠲᠡ ᠬᠠᠮᠢᠶᠠᠷᠤᠯᠲᠠ᠂ ᠬᠡᠷᠡᠭᠯᠡᠯᠲᠡ ᠬᠢᠮᠢ ᠶᠢᠨ ᠠᠵᠤ ᠦᠢᠯᠡᠳᠪᠦᠷᠢ ᠶᠢᠨ ᠮᠡᠷᠭᠡᠵᠢᠯ᠂ ᠮᠠᠰᠢᠨ ᠴᠠᠬᠢᠯᠭᠠᠨ ᠢ ᠨᠢᠭᠡ ᠴᠣᠭᠴᠠᠵᠢᠭᠤᠯᠬᠤ ᠮᠡᠷᠭᠡᠵᠢᠯ᠂ ᠣᠢ ᠰᠢᠭᠤᠶ ᠶᠢᠨ ᠮᠡᠷᠭᠡᠵᠢᠯ᠂ ᠴᠡᠴᠡᠷᠯᠢᠭ ᠤᠨ ᠮᠡᠷᠭᠡᠵᠢᠯ᠂ ᠮᠠᠯ ᠠᠵᠤ ᠠᠬᠤᠶ ᠮᠠᠯ ᠡᠮᠨᠡᠯᠭᠡ᠂ ᠨᠠᠮ ᠤᠨ ᠠᠵᠢᠯ ︵ᠬᠥᠳᠡᠭᠡ ᠲᠣᠰᠬᠤᠨ ᠤ ᠬᠠᠮᠢᠶᠠᠷᠤᠯᠲᠠ ᠶᠢᠨ ᠴᠢᠭᠯᠡᠯ︶᠂ ᠣᠳᠣ ᠦᠶ᠎ᠡ ᠶᠢᠨ ᠲᠠᠷᠢᠶᠠᠯᠠᠩ ᠤᠨ ᠠᠵᠤ ᠠᠬᠤᠶ ᠶᠢᠨ ᠬᠠᠮᠢᠶᠠᠷᠤᠯᠲᠠ ᠵᠡᠷᠭᠡ ᠲᠤᠰᠬᠠᠶ ᠮᠡᠷᠭᠡᠵᠢᠯ ᠪᠠᠭᠲᠠᠨ᠎ᠠ᠃    ᠲᠤᠰᠬᠠᠶ ᠮᠡᠷᠭᠡᠵᠢᠯ ᠤᠨ ᠠᠩᠭᠢ᠂ ᠵᠢᠩᠬᠢᠨᠢ ᠠᠩᠭᠢ ᠶᠢᠨ ᠰᠤᠷᠤᠯᠭ᠎ᠠ ᠶᠢᠨ ᠳᠦᠷᠢᠮ ᠨᠢ ᠴᠥᠮ 2.5 ᠵᠢᠯ ᠪᠣᠯᠤᠨ᠎ᠠ᠃    ᠬᠤᠶᠠᠷ᠂ ᠰᠤᠷᠤᠭᠴᠢ ᠡᠯᠰᠡᠬᠦ ᠡᠲᠡᠭᠡᠳ ᠵᠢᠴᠢ ᠨᠡᠷ᠎ᠡ ᠮᠡᠳᠡᠭᠦᠯᠬᠦ ᠨᠥᠬᠦᠴᠡᠯ    1. ᠵᠢᠩᠬᠢᠨᠢ ᠠᠩᠭᠢ ︵ᠲᠤᠰᠬᠠᠶ ᠮᠡᠷᠭᠡᠵᠢᠯ ᠤᠨ ᠠᠩᠭᠢ︶᠄ ᠤᠯᠤᠰ ᠠᠷᠠᠳ ᠤᠨ ᠰᠤᠷᠭᠠᠨ ᠬᠥᠮᠦᠵᠢᠯ ᠤᠨ ᠰᠢᠰᠲ᠋ᠧᠮ ᠨᠢ ᠠᠳᠠᠯᠢᠪᠲᠤᠷ ᠪᠤᠶᠤ ᠣᠶᠢᠷᠠᠯᠴᠠᠭ᠎ᠠ ᠲᠤᠰᠬᠠᠶ ᠮᠡᠷᠭᠡᠵᠢᠯ ᠤᠨ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠠᠩᠭᠢ ᠠᠴᠠ ᠳᠡᠭᠡᠭᠰᠢ ︵ᠲᠤᠰᠬᠠᠶ ᠮᠡᠷᠭᠡᠵᠢᠯ ᠢ ᠪᠠᠭᠲᠠᠭᠠᠨ᠎ᠠ︶ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠳᠠᠷ ᠲᠠᠢ᠃ ᠡᠬᠦᠨ ᠳᠤ ᠰᠣᠪᠢᠯᠠᠯᠳᠡ ᠶᠢᠨ ᠣᠬᠠᠭᠠᠨ ᠤ ᠲᠣᠰᠬᠠᠢ ᠮᠡᠷᠭᠡᠵᠢᠯ ᠤᠨ ᠰᠣᠷᠣᠠᠠᠴᠢ ᠡᠯᠰᠡᠬᠦ ᠡᠳᠡᠭᠡᠳ ᠨᠢ ᠪᠠᠰᠠ ᠰᠣᠪᠢᠯᠬᠠᠴᠢ ᠶᠢᠨ ᠠᠵᠢᠯ ᠡᠷᠬᠢᠯᠡᠬᠦ ᠬᠢᠷᠢ ᠭᠡᠮ ᠤᠨ ᠦᠨᠡᠮᠯᠡᠯ ᠲᠠᠢ ᠠᠵᠢᠯ ᠤᠨ ᠪᠠᠶᠢᠷᠢ ᠳᠤ ᠪᠠᠶᠢᠭ᠎ᠠ ᠮᠡᠷᠭᠡᠵᠢᠯ ᠲᠠᠢ ᠠᠵᠢᠯᠳᠡᠡ ᠲᠠᠢ ᠪᠠᠶᠢᠬᠤ ᠭᠡᠷᠡᠭᠳᠡᠢ︔ ᠡᠮ ᠤᠨ ᠣᠬᠠᠭᠠᠨ ᠤ ᠲᠣᠰᠬᠠᠢ ᠮᠡᠷᠭᠡᠵᠢᠯ ᠤᠨ ᠰᠣᠷᠣᠠᠠᠴᠢ ᠡᠯᠰᠡᠬᠦ ᠡᠳᠡᠭᠡᠳ ᠨᠢ ᠠᠵᠢᠯ ᠤᠨ ᠪᠠᠶᠢᠷᠢ ᠳᠤ ᠪᠠᠶᠢᠬᠤ ᠪᠠ ᠡᠮ ᠡᠮᠨᠡᠯᠬᠡ ᠶᠢᠨ ᠠᠵᠢᠯ ᠳᠦᠷᠦᠯ ᠤᠨ ᠠᠵᠢᠯᠳᠡᠨ ᠢ ᠬᠢᠵᠠᠭᠠᠷᠯᠬᠠᠥ ᠭᠡᠷᠡᠭᠳᠡᠢ᠃    2. ᠲᠤᠰᠬᠠᠶ ᠮᠡᠷᠭᠡᠵᠢᠯ ᠤᠨ ᠲᠤᠰᠬᠠᠶ ᠮᠡᠷᠭᠡᠵᠢᠯ᠄ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠮᠡᠷᠭᠡᠵᠢᠯ ᠤᠨ ᠠᠵᠢᠯᠴᠢᠨ ᠤ ᠰᠤᠷᠭᠠᠭᠤᠯᠢ ᠪᠣᠯᠤᠨ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠲᠡᠭᠦᠰᠦᠭᠰᠡᠨ᠃ ᠡᠭᠦᠨ ᠳᠤ᠂ ᠠᠰᠠᠷᠠᠨ ᠰᠤᠪᠢᠯᠠᠬᠤ ᠲᠤᠰᠬᠠᠶ ᠮᠡᠷᠭᠡᠵᠢᠯ ᠤᠨ ᠰᠤᠷᠤᠭᠴᠢ ᠡᠯᠰᠡᠬᠦ ᠡᠲᠡᠭᠡᠳ ᠨᠢ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠠᠴᠠ ᠲᠡᠭᠦᠰᠦᠭᠰᠡᠳ᠂ ᠰᠤᠪᠢᠯᠠᠭᠴᠢ ᠶᠢᠨ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ ᠲᠠᠢ ᠠᠵᠢᠯ ᠤᠨ ᠪᠠᠶᠢᠷᠢ ᠳᠤ ᠪᠠᠶᠢᠭ᠎ᠠ ᠮᠡᠷᠭᠡᠵᠢᠯ ᠤᠨ ᠠᠵᠢᠯᠲᠠᠨ ᠪᠣᠯᠤᠨ᠎ᠠ︔ ᠡᠮ ᠤᠨ ᠤᠬᠠᠭᠠᠨ ᠤ ᠲᠤᠰᠬᠠᠶ ᠮᠡᠷᠭᠡᠵᠢᠯ ᠤᠨ ᠰᠤᠷᠤᠭᠴᠢ ᠡᠯᠰᠡᠬᠦ ᠡᠲᠡᠭᠡᠳ ᠢ ᠠᠵᠢᠯ ᠤᠨ ᠪᠠᠶᠢᠷᠢ ᠳᠤ ᠪᠠᠶᠢᠭ᠎ᠠ ᠪᠠ ᠡᠮ ᠡᠮᠨᠡᠯᠭᠡ ᠶᠢᠨ ᠠᠵᠢᠯ ᠲᠥᠷᠥᠯ ᠤᠨ ᠠᠵᠢᠯᠯᠠᠭᠰᠠᠳ ᠢᠶᠠᠷ ᠬᠢᠵᠠᠭᠠᠷᠯᠠᠨ᠎ᠠ᠃    ᠭᠤᠷᠪᠠ᠂ ᠨᠡᠷ᠎ᠡ ᠮᠡᠳᠡᠭᠦᠯᠬᠦ ᠮᠠᠲ᠋ᠧᠷᠢᠶᠠᠯ    1. ᠶᠡᠭᠡ ᠰᠤᠷᠭᠠᠭᠤᠯᠢ ᠶᠢᠨ ᠵᠢᠩᠬᠢᠨᠢ ᠠᠩᠭᠢ᠄ ᠰᠤᠷᠤᠭᠴᠢᠳ ᠤᠯᠤᠰ ᠠᠴᠠ ᠮᠡᠳᠡᠷᠡᠭᠰᠡᠨ ᠲᠤᠰᠬᠠᠶ ᠮᠡᠷᠭᠡᠵᠢᠯ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠲᠡᠭᠦᠰᠦᠭᠰᠡᠨ ᠦᠨᠡᠮᠯᠡᠯ ᠤᠨ ᠤᠭ ᠵᠦᠢᠯ᠂ ᠰᠢᠷᠪᠢᠯᠲᠡ ᠶᠢᠨ ᠵᠦᠢᠯ ᠵᠢᠴᠢ ᠰᠤᠷᠤᠯᠭ᠎ᠠ ᠶᠢᠨ ᠨᠠᠮᠲᠠᠷ ᠤᠨ ᠭᠡᠷᠡᠴᠢᠯᠡᠬᠦ ᠮᠠᠲ᠋ᠧᠷᠢᠶᠠᠯ ︵ᠰᠤᠷᠤᠯᠭ᠎ᠠ ᠶᠢᠨ ᠨᠠᠮᠲᠠᠷ ᠤᠨ ᠭᠡᠷᠡᠴᠢ ᠨᠢ ︽ᠰᠤᠷᠭᠠᠨ ᠬᠥᠮᠦᠵᠢᠯ ᠤᠨ ᠶᠠᠮᠤᠨ ᠤ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠡᠯᠧᠺᠳ᠋ᠷᠣᠨ ᠢᠶᠠᠷ ᠳᠠᠩᠰᠠᠯᠠᠨ ᠲᠡᠮᠳᠡᠭᠯᠡᠬᠦ ᠲᠥᠪ︾᠂ ︽ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠨᠠᠮᠲᠠᠷ ᠤᠨ ᠭᠡᠷᠡᠴᠢᠯᠡᠭᠡ ᠶᠢᠨ ᠲᠥᠪ︾ ᠤᠨ ᠬᠢᠵᠦ ᠥᠭᠭᠦᠭᠰᠡᠨ ᠭᠡᠷᠡᠴᠢᠯᠡᠭᠡ ᠶᠢᠨ ᠮᠡᠳᠡᠭᠦᠯᠦᠯᠲᠡ ᠶᠢᠨ ᠤᠭ ᠮᠠᠲ᠋ᠧᠷᠢᠶᠠᠯ ᠪᠤᠶᠤ ︽ᠰᠤᠷᠭᠠᠨ ᠬᠥᠮᠦᠵᠢᠯ ᠤᠨ ᠶᠠᠮᠤᠨ ᠤ ᠭᠠᠳᠠᠭᠠᠳᠤ ᠳᠤ ᠰᠤᠷᠤᠯᠴᠠᠭᠰᠠᠳ ᠤᠨ ᠦᠢᠯᠡᠴᠢᠯᠡᠭᠡᠨ ᠤ ᠲᠥᠪ︾ ᠠᠴᠠ ᠭᠠᠷᠭᠠᠵᠤ ᠥᠭᠭᠦᠭᠰᠡᠨ ᠭᠡᠷᠡᠴᠢᠯᠡᠭᠡ ᠶᠢᠨ ᠮᠡᠳᠡᠭᠦᠯᠦᠯᠲᠡ ᠶᠢᠨ ᠤᠭ ᠮᠠᠲ᠋ᠧᠷᠢᠶᠠᠯ ︶ ᠪᠠᠶᠢᠬᠤ ᠬᠡᠷᠡᠭᠲᠡᠢ᠃    2. ᠨᠡᠷ᠎ᠡ ᠮᠡᠳᠡᠭᠦᠯᠵᠦ ᠰᠤᠷᠤᠯᠴᠠᠬᠤ ᠲᠤᠰᠬᠠᠶ ᠮᠡᠷᠭᠡᠵᠢᠯ᠄ ᠰᠤᠷᠤᠭᠴᠢᠳ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠳᠤᠮᠳᠠ ᠵᠡᠷᠭᠡ ᠶᠢᠨ ᠲᠤᠰᠬᠠᠶ ᠮᠡᠷᠭᠡᠵᠢᠯ᠂ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠤᠶᠤ ᠮᠡᠷᠭᠡᠵᠢᠯ ᠤᠨ ᠠᠵᠢᠯᠴᠢᠨ ᠤ ᠰᠤᠷᠭᠠᠭᠤᠯᠢ ᠠᠴᠠ ᠲᠡᠭᠦᠰᠦᠭᠰᠡᠨ ᠦᠨᠡᠮᠯᠡᠯ ᠤᠨ ᠤᠭ ᠮᠠᠲ᠋ᠧᠷᠢᠶᠠᠯ ᠵᠢᠴᠢ ᠰᠢᠷᠪᠢᠯᠲᠡ ᠶᠢᠨ ᠮᠠᠲ᠋ᠧᠷᠢᠶᠠᠯ ᠲᠠᠢ ᠪᠠᠶᠢᠬᠤ ᠬᠡᠷᠡᠭᠲᠡᠶ᠃    3. ᠡᠯ᠎ᠡ ᠲᠥᠷᠥᠯ ᠤᠨ ᠰᠣᠷᠣᠭᠴᠢ ᠲᠣᠰ ᠬᠥᠮᠦᠨ ᠤ ᠪᠡᠶ᠎ᠡ ᠶᠢᠨ ᠦᠨᠡᠮᠯᠡᠯ ᠤᠨ ᠣᠭ ᠮᠠᠲ᠋ᠧᠷᠢᠶᠠᠯ ᠵᠢᠴᠢ ᠰᠢᠷᠪᠢᠭᠰᠡᠨ ᠮᠠᠲ᠋ᠧᠷᠢᠶᠠᠯ ᠢᠶᠠᠨ ᠠᠪᠴᠤ ᠨᠡᠷ᠎ᠡ ᠮᠡᠳᠡᠭᠦᠯᠬᠦ ᠴᠡᠭ ᠲᠤ ᠬᠦᠷᠴᠦ ᠰᠢᠯᠭᠠᠨ ᠪᠠᠶᠢᠴᠠᠭᠠᠵᠤ ᠨᠡᠷ᠎ᠡ ᠮᠡᠳᠡᠭᠦᠯᠬᠦ ᠬᠡᠷᠡᠭᠲᠡᠶ᠃    4. ᠨᠡᠷ᠎ᠡ ᠮᠡᠳᠡᠭᠦᠯᠬᠦ ᠬᠡᠷᠡᠯ ᠵᠢᠷᠤᠭ ᠢ ᠤᠯᠤᠰ ᠤᠨ ᠨᠡᠭᠡᠭᠡᠯᠲᠡᠲᠦ ᠶᠡᠭᠡ ᠰᠤᠷᠭᠠᠭᠤᠯᠢ ᠶᠢᠨ ᠵᠢᠵᠢᠭ ᠲᠠᠰ ᠳᠠᠷᠠᠭᠠᠯᠠᠯ ᠢᠶᠠᠷ ᠳᠠᠮᠵᠢᠭᠤᠯᠤᠨ ᠴᠤᠭᠯᠠᠭᠤᠯᠵᠤ ᠳᠠᠭᠤᠰᠬᠠᠬᠤ ᠬᠡᠷᠡᠭᠲᠡᠶ᠃ᠲᠥᠪ ᠶᠡᠬᠡᠮᠰᠦᠭ ᠢᠯᠡᠷᠬᠡᠶᠢᠯᠡᠯᠲᠡ᠄ ᠪᠤᠰᠤᠳ ᠪᠠᠶᠢᠭᠤᠯᠤᠮᠵᠢ ᠪᠠ ᠬᠤᠪᠢ ᠬᠥᠮᠦᠨ ᠤᠯᠠᠭᠠᠨᠴᠠᠪ ᠬᠤᠲᠠ ᠶᠢᠨ ᠵᠦᠸᠧᠽᠢ ᠰᠢᠶᠠᠨ ᠤ ᠳᠣᠲᠣᠷ᠎ᠠ ᠤᠯᠤᠰ ᠤᠨ ᠨᠡᠭᠡᠭᠡᠯᠲᠡᠲᠦ ᠶᠡᠭᠡ ᠰᠤᠷᠭᠠᠭᠤᠯᠢ ᠶᠢᠨ ᠨᠡᠷ᠎ᠡ ᠪᠠᠷ ᠰᠣᠷᠣᠭᠴᠢ ᠡᠯᠰᠡᠪᠡᠯ ᠂ ᠲᠣᠭᠲᠠᠭᠠᠯ ᠠᠴᠠ ᠵᠥᠷᠢᠴᠡᠨ ᠰᠣᠷᠣᠭᠴᠢ ᠡᠯᠰᠡᠭᠰᠡᠨ    ᠳᠥᠷᠪᠡ᠂ ᠰᠦᠶ᠋ᠳᠬᠡᠯ ᠬᠤᠷᠢᠶᠠᠬᠤ ᠪᠠᠷᠢᠮᠵᠢᠶ᠎ᠠ    1᠂ ᠵᠢᠩᠬᠢᠨᠢ ᠠᠩᠭᠢ ᠶᠢᠨ ᠰᠤᠷᠤᠯᠭ᠎ᠠ ᠶᠢᠨ ᠰᠦᠢᠳᠬᠡᠯ᠄ 71 ᠰᠤᠷᠤᠯᠭ᠎ᠠ ᠶᠢᠨ ᠬᠤᠪᠢ᠄ x85 ᠲᠥᠭᠦᠷᠢᠭ = 6035 ᠲᠥᠭᠦᠷᠢᠭ᠂ ᠨᠢᠭᠡ ᠯᠡ ᠤᠳᠠᠭ᠎ᠠ ᠳᠤ ᠲᠠᠩᠰᠠ ᠡᠪᠬᠡᠮᠡᠯ ᠪᠠᠶᠢᠭᠤᠯᠤᠭᠰᠠᠨ ᠰᠦᠢᠳᠬᠡᠯ᠄ 150 ᠲᠥᠭᠦᠷᠢᠭ᠂ ᠨᠡᠶᠢᠲᠡ 6185 ᠲᠥᠭᠦᠷᠢᠭ ᠪᠣᠯᠤᠨ᠎ᠠ᠃    2. ᠳᠤᠰᠬᠠᠢ ᠮᠡᠷᠬᠡᠵᠢᠯ ᠤᠨ ᠰᠤᠷᠤᠯᠭ᠎ᠠ ᠶᠢᠨ ᠰᠦᠢᠳᠬᠡᠯ᠄ 76 ᠰᠤᠷᠤᠯᠭ᠎ᠠ ᠶᠢᠨ ᠬᠤᠪᠢ x65 ᠲᠥᠭᠦᠷᠢᠭ = 4940 ᠲᠥᠭᠦᠷᠢᠭ   3. ᠨᠣᠮ ᠤᠨ ᠳᠡᠯᠭᠡᠭᠦᠷ᠄ ᠰᠢᠨᠬᠤᠸᠠ ᠨᠣᠮ ᠤᠨ ᠳᠡᠯᠭᠡᠭᠦᠷ ᠨᠢᠭᠡᠳᠦᠯᠲᠡᠶ 800 ᠲᠥᠭᠦᠷᠢᠭ ︵ᠲᠡᠭᠦᠰᠬᠦ ᠦᠶ᠎ᠡ ᠳᠤ ᠪᠣᠳᠠᠲᠠᠶ ᠡᠭᠦᠰᠦᠭᠰᠡᠨ ᠵᠠᠷᠤᠳᠠᠯ ᠢ ᠦᠨᠳᠦᠰᠦᠯᠡᠨ ᠢᠯᠡᠭᠦᠦ ᠪᠤᠴᠠᠭᠠᠵᠤ ᠳᠤᠲᠠᠭᠤ ᠶᠢ ᠨᠢ ᠨᠥᠬᠦᠪᠥᠷᠢᠯᠡᠨ᠎ᠡ ︶ ᠬᠤᠷᠢᠶᠠᠨ᠎ᠠ᠃    ᠲᠠᠪᠤ᠂ ᠰᠤᠷᠤᠯᠴᠠᠬᠤ ᠠᠷᠭ᠎ᠠ ᠮᠠᠶ᠋ᠢᠭ ᠨᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠰᠤᠷᠤᠭᠴᠢᠳ ᠦᠰᠦᠭ ᠪᠢᠴᠢᠭ ᠤᠨ ᠵᠢᠭᠠᠬᠤ ᠮᠠᠲ᠋ᠧᠷᠢᠶᠠᠯ᠂ ︽ᠤᠯᠤᠰ ᠤᠨ ᠨᠡᠭᠡᠭᠡᠯᠲᠡᠲᠦ ᠶᠡᠭᠡ ᠰᠤᠷᠭᠠᠭᠤᠯᠢ ᠶᠢᠨ ᠰᠤᠷᠤᠯᠴᠠᠬᠤ ᠰᠦᠯᠵᠢᠶ᠎ᠡ ︵http://one.ouchn.cn/︾ ᠶᠢᠨ ᠵᠠᠬᠢᠶᠠᠯᠠᠭ᠎ᠠ᠂ ᠲᠤᠰᠬᠠᠶ ᠰᠡᠳᠦᠪᠲᠦ ᠰᠤᠷᠤᠯᠴᠠᠯᠭ᠎ᠠ ᠪᠠ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠪᠠᠶᠢᠴᠠᠭᠠᠨ ᠦᠵᠡᠵᠦ᠂ ᠬᠢᠴᠢᠶᠡᠯ ᠤᠨ ᠳᠠᠰᠬᠠᠯ ᠢ ᠪᠡᠶᠡᠯᠡᠭᠦᠯᠪᠡ︔ ᠶᠠᠷᠢᠶᠠᠨ ᠤ ᠲᠠᠪᠴᠠᠩ᠂ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠶᠢᠨ ᠬᠢᠴᠢᠶᠡᠯ ᠪᠠ ᠳᠠᠭᠤ ᠳᠦᠷᠰᠦ ᠰᠢᠩᠭᠡᠭᠡᠯᠲᠡ ᠶᠢᠨ ᠵᠢᠭᠠᠨ ᠰᠤᠷᠭᠠᠯᠲᠠ ᠵᠡᠷᠭᠡ ᠰᠦᠯᠵᠢᠶᠡᠨ ᠤ ᠬᠠᠷᠢᠯᠴᠠᠬᠤ ᠠᠷᠭ᠎ᠠ ᠪᠠᠷᠢᠯ ᠢ ᠠᠰᠢᠭᠯᠠᠨ ᠬᠠᠮᠲᠤ ᠰᠤᠷᠤᠭᠴᠢ᠂ ᠪᠠᠭᠰᠢ ᠨᠠᠷ ᠲᠠᠢ ᠰᠤᠷᠤᠯᠴᠠᠨ ᠰᠣᠯᠢᠯᠴᠠᠵᠤ᠂ ᠵᠢᠭᠠᠨ ᠰᠤᠷᠭᠠᠯᠲᠠ ᠶᠢᠨ ᠲᠣᠬᠢᠷᠠᠭᠤᠯᠤᠯᠲᠠ ᠶᠢ ᠦᠨᠳᠦᠰᠦᠯᠡᠨ ᠲᠥᠪᠯᠡᠷᠡᠭᠦᠯᠦᠨ ᠨᠢᠭᠤᠷᠳᠠᠨ ᠵᠢᠭᠠᠬᠤ ᠪᠤᠶᠤ ᠳᠤᠭᠤᠶᠢᠯᠠᠩ ᠤᠨ ᠰᠤᠷᠤᠯᠴᠠᠯᠭ᠎ᠠ ᠳᠤ ᠣᠷᠣᠯᠴᠠᠪᠠ᠃   ᠵᠢᠷᠭᠤᠭ᠎ᠠ᠂ ᠬᠢᠴᠢᠶᠡᠯ ᠲᠣᠬᠢᠷᠠᠭᠤᠯᠬᠤ ᠪᠠ ᠰᠢᠯᠭᠠᠯᠲᠠ ᠶᠢᠨ ᠲᠤᠰᠬᠠᠶ ᠮᠡᠷᠭᠡᠵᠢᠯ ᠤᠨ ᠵᠢᠭᠠᠨ ᠰᠤᠷᠭᠠᠯᠲᠠ ᠶᠢᠨ ᠳᠦᠷᠢᠮ ᠳᠠᠬᠢ ᠭᠤᠤᠯ ᠬᠢᠴᠢᠶᠡᠯ ᠢ ᠤᠯᠤᠰ ᠤᠨ ᠨᠡᠭᠡᠭᠡᠯᠲᠡᠲᠦ ᠶᠡᠭᠡ ᠰᠤᠷᠭᠠᠭᠤᠯᠢ ᠠᠴᠠ ᠨᠢᠭᠡᠳᠦᠯᠲᠡᠶ ᠨᠡᠭᠡᠭᠡᠵᠦ᠂ ᠨᠢᠭᠡᠳᠦᠯᠲᠡᠶ ᠵᠢᠭᠠᠨ ᠰᠤᠷᠭᠠᠯᠲᠠ ᠶᠢᠨ ᠬᠥᠲᠥᠯᠪᠦᠷᠢ᠂ ᠨᠢᠭᠡᠳᠦᠯᠲᠡᠶ ᠵᠢᠭᠠᠬᠤ ᠮᠠᠲ᠋ᠧᠷᠢᠶᠠᠯ᠂ ᠨᠢᠭᠡᠳᠦᠯᠲᠡᠶ ᠰᠢᠯᠭᠠᠯᠲᠠ᠂ ᠨᠢᠭᠡᠳᠦᠯᠲᠡᠶ ᠬᠤᠪᠢ ᠣᠯᠭᠤᠬᠤ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠰᠢᠯᠭᠠᠯᠲᠠ ᠳᠤ ᠬᠥᠮᠥᠨ ᠤ ᠵᠢᠰᠦ ᠶᠢ ᠢᠯᠭᠠᠨ ᠲᠠᠨᠢᠬᠤ ᠰᠢᠰᠲ᠋ᠧᠮ ᠢ ᠬᠡᠷᠡᠭᠯᠡᠨ ᠵᠦᠸᠧᠽᠢ ᠰᠤᠷᠤᠯᠴᠠᠯᠭ᠎ᠠ ᠶᠢᠨ ᠲᠥᠪ ᠠᠴᠠ ᠨᠢᠭᠡᠳᠦᠯᠲᠡᠢ ᠵᠣᠬᠢᠶᠠᠨ ᠪᠠᠶᠢᠭᠤᠯᠤᠨ᠎ᠠ᠃    ᠳᠣᠯᠤᠭ᠎ᠠ᠂ ᠲᠡᠭᠦᠰᠬᠦ ᠪᠠ ᠦᠨᠡᠮᠯᠡᠯ ᠣᠯᠭᠤᠭᠰᠠᠨ ᠰᠤᠷᠤᠭᠴᠢᠳ ᠤᠨ ᠰᠤᠷᠭᠠᠭᠤᠯᠢ ᠶᠢᠨ ᠬᠠᠷᠢᠶᠠᠯᠠᠯ ᠨᠢ ᠳᠠᠩᠰᠠᠯᠠᠭᠤᠯᠤᠭᠰᠠᠨ ᠰᠤᠷᠭᠠᠭᠤᠯᠢ ᠳᠤ ᠣᠷᠣᠭᠰᠠᠨ ᠠᠴᠠ 8 ᠵᠢᠯ ᠤᠨ ᠳᠣᠲᠣᠷ᠎ᠠ ᠬᠦᠴᠦᠨ ᠲᠠᠢ᠂ ᠵᠢᠩᠬᠢᠨᠢ ᠠᠩᠭᠢ ︵ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠬᠢᠯᠡᠯᠲᠡ︶ ᠶᠢᠨ ᠬᠠᠮᠤᠭ ᠤᠨ ᠳᠣᠣᠷ᠎ᠠ ᠰᠤᠷᠬᠤ ᠬᠤᠭᠤᠴᠠᠭ᠎ᠠ ᠨᠢ 5 ᠵᠢᠯ ᠪᠣᠯᠤᠨ᠎ᠠ᠃ ᠵᠢᠩᠬᠢᠨᠢ ᠠᠩᠭᠢ ︵ᠲᠤᠰᠬᠠᠶ ᠮᠡᠷᠭᠡᠵᠢᠯ ᠤᠨ ᠡᠬᠢᠯᠡᠯᠲᠡ ᠶᠢᠨ ᠴᠡᠭ︶᠂ ᠲᠤᠰᠬᠠᠶ ᠮᠡᠷᠭᠡᠵᠢᠯ ᠤᠨ ᠲᠤᠰᠬᠠᠶ ᠮᠡᠷᠭᠡᠵᠢᠯ ᠤᠨ ᠬᠠᠮᠤᠭ ᠤᠨ ᠳᠣᠤᠷ᠎ᠠ ᠰᠤᠷᠬᠤ ᠬᠤᠭᠤᠴᠠᠭ᠎ᠠ ᠨᠢ ᠴᠥᠮ 2.5 ᠵᠢᠯ ᠪᠣᠯᠤᠨ᠎ᠠ᠃ ᠤᠯᠤᠰ ᠤᠨ ᠨᠡᠭᠡᠭᠡᠯᠲᠡ ᠶᠢᠨ ᠶᠡᠭᠡ ᠰᠤᠷᠭᠠᠭᠤᠯᠢ ᠨᠢ ᠰᠤᠷᠤᠯᠭ᠎ᠠ ᠶᠢᠨ ᠬᠤᠪᠢ ᠶᠢᠨ ᠳᠦᠷᠢᠮ ᠢ ᠬᠡᠷᠡᠭᠵᠢᠭᠦᠯᠵᠦ᠂ ᠰᠤᠷᠤᠭᠴᠢᠳ ᠰᠤᠷᠭᠠᠭᠤᠯᠢ ᠶᠢᠨ ᠬᠠᠷᠢᠶᠠᠯᠠᠯ ᠤᠨ ᠬᠦᠴᠦᠨ ᠲᠠᠢ ᠬᠤᠭᠤᠴᠠᠭᠠᠨ ᠳᠣᠲᠣᠷ᠎ᠠ ᠲᠣᠭᠲᠠᠭᠠᠭᠰᠠᠨ ᠲᠡᠭᠦᠰᠬᠦ ᠰᠤᠷᠤᠭᠴᠢᠳ ᠤᠨ ᠬᠡᠷᠡᠭᠰᠡᠬᠦ ᠰᠤᠷᠤᠯᠭ᠎ᠠ ᠶᠢᠨ ᠬᠤᠪᠢ ᠶᠢ ᠣᠯᠵᠤ᠂ ᠦᠵᠡᠯ ᠰᠠᠨᠠᠭ᠎ᠠ ᠶᠣᠰᠣ ᠮᠣᠷᠠᠯ ᠤᠨ ᠬᠢᠨᠠᠨ ᠲᠣᠭᠲᠠᠭᠠᠯᠲᠠ ᠨᠢ ᠱᠠᠭᠠᠷᠳᠠᠯᠭ᠎ᠠ ᠳᠤ ᠨᠡᠶᠢᠴᠡᠵᠦ᠂ ᠲᠡᠭᠦᠰᠬᠦ ᠶᠢ ᠵᠥᠪᠰᠢᠶᠡᠷᠡᠬᠦ ᠬᠡᠷᠡᠭᠲᠡᠶ᠃ ᠲᠡᠭᠦᠰᠬᠦ ᠦᠨᠡᠮᠯᠡᠯ ᠨᠢ ᠰᠤᠷᠭᠠᠨ ᠬᠥᠮᠦᠵᠢᠯ ᠤᠨ ᠶᠠᠮᠤᠨ ᠤ ᠰᠤᠷᠤᠯᠭ᠎ᠠ ᠶᠢᠨ ᠨᠠᠮᠲᠠᠷ ᠤᠨ ᠦᠨᠡᠮᠯᠡᠯ ᠢ ᠪᠠᠶᠢᠴᠠᠭᠠᠨ ᠯᠠᠪᠯᠠᠬᠤ ᠰᠦᠯᠵᠢᠶ᠎ᠡ - ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠤᠯᠴᠠᠯᠭ᠎ᠠ ᠶᠢᠨ ᠮᠡᠳᠡᠭᠡ ᠵᠠᠩᠭᠢ ᠶᠢᠨ ᠰᠦᠯᠵᠢᠶ᠎ᠡ ︵www.chsi.com.cn︶ ᠶᠢ ᠪᠠᠶᠢᠴᠠᠭᠠᠨ ᠯᠠᠪᠯᠠᠵᠤ ᠪᠣᠯᠤᠨ᠎ᠠ᠃ ᠵᠢᠩᠬᠢᠨᠢ ᠠᠩᠭᠢ ᠶᠢᠨ ᠰᠤᠷᠤᠭᠴᠢ ᠳᠣᠤᠷᠠᠬᠢ ᠨᠥᠬᠦᠴᠡᠯ ᠳᠤ ᠨᠡᠶᠢᠴᠡᠪᠡᠯ᠂ ᠡᠷᠳᠡᠮ ᠤᠨ ᠴᠣᠯᠠ ᠣᠯᠭᠤᠵᠤ ᠪᠣᠯᠤᠨ᠎ᠠ᠄ 1᠂ ᠵᠠᠪᠠᠯ ᠰᠤᠷᠬᠤ ᠬᠢᠴᠢᠶᠡᠯ ᠤᠨ ᠳᠤᠮᠳᠠᠴᠢ ᠬᠢᠷᠢ ᠪᠦᠲᠦᠮᠵᠢ 75 ᠬᠤᠪᠢ ᠠᠴᠠ ᠳᠡᠭᠡᠭᠰᠢ 2᠂ ᠡᠷᠳᠡᠮ ᠤᠨ ᠴᠣᠯᠠ ᠶᠢᠨ ᠥᠭᠦᠯᠡᠯ ᠤᠨ ᠬᠢᠷᠢ ᠪᠦᠲᠦᠮᠵᠢ ᠰᠠᠶᠢᠨ ︵ᠪᠤᠶᠤ 80︶︔ ᠤᠯᠤᠰ ᠤᠨ ᠨᠡᠭᠡᠭᠡᠯᠲᠡᠲᠦ ᠶᠡᠭᠡ ᠰᠤᠷᠭᠠᠭᠤᠯᠢ ᠶᠢᠨ ᠣᠶᠤᠲᠠᠨ ᠡᠷᠳᠡᠮ ᠤᠨ ᠴᠣᠯᠠ ᠶᠢᠨ ᠠᠩᠭ᠍ᠯᠢ ᠬᠡᠯᠡᠨ ᠤ ᠰᠢᠯᠭᠠᠯᠲᠠ ᠪᠠᠷ ᠳᠠᠮᠵᠢᠨ᠂ ᠬᠢᠷᠢ ᠪᠦᠲᠦᠮᠵᠢ ᠨᠢ ᠬᠢᠷᠢ ᠲᠡᠩᠴᠡᠭᠰᠡᠨ ︵2︶ ᠨᠠᠰᠤᠨ ᠳᠤ ᠬᠦᠷᠦᠭᠰᠡᠳ ᠤᠨ ᠵᠢᠩᠬᠢᠨᠢ ᠠᠩᠭᠢ ᠶᠢᠨ ᠣᠶᠤᠲᠠᠨ ᠡᠷᠳᠡᠮ ᠤᠨ ᠴᠣᠯᠠ ᠶᠢᠨ ᠠᠩᠭ᠍ᠯᠢ ᠬᠡᠯᠡᠨ ᠤ ᠰᠢᠯᠭᠠᠯᠲᠠ ︵3︶ ᠪᠤᠶᠤ ᠲᠡᠭᠦᠨ ᠠᠴᠠ ᠳᠡᠭᠡᠭᠰᠢᠬᠢ ︵4︶ ᠤᠯᠤᠰ ᠤᠨ ᠶᠡᠭᠡ ᠰᠤᠷᠭᠠᠭᠤᠯᠢ ᠶᠢᠨ ᠠᠩᠭ᠍ᠯᠢ ᠬᠡᠯᠡ ︵PE T S - 3︶ ᠪᠤᠶᠤ ᠲᠡᠭᠦᠨ ᠠᠴᠠ ᠳᠡᠭᠡᠭᠰᠢᠬᠢ ︵4 ︶ ᠤᠯᠤᠰ ᠤᠨ ᠶᠡᠭᠡ ᠰᠤᠷᠭᠠᠭᠤᠯᠢ ᠶᠢᠨ ᠠᠩᠭ᠍ᠯᠢ ᠬᠡᠯᠡ ︵ᠪᠤᠰᠤᠳ ᠬᠡᠯᠡᠨ ᠤ ᠬᠢᠷᠢ ᠲᠦᠪᠰᠢᠨ ᠤ ᠰᠢᠯᠭᠠᠯᠲᠠ ︵METS︶ ᠨᠢ ᠭᠤᠷᠪᠠᠳᠤᠭᠠᠷ ᠳᠡᠰ ᠠᠴᠠ ᠳᠡᠭᠡᠭᠰᠢᠬᠢ ᠰᠤᠷᠭᠠᠭᠤᠯᠢ ᠲᠡᠭᠦᠰᠦᠭᠰᠡᠨ ᠦᠨᠡᠮᠯᠡᠯ ᠤᠨ ᠡᠷᠳᠡᠮ ᠤᠨ ᠴᠣᠯᠠ ᠶᠢᠨ ᠦᠨᠡᠮᠯᠡᠯ ᠤᠨ ᠦᠵᠡᠭᠦᠯᠭᠡ ᠵᠢᠷᠤᠭ      ᠨᠡᠷ᠎ᠡ ᠮᠡᠳᠡᠭᠦᠯᠬᠦ ᠴᠠᠭ᠄ ᠪᠥᠬᠦ ᠵᠢᠯ ᠳᠤ ᠵᠥᠪᠯᠡᠯᠭᠡ ᠥᠭᠬᠦ᠂ ᠨᠡᠷ᠎ᠡ ᠮᠡᠳᠡᠭᠦᠯᠬᠦ 2᠂ ᠨᠡᠷ᠎ᠡ ᠮᠡᠳᠡᠭᠦᠯᠬᠦ ᠭᠠᠵᠠᠷ ᠄ ᠵᠦᠸᠧᠽᠢ ᠰᠢᠶᠠᠨ ᠤ ᠨᠠᠮ ᠤᠨ ᠰᠤᠷᠭᠠᠭᠤᠯᠢ ᠶᠢᠨ ᠨᠡᠭᠡᠭᠡᠯᠲᠡᠲᠦ ᠰᠤᠷᠭᠠᠨ ᠬᠥᠮᠦᠵᠢᠯ ᠤᠨ ᠠᠯᠪᠠᠨ ᠬᠡᠷ ᠤᠨ 3᠂ ᠬᠠᠷᠢᠯᠴᠠᠬᠤ ᠬᠥᠮᠦᠨ ᠵᠢᠴᠢ ᠬᠠᠷᠢᠯᠴᠠᠬᠤ ᠤᠲᠠᠰᠤ᠄ ᠵᠦ ᠪᠠᠭᠰᠢ᠄ 1584840901 ᠸᠠᠩ ᠪᠠᠭᠰᠢ᠄ 155481577174᠂ ᠨᠡᠷ᠎ᠡ ᠮᠡᠳᠡᠭᠦᠯᠬᠦ ᠬᠢᠨᠠᠯᠲᠠ ᠶᠢᠨ ᠤᠲᠠᠰᠤ᠄ 0474 - 8302660
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2