ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠦᠨᠡᠨ ᠬᠦ ᠰᠠᠶᠢᠲᠤᠷ ᠬᠢᠵᠦ᠂ | ᠮᠠᠰᠢᠨ ᠲᠡᠷᠭᠡ ᠪᠠᠷ ᠲᠡᠷᠭᠡ ᠵᠢᠯᠣᠭᠤᠳᠬᠤ ᠬᠥᠮᠦᠰ ᠤᠨ ᠠᠮᠤᠷ ᠲᠦᠪᠰᠢᠨ ᠤ ᠪᠦᠰᠡ ᠶᠢ ᠵᠢᠷᠤᠮᠵᠢᠭᠤᠯᠤᠨ | ᠬᠡᠷᠡᠭᠯᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠮᠤᠷ ᠲᠦᠪᠰᠢᠨ ᠤ ᠪᠦᠰᠡ ᠪᠠᠨ ᠤᠬᠠᠮᠰᠠᠷ ᠠᠴᠠ ᠪᠠᠨ | ᠰᠠᠶᠢᠲᠤᠷ ᠬᠤᠯᠪᠣᠬᠤ ᠰᠠᠶᠢᠨ ᠰᠠᠶᠢᠬᠠᠨ ᠵᠠᠮ ᠬᠠᠷᠢᠯᠴᠠᠭᠠᠨ ᠤ ᠳᠠᠳᠬᠠᠯ ᠢ ᠪᠣᠶ ᠪᠣᠯᠭᠠᠵᠤ᠂ ᠲᠡᠷᠭᠡ ᠵᠢᠯᠣᠭᠤᠳᠬᠤ | ᠬᠥᠮᠦᠰ ᠲᠤ ᠠᠮᠤᠷ ᠲᠦᠪᠰᠢᠨ ᠤ ᠪᠦᠰᠡ ᠵᠡᠭᠦᠬᠦ ᠤᠬᠠᠮᠰᠠᠷ ᠢ ᠳᠡᠭᠡᠭᠰᠢᠯᠡᠭᠦᠯᠦᠨ᠂ ᠵᠠᠮ ᠬᠠᠷᠢᠯᠴᠠᠭᠠᠨ ᠤ ᠠᠮᠤᠷ | ᠲᠦᠪᠰᠢᠨ ᠤ ᠳᠠᠯᠳᠠ ᠬᠡᠮ ᠢ ᠠᠷᠢᠯᠭᠠᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ | ᠬᠠᠷᠢᠯᠴᠠᠭᠠᠨ ᠤ ᠠᠮᠤᠷ ᠲᠦᠪᠰᠢᠨ ᠤ ᠬᠠᠤᠯᠢ︾᠂ ︽ᠥᠪᠥᠷ ᠮᠣᠩᠭᠤᠯ ᠤᠨ ︿ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ﹀ ᠶᠢ ᠬᠡᠷᠡᠭᠵᠢᠭᠦᠯᠬᠦ ᠠᠷᠭ᠎ᠠ︾ ᠵᠡᠷᠭᠡ | ᠬᠠᠮᠢᠶ᠎ᠠ ᠪᠥᠬᠦᠶ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠪᠡᠯ᠂ ᠲᠣᠰ ᠡᠳᠦᠷ ᠠᠴᠠ ᠡᠬᠢᠯᠡᠨ ᠵᠦᠸᠧᠽᠢ | ᠰᠢᠶᠠᠨ ᠤ ᠬᠠᠷᠢᠶ᠎ᠠ ᠣᠷᠣᠨ ᠳᠤ ᠮᠠᠰᠢᠨᠲᠤ ᠲᠡᠷᠭᠡ ᠵᠢᠯᠣᠭᠤᠳᠬᠤ ᠬᠥᠮᠦᠰ ᠠᠮᠤᠷ ᠲᠦᠪᠰᠢᠨ ᠤ ᠪᠦᠰᠡ ᠪᠦᠰᠡᠯᠡᠬᠦ | ᠥᠬᠡᠶ ᠪᠠᠷ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠡᠳᠦᠭᠡ ᠬᠤᠯᠪᠣᠭᠳᠠᠯ ᠪᠥᠬᠦᠶ ᠤᠴᠢᠷ | ᠶᠠᠪᠤᠳᠠᠯ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠴᠡᠭᠴᠡᠯᠡᠨ ᠵᠠᠰᠠᠬᠤ ᠠᠭᠤᠯᠭ᠎ᠠ | ︵ᠨᠢᠭᠡ︶ ᠲᠣᠰ ᠵᠠᠷᠯᠠᠯ ᠤᠨ ᠵᠢᠭᠠᠵᠤ ᠪᠠᠶᠢᠭ᠎ᠠ ᠮᠠᠰᠢᠨᠲᠤ ᠲᠡᠷᠭᠡᠨ ᠳᠤ ᠰᠠᠭᠤᠬᠤ ᠬᠥᠮᠦᠰ ᠲᠤ ᠮᠠᠰᠢᠨᠲᠤ | ᠲᠡᠷᠭᠡᠨ ᠤ ᠵᠢᠯᠣᠭᠤᠴᠢ᠂ ᠲᠡᠷᠭᠡᠨ ᠳᠤ ᠰᠠᠭᠤᠬᠤ ᠬᠥᠮᠦᠰ | ︵ᠬᠤᠶᠠᠷ︶᠂ ᠲᠣᠰ ᠵᠠᠷᠯᠠᠯ ᠳᠤ ᠵᠢᠭᠠᠵᠤ ᠪᠠᠶᠢᠭ᠎ᠠ ᠲᠡᠷᠭᠡᠨ ᠳᠤ ᠰᠠᠭᠤᠬᠤ ᠬᠥᠮᠦᠰ ᠲᠤ ᠮᠠᠰᠢᠨᠲᠤ ᠲᠡᠷᠭᠡᠨ ᠤ | ᠵᠢᠯᠣᠭᠤᠴᠢ᠂ ᠲᠡᠷᠭᠡᠨ ᠳᠤ ᠰᠠᠭᠤᠬᠤ ᠬᠥᠮᠦᠰ ︵ᠵᠢᠵᠢᠭ ᠬᠡᠯᠪᠡᠷᠢ ᠶᠢᠨ ᠮᠠᠰᠢᠨᠲᠤ ᠲᠡᠷᠭᠡᠨ ᠤ ᠠᠷᠤ ᠲᠠᠯ᠎ᠠ ᠶᠢᠨ | ᠲᠡᠷᠭᠡᠨ ᠳᠤ ᠰᠠᠭᠤᠬᠤ ᠬᠥᠮᠦᠰ ᠢ ᠪᠠᠭᠲᠠᠭᠠᠨ᠎ᠠ︔ ᠪᠠᠷᠠᠭᠠᠨ ᠤ ᠲᠡᠭᠡᠭᠡᠪᠦᠷᠢ ᠶᠢᠨ ᠲᠡᠷᠭᠡ᠂ ᠮᠢᠶᠠᠨᠪᠣᠤ ᠲᠡᠷᠭᠡ᠂ ᠲᠣᠮᠣ | ᠬᠡᠯᠪᠡᠷᠢ ᠶᠢᠨ ᠠᠶᠠᠨᠴᠢᠳ ᠤᠨ ᠲᠡᠷᠭᠡᠨ ᠳᠤ ᠰᠠᠭᠤᠬᠤ ᠬᠥᠮᠦᠰ ᠢ ᠪᠠᠭᠲᠠᠭᠠᠨ᠎ᠠ︔ | ︵ᠭᠤᠷᠪᠠ︶ ᠡᠵᠡᠩᠨᠡᠯᠲᠡ ᠶᠢᠨ ᠲᠡᠷᠭᠡ ᠵᠢᠯᠣᠭᠤᠳᠬᠤ ᠵᠢᠯᠣᠭᠤᠴᠢ ᠳᠤ ᠮᠡᠳᠡᠭᠳᠡᠬᠦ ᠬᠠᠷᠢᠭᠤᠴᠠᠯᠭ᠎ᠠ ᠵᠢᠴᠢ | ᠡᠭᠦᠷᠭᠡ ᠲᠠᠢ ᠪᠥᠭᠡᠳ ᠲᠡᠭᠦᠨ ᠳᠤ ᠬᠠᠪᠰᠤᠷᠤᠨ ᠠᠮᠤᠷ ᠲᠦᠪᠰᠢᠨ ᠤ ᠪᠦᠰᠡ ᠶᠢ ᠰᠠᠶᠢᠲᠤᠷ ᠵᠡᠭᠦᠬᠦ ᠬᠡᠷᠡᠭᠲᠡᠶ᠃ | ᠬᠤᠶᠠᠷ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ | ︵ᠨᠢᠭᠡ︶ ᠲᠣᠰ ᠵᠠᠷᠯᠠᠯ ᠤᠨ ᠲᠣᠭᠲᠠᠭᠠᠯ ᠠᠴᠠ ᠵᠥᠷᠢᠴᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ | ᠲᠦᠪᠰᠢᠨ ᠤ ᠬᠠᠤᠯᠢ︾᠂ ︽ᠥᠪᠥᠷ ᠮᠣᠩᠭᠤᠯ ᠤᠨ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ | ᠬᠠᠷᠢᠯᠴᠠᠭᠠᠨ ᠤ ᠠᠮᠤᠷ ᠲᠦᠪᠰᠢᠨ ᠤ ᠬᠠᠤᠯᠢ﹀ ᠶᠢ ᠬᠡᠷᠡᠭᠵᠢᠭᠦᠯᠬᠦ ᠠᠷᠭ᠎ᠠ︾ ᠵᠡᠷᠭᠡ ᠬᠠᠮᠢᠶ᠎ᠠ ᠪᠥᠬᠦᠶ ᠬᠠᠤᠯᠢ | ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠰᠢᠢᠳᠭᠡᠨ ᠲᠣᠷᠭᠠᠨ᠎ᠠ︔ | ︵ᠬᠤᠶᠠᠷ︶ ᠬᠠᠤᠯᠢ ᠬᠡᠷᠡᠭᠵᠢᠭᠦᠯᠬᠦ ᠠᠵᠢᠯᠲᠠᠨ ᠤ ᠠᠯᠪᠠᠨ ᠶᠠᠪᠤᠳᠠᠯ ᠭᠦᠢᠴᠡᠳᠬᠡᠬᠦ ᠶᠢ ᠲᠡᠪᠴᠢᠭᠰᠡᠨ᠂ | ᠡᠰᠡᠷᠭᠦᠴᠡᠵᠦ᠂ ᠬᠠᠷᠢᠶᠠᠬᠤ ᠪᠠ ᠬᠠᠷᠰᠢᠯᠳᠤᠭᠰᠠᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠭᠡᠨ ᠲᠣᠷᠭᠠᠬᠤ ᠬᠠᠤᠯᠢ︾ ᠶᠢ ᠦᠨᠳᠦᠰᠦᠯᠡᠨ | ᠰᠢᠢᠳᠭᠡᠨ ᠲᠣᠷᠭᠠᠵᠤ᠂ ᠦᠢᠯᠡ ᠪᠠᠶᠢᠳᠠᠯ ᠨᠢ ᠬᠦᠨᠳᠦ ᠨᠣᠴᠢᠲᠠᠶ ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ | ᠶᠣᠰᠣᠭᠠᠷ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠭᠤᠷᠪᠠ᠂ ᠴᠡᠭᠴᠡᠯᠡᠨ ᠵᠠᠰᠠᠬᠤ ᠴᠠᠭ ᠢ ᠵᠠᠷᠯᠠᠨ ᠨᠡᠶᠢᠲᠡᠯᠡᠭᠰᠡᠨ ᠡᠳᠦᠷ ᠠᠴᠠ ᠡᠬᠢᠯᠡᠨ᠂ ᠪᠠᠶᠢᠩᠭᠤᠵᠢᠭᠤᠯᠤᠨ | ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ᠃ ᠥᠷᠭᠡᠨ ᠤᠯᠠᠨ ᠬᠤᠳᠠ ᠶᠢᠨ ᠠᠷᠠᠳ ᠳᠣᠲᠣᠭᠠᠳᠤ ᠶᠢ ᠬᠠᠮᠠᠭᠠᠯᠠᠬᠤ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠵᠤ᠂ ᠵᠠᠮ ᠬᠠᠷᠢᠯᠴᠠᠭᠠᠨ ᠤ | ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠵᠠᠮ | ᠬᠠᠷᠢᠯᠴᠠᠭᠠᠨ ᠤ ᠮᠠᠭᠤ ᠳᠠᠳᠬᠠᠯ ᠢ ᠲᠠᠶᠠᠭᠳᠠᠵᠤ᠂ ᠠᠮᠤᠷ ᠲᠦᠪᠰᠢᠨ᠂ ᠬᠠᠤᠯᠢ ᠶᠢ ᠰᠠᠬᠢᠬᠤ᠂ ᠪᠣᠯᠪᠠᠰᠤᠨ ᠢᠶᠠᠷ | ᠭᠠᠳᠠᠭᠰᠢ ᠭᠠᠷᠴᠤ᠂ ᠮᠠᠨ ᠤ ᠰᠢᠶᠠᠨ ᠤ ᠠᠮᠤᠷ ᠲᠦᠪᠰᠢᠨ᠂ ᠰᠠᠭᠠᠳ ᠦᠭᠡᠢ᠂ ᠡᠮᠬᠢ ᠵᠢᠷᠤᠮ ᠲᠠᠢ᠂ ᠪᠣᠯᠪᠠᠰᠤᠨ | ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠬᠠᠮᠲᠤᠪᠠᠷ ᠴᠢᠷᠮᠠᠶᠢᠨ ᠪᠤᠢ ᠪᠣᠯᠭᠠᠬᠤ ᠬᠡᠷᠡᠭᠲᠡᠢ᠃ ᠡᠭᠦᠨ ᠤ ᠲᠤᠯᠠ | ᠣᠨᠴᠠᠭᠠᠶᠢᠯᠠᠨ ᠵᠠᠷᠯᠠᠪᠠ | ᠵᠦᠸᠧᠽᠢ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ | 2025 ᠣᠨ ᠤ 3 ᠰᠠᠷ᠎ᠠ ᠶᠢᠨ 6 ᠤ ᠡᠳᠦᠷ | |