ᠮᠥᠩᠭᠦᠨ ᠭᠦᠢᠯᠭᠡᠭᠡᠨ ᠤ ᠬᠡᠷᠡᠭᠯᠡᠭᠴᠢᠳ ᠤᠨ ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠠᠶᠤᠯ | ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠮᠥᠩᠭᠦᠨ ᠭᠦᠢᠯᠭᠡᠭᠡᠨ ᠤ | ᠬᠡᠷᠡᠭᠯᠡᠭᠡᠨ ᠤ ᠣᠷᠴᠢᠨ ᠲᠣᠭᠤᠷᠢᠨ ᠢ ᠡᠶ᠎ᠡ ᠵᠣᠬᠢᠴᠠᠯ ᠲᠠᠢ ᠲᠣᠭᠲᠠᠭᠤᠨ ᠪᠠᠶᠢᠯᠭᠠᠬᠤ ᠶᠢᠨ ᠲᠥᠯᠥᠭᠡ᠂ 3 ᠰᠠᠷ᠎ᠠ ᠶᠢᠨ | 12 ᠤᠨ ᠡᠳᠦᠷ᠂ ᠵᠦᠸᠧᠽᠢ ᠰᠢᠶᠠᠨ ᠤ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠪᠤᠷᠢ | ᠲᠣᠪᠴᠢᠶ᠎ᠠ᠂ ᠵᠦᠸᠧᠽᠢ ᠰᠢᠶᠠᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ ᠵᠢᠴᠢ ᠰᠢᠶᠠᠨ ᠤ ᠳᠣᠲᠣᠷᠠᠬᠢ | ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠬᠠᠮᠲᠤᠷᠠᠨ ︽ᠮᠥᠩᠭᠦᠨ ᠭᠦᠢᠯᠭᠡᠭᠡᠨ ᠤ ᠡᠷᠬᠡ ᠠᠰᠢᠭ ᠢ ᠪᠠᠲᠤᠯᠠᠵᠤ | ᠰᠠᠶᠢᠨ ᠰᠠᠶᠢᠬᠠᠨ ᠠᠮᠢᠳᠤᠷᠠᠯ ᠳᠤ ᠬᠦᠴᠦᠨ ᠨᠡᠮᠡᠷᠢᠯᠡᠶ᠎ᠡ︾ ᠭᠡᠬᠦ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ | ᠥᠷᠨᠢᠭᠦᠯᠪᠡ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠰᠦᠷᠦᠨᠭᠤᠸᠠ ᠠᠵᠢᠯᠯᠠᠭ᠎ᠠ ᠳᠤ ᠣᠷᠣᠯᠴᠠᠵᠤ | ᠶᠠᠷᠢᠶ᠎ᠠ ᠲᠠᠯᠪᠢᠪᠠ᠃ | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠨᠠᠰᠢ ᠴᠠᠰᠢ ᠶᠠᠪᠤᠵᠤ ᠪᠠᠶᠢᠭ᠎ᠠ ᠤᠯᠠᠨ ᠲᠦᠮᠡᠨ ᠳᠤ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠬᠠᠳᠠᠭᠠᠯᠠᠮᠵᠢ ᠶᠢᠨ ᠳᠠᠭᠠᠳᠬᠠᠯ ᠤᠨ ᠲᠦᠷᠢᠮ᠂ ᠮᠥᠩᠭᠦᠨ | ᠭᠦᠢᠯᠭᠡᠭᠡᠨ ᠤ ᠠᠮᠤᠷ ᠲᠦᠪᠰᠢᠨ᠂ ᠮᠡᠬᠡᠯᠡᠯ ᠢ ᠡᠰᠡᠷᠭᠦᠴᠡᠬᠦ ᠠᠷᠭ᠎ᠠ ᠪᠠᠷᠢᠯ ᠵᠡᠷᠭᠡ ᠮᠡᠳᠡᠯᠭᠡ ᠶᠢ ᠲᠠᠶᠢᠯᠪᠤᠷᠢᠯᠠᠵᠤ᠂ | ᠬᠡᠷᠡᠭᠯᠡᠭᠴᠢᠳ ᠢ ᠬᠦᠳᠦᠯᠦᠨ ᠵᠢᠯᠣᠭᠤᠳᠴᠤ ᠪᠠᠶᠢᠭᠠᠳ ᠡᠯ᠎ᠡ ᠲᠦᠷᠦᠯ ᠤᠨ ᠬᠠᠤᠯᠢ ᠪᠤᠰᠤ ᠮᠥᠩᠭᠦᠨ ᠭᠦᠢᠯᠭᠡᠭᠡᠨ ᠤ | ᠠᠵᠢᠯᠯᠠᠭ᠎ᠠ ᠠᠴᠠ ᠪᠦᠲᠦᠮᠵᠢᠲᠡᠢ ᠢᠯᠭᠠᠨ ᠲᠠᠨᠢᠭᠤᠯᠬᠤ ᠶᠢᠨ ᠬᠠᠮᠲᠤ ᠬᠤᠯᠠ ᠵᠠᠶᠢᠳᠠᠭᠤᠯᠵᠠᠢ᠃ ᠢᠲᠡᠭᠡᠮᠵᠢ ᠶᠢᠨ | ᠬᠤᠯᠪᠣᠭᠠᠲᠤ ᠬᠤᠷᠰᠢᠶ᠎ᠠ᠂ ᠲᠠᠷᠢᠶᠠᠯᠠᠩ ᠤᠨ ᠪᠠᠩᠬᠢ᠂ ᠦᠢᠯᠡᠳᠪᠦᠷᠢ ᠬᠤᠳᠠᠯᠳᠤᠭᠠᠨ ᠤ ᠪᠠᠩᠬᠢ ᠵᠡᠷᠭᠡ ᠮᠥᠩᠭᠦᠨ | ᠭᠦᠢᠯᠭᠡᠭᠡᠨ ᠤ ᠪᠠᠶᠢᠭᠤᠯᠤᠮᠵᠢ ᠪᠠᠰᠠ ᠴᠠᠷᠭᠢᠯ ᠬᠤᠯᠪᠣᠭ᠎ᠠ᠂ ᠰᠢᠯᠦᠭ ᠤᠶᠠᠩᠭᠠᠯᠠᠬᠤ᠂ ᠭᠤᠷᠪᠠᠨ ᠥᠭᠦᠯᠡᠪᠦᠷᠢ ᠬᠠᠭᠠᠰ | ᠵᠡᠷᠭᠡ ᠫᠷᠤᠭ᠍ᠷᠠᠮ ᠢ ᠨᠠᠷᠢᠨ ᠨᠢᠮᠪᠠᠶ ᠨᠠᠶᠢᠷᠠᠭᠤᠯᠤᠨ ᠵᠢᠭᠰᠠᠭᠠᠵᠤ᠂ ᠮᠥᠩᠭᠦᠨ ᠭᠦᠢᠯᠭᠡᠭᠡᠨ ᠤ ᠡᠷᠬᠡ ᠠᠰᠢᠭ ᠢ | ᠬᠠᠮᠠᠭᠠᠯᠠᠬᠤ ᠪᠠ ᠬᠠᠳᠠᠭᠠᠯᠠᠮᠵᠢ ᠶᠢᠨ ᠳᠠᠭᠠᠳᠬᠠᠯ ᠤᠨ ᠮᠡᠳᠡᠯᠭᠡ ᠶᠢ ᠲᠡᠭᠦᠨ ᠳᠤ ᠠᠭᠤᠰᠤᠯᠴᠠᠭᠤᠯᠵᠤ᠂ ᠬᠢᠯᠪᠠᠷ | ᠣᠶᠢᠯᠠᠭᠠᠮᠵᠢᠲᠠᠶ᠂ ᠦᠵᠡᠵᠦ ᠰᠣᠨᠣᠰᠬᠤ ᠳᠤᠷᠠᠲᠠᠶ ᠬᠡᠯᠪᠡᠷᠢ ᠪᠠᠷ ᠣᠯᠠᠨ ᠲᠦᠮᠡᠨ ᠤ ᠳᠡᠷᠭᠡᠳᠡ ᠬᠦᠷᠭᠡᠪᠡ᠃ | ᠰᠢᠶᠠᠨ ᠤ ᠤᠯᠠᠭᠠᠨᠮᠥ᠋ᠴᠢᠷ ᠲᠤᠬᠠᠢ ᠶᠢᠨ ᠲᠠᠯᠠᠪᠠᠢ ᠳᠤ ᠳᠠᠭᠤᠤ᠂ ᠪᠥᠵᠢᠭ᠂ ᠡᠯ ᠷᠧᠨ ᠲᠠᠢ ᠵᠡᠷᠭᠡ ᠲᠣᠭᠯᠠᠯᠲᠠ | ᠭᠠᠷᠭᠠᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠵᠤ᠂ ᠠᠯᠠᠭ᠎ᠠ | ᠲᠠᠰᠢᠯᠳᠠ ᠶᠢᠨ ᠲᠠᠭᠤᠨ ᠲᠠᠰᠤᠷᠠᠯᠳᠡ ᠦᠭᠡᠢ ᠶᠠᠪᠤᠭᠳᠠᠪᠠ᠃ | | ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠮᠠᠨ ᠤ ᠰᠢᠶᠠᠨ ᠤ ᠥᠷᠭᠡᠨ ᠣᠯᠠᠨ ᠲᠦᠮᠡᠨ ᠤ | ᠬᠡᠷᠡᠭᠯᠡᠭᠡᠨ ᠤ ᠡᠷᠬᠡ ᠠᠰᠢᠭ ᠢᠶᠠᠨ ᠬᠠᠮᠠᠭᠠᠯᠠᠬᠤ ᠤᠬᠠᠮᠰᠠᠷ ᠪᠠ ᠠᠶᠤᠯ ᠲᠦᠭᠰᠢᠭᠦᠷᠢ ᠶᠢᠨ ᠬᠠᠷᠢᠭᠤᠴᠠᠯᠭ᠎ᠠ ᠶᠢᠨ | ᠤᠬᠠᠮᠰᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ | ᠬᠠᠮᠲᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠵᠠᠬ᠎ᠠ ᠳᠡᠯᠭᠡᠭᠦᠷ ᠤᠨ | ᠠᠵᠤ ᠠᠬᠤᠶ ᠶᠢᠨ ᠠᠮᠢᠵᠢᠷᠠᠯ ᠤᠨ ᠬᠦᠴᠦᠨ ᠢ ᠠᠬᠢᠭᠤᠯᠤᠨ᠂ ᠬᠡᠷᠡᠭᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ ᠲᠠᠰ | ᠳᠡᠪᠰᠢᠭᠦᠯᠬᠦ ᠶᠢ ᠠᠬᠢᠭᠤᠯᠵᠤ᠂ ᠵᠦᠸᠧᠽᠢ ᠠᠵᠤ ᠠᠬᠤᠶ ᠶᠢᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠳᠤ | ᠬᠦᠴᠦᠨ ᠨᠡᠮᠡᠷᠢᠯᠡᠪᠡ᠃ | | ᠵᠦᠸᠧᠽᠢ ᠰᠢᠶᠠᠨ ᠤ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠪᠤᠷᠢ ᠲᠣᠪᠴᠢᠶᠠᠨ ᠤ | ᠳᠠᠷᠤᠭ᠎ᠠ ᠸᠠᠩ ᠭᠦᠸᠧ ᠴᠢᠩ | ᠵᠦᠸᠧᠽᠢ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠪᠤᠷᠢ ᠲᠣᠪᠴᠢᠶ᠎ᠠ ︽ᠮᠥᠩᠭᠦᠨ | ᠭᠦᠢᠯᠭᠡᠭᠡᠨ ᠤ ᠡᠷᠬᠡ ᠠᠰᠢᠭ ᠢ ᠪᠠᠲᠤᠯᠠᠵᠤ᠂ ᠰᠠᠶᠢᠨ ᠰᠠᠶᠢᠬᠠᠨ ᠠᠮᠢᠳᠤᠷᠠᠯ ᠳᠤ ᠬᠦᠴᠦᠨ ᠨᠡᠮᠡᠷᠢᠯᠡᠵᠦ᠂ ᠡᠷᠬᠡ | ᠠᠰᠢᠭ ᠢ ᠬᠠᠮᠠᠭᠠᠯᠠᠬᠤ︾ ᠭᠤᠤᠯ ᠰᠡᠳᠦᠪ ᠤᠨ ᠲᠣᠭᠤᠷᠢᠨ ᠳᠤ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠡᠷᠡᠭᠯᠡᠭᠴᠢᠳ ᠤᠨ ᠬᠠᠤᠯᠢ ᠶᠣᠰᠣᠨ ᠤ | ᠡᠷᠬᠡ ᠠᠰᠢᠭ ᠢ ᠦᠨᠡᠨᠬᠦ ᠰᠠᠶᠢᠲᠤᠷ ᠬᠠᠮᠠᠭᠠᠯᠠᠨ᠎ᠠ᠃ ᠰᠠᠶᠢᠨ ᠰᠠᠶᠢᠬᠠᠨ ᠡᠵᠡᠩᠨᠡᠯᠲᠡ ᠶᠢᠨ ᠣᠷᠴᠢᠨ ᠲᠣᠭᠤᠷᠢᠨ ᠢ | ᠲᠠᠰᠤᠷᠠᠯᠲᠠ ᠦᠭᠡᠢ ᠪᠤᠢ ᠪᠣᠯᠭᠠᠵᠤ᠂ ᠵᠦᠸᠧᠽᠢ ᠥᠷᠭᠡᠨ ᠤᠯᠠᠨ ᠬᠡᠷᠡᠭᠯᠡᠭᠴᠢᠳ ᠢ ᠨᠡᠩ ᠰᠠᠨᠠᠭ᠎ᠠ ᠠᠮᠤᠷ᠂ ᠨᠡᠩ | ᠰᠠᠨᠠᠭ᠎ᠠ ᠠᠮᠤᠷ ᠪᠣᠯᠭᠠᠨ᠎ᠠ᠃ | ᠨᠠᠶᠢᠷᠠᠭᠤᠯᠤᠭᠴᠢ ᠤᠷᠴᠢᠭᠤᠯᠤᠭᠴᠢ | ᠪᠠᠶᠠᠨᠪᠠᠲᠦ |