3 ᠰᠠᠷ᠎ᠠ ᠶᠢᠨ 19 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠥᠮᠦᠨ ᠠᠮᠠ ᠡᠬᠢ | ᠪᠠᠶᠠᠯᠢᠭ ᠣᠷᠴᠢᠨ ᠲᠣᠭᠤᠷᠢᠨ ᠪᠠ ᠬᠠᠤᠯᠢ ᠲᠦᠷᠢᠮ ᠤᠨ ᠵᠥᠪᠯᠡᠯ ᠤᠨ ᠡᠷᠬᠢᠯᠡᠭᠴᠢ ᠯᠢ ᠮᠠᠨ ᠵᠥᠩ ᠪᠠᠶᠢᠴᠠᠭᠠᠨ | ᠰᠤᠳᠤᠯᠬᠤ ᠳᠤᠭᠤᠶᠢᠯᠠᠩ ᠢ ᠳᠠᠭᠠᠭᠤᠯᠤᠨ ᠵᠦᠸᠧᠽᠢ ᠰᠢᠶᠠᠨ ᠳᠤ ᠭᠦᠨᠵᠡᠭᠡᠶᠢᠷᠡᠵᠦ᠂ ᠤᠰᠤᠨ ᠤ ᠣᠷᠴᠢᠨ | ᠲᠣᠭᠤᠷᠢᠨ ᠢ ᠵᠠᠰᠠᠬᠤ᠂ ᠬᠥᠷᠥᠰᠥ ᠰᠢᠷᠣᠶ ᠶᠢᠨ ᠪᠣᠬᠢᠷᠲᠤᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ᠂ ᠠᠭᠠᠷ | ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠵᠢᠴᠢ ᠰᠢᠰᠲ᠋ᠧᠮ ᠲᠠᠢ ᠵᠠᠰᠠᠬᠤ ᠵᠡᠷᠭᠡ ᠠᠵᠢᠯ ᠤᠨ ᠲᠤᠬᠠᠶ | ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠠ᠃ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ | ᠲᠡᠷᠢᠭᠦᠯᠡᠭᠴᠢ ᠪᠠᠶ ᡁᠢ ᠫᠢᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ | ᠣᠷᠳᠣᠨ ᠤ ᠳᠡᠳ᠋ ᠰᠢᠶᠠᠨ ᠤ ᠳᠠᠷᠤᠭ᠎ᠠ ᠵᠣᠣ ᠰᠣ᠋ ᠶᠠᠩ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠰᠢᠶᠠ ᠬᠤᠤ ᠶᠢᠩ ᠵᠢᠴᠢ ᠬᠤᠯᠪᠣᠭᠳᠠᠯ ᠪᠥᠬᠦᠶ ᠰᠢᠶᠠᠩ ᠪᠠᠯᠭᠠᠰᠤ ᠪᠣᠯᠤᠨ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠱᠢ ᠪᠠ ᠲᠠᠢ ᠪᠠᠯᠭᠠᠰᠤᠨ ᠤ ᠬᠠᠯᠠᠭᠠᠶᠢᠲᠤ ᠲᠣᠰᠬᠤᠨ | ᠂ ᠵᠦᠸᠧᠽᠢ ᠱᠠᠨ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠪᠣᠯᠤᠨ ᠭᠦᠸᠧ ᠴᠧᠩ ᠠᠵᠤ | ᠦᠢᠯᠡᠰ ᠤᠨ ᠳ᠋ᠠ ᠰᠦ ᠵᠢᠢ ᠮᠤᠯᠢᠪᠳᠧᠨ ᠤ ᠠᠭᠤᠷᠬᠠᠢ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠨᠤᠭᠤ ᠭᠠᠵᠠᠷ ᠢ | ᠬᠠᠮᠠᠭᠠᠯᠠᠬᠤ᠂ ᠬᠥᠳᠡᠯᠦᠩᠭᠦᠢ ᠬᠢᠨᠠᠨ ᠬᠡᠮᠵᠢᠯᠲᠡ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠠᠮᠢ | ᠠᠬᠤᠢ ᠶᠢ ᠰᠡᠷᠭᠦᠭᠡᠬᠦ᠂ ᠪᠣᠬᠢᠷ ᠤᠰᠤ ᠶᠢ ᠰᠢᠢᠳᠪᠦᠷᠢᠯᠡᠬᠦ ᠵᠢᠴᠢ ᠠᠭᠤᠷᠬᠠᠢ ᠶᠢ ᠵᠠᠰᠠᠬᠤ ᠵᠡᠷᠭᠡ ᠪᠠᠶᠢᠳᠠᠯ ᠢ | ᠭᠤᠣᠯᠳᠠᠯᠭ᠎ᠠ ᠲᠠᠢ ᠰᠢᠨᠵᠢᠯᠡᠨ ᠪᠠᠶᠢᠴᠠᠭᠠᠪᠠ᠃ | ᠬᠠᠯᠢᠲᠤ ᠲᠣᠰᠬᠤᠨ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠥᠳᠡᠭᠡ ᠲᠣᠰᠬᠤᠨ ᠤ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ | ᠬᠠᠮᠢᠶᠠᠷᠤᠨ ᠡᠵᠡᠮᠳᠡᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠵᠦᠸᠧᠽᠢ ᠱᠠᠨ ᠪᠠᠯᠭᠠᠰᠤᠨ ᠤ ᠪᠣᠬᠢᠷ ᠤᠰᠤ | ᠰᠢᠢᠳᠪᠦᠷᠢᠯᠡᠬᠦ ᠦᠢᠯᠡᠳᠪᠦᠷᠢ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠤᠲᠠ ᠪᠠᠯᠭᠠᠰᠤᠨ ᠤ ᠪᠣᠬᠢᠷ | ᠤᠰᠤᠨ ᠤ ᠬᠤᠭᠤᠯᠠᠢ ᠲᠣᠣᠷ ᠤᠨ ᠪᠦᠲᠦᠭᠡᠨ ᠪᠠᠶᠢᠭᠤᠯᠤᠯᠲᠠ ᠪᠣᠯᠣᠨ ᠥᠭᠡᠷᠡᠴᠢᠯᠡᠯᠲᠡ᠂ ᠪᠣᠬᠢᠷ ᠤᠰᠤᠨ ᠤ | ᠤᠷᠤᠰᠬᠠᠯ ᠲᠠᠰᠤᠯᠬᠤ ᠪᠣᠯᠣᠨ ᠴᠤᠭᠯᠠᠭᠤᠯᠤᠨ ᠰᠢᠢᠳᠪᠦᠷᠢᠯᠡᠬᠦ ᠵᠢᠴᠢ ᠮᠠᠯᠵᠢᠬᠤ ᠲᠠᠷᠢᠶᠠᠯᠠᠬᠤ ᠣᠷᠣᠨ ᠤ | ᠠᠮᠢᠳᠤᠷᠠᠯ ᠤᠨ ᠪᠣᠬᠢᠷ ᠤᠰᠤ ᠶᠢ ᠵᠠᠰᠠᠬᠤ ᠪᠣᠯᠣᠨ ᠡᠬᠢ ᠪᠠᠶᠠᠯᠢᠭᠵᠢᠭᠤᠯᠤᠨ ᠠᠰᠢᠭᠯᠠᠬᠤ ᠪᠠᠶᠢᠳᠠᠯ ᠢ | ᠭᠤᠣᠯᠳᠠᠯᠭ᠎ᠠ ᠲᠠᠢ ᠪᠠᠶᠢᠴᠠᠭᠠᠨ ᠦᠵᠡᠪᠡ᠃ ᠭᠦᠸᠧ ᠴᠧᠩ ᠠᠵᠤ ᠦᠢᠯᠡᠰ ᠤᠨ ᠬᠢᠵᠠᠭᠠᠷᠲᠤ ᠺᠣᠮᠫᠠᠨᠢ ᠳᠤ᠂ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠠᠭᠤᠷᠬᠠᠢ ᠶᠢᠨ ᠣᠷᠣᠨ ᠤ ᠵᠠᠰᠠᠯᠲᠠ ᠵᠢᠴᠢ ᠠᠮᠢ ᠠᠬᠤᠢ ᠶᠢᠨ | ᠰᠡᠷᠭᠦᠭᠡᠯᠲᠡ ᠶᠢ ᠨᠢᠭᠡ ᠴᠤᠬᠴᠠᠵᠢᠭᠤᠯᠤᠬᠰᠠᠨ ᠠᠬᠢᠴᠠ ᠶᠢᠨ ᠪᠠᠶᠢᠳᠠᠯ ᠢ ᠭᠦᠨᠵᠡᠭᠡᠢ ᠣᠶᠢᠯᠠᠭᠠᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠢᠯᠡᠷᠬᠡᠶᠢᠯᠡᠭᠰᠡᠨ ᠢᠶᠠᠷ᠂ ᠵᠦᠸᠧᠽᠢ ᠰᠢᠶᠠᠨ ᠤ ᠬᠢᠨ ᠬᠠᠳᠤᠨ | ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢᠨ | ᠪᠠᠶᠢᠯᠳᠤᠬᠤ ᠪᠤᠳᠤᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠥᠬᠡᠬᠤᠲᠠ ᠪᠤᠭᠤᠲᠤ ᠤᠷᠳᠤᠰ | ᠤᠯᠠᠭᠠᠨᠴᠠᠪ ᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠲᠤᠪᠠᠷ | ᠬᠠᠮᠠᠭᠠᠯᠠᠵᠤ ᠬᠠᠮᠲᠤᠪᠠᠷ ᠵᠠᠰᠠᠬᠤ ᠶᠢ ᠠᠬᠢᠭᠤᠯᠬᠤ︾ ᠬᠠᠷᠠᠯᠲᠠ ᠶᠢᠨ ᠲᠣᠭᠤᠷᠢᠨ ᠳᠤ᠂ ᠣᠷᠣᠨ ᠪᠦᠰᠡ ᠶᠢᠨ | ᠬᠠᠮᠵᠢᠯᠴᠠᠨ ᠵᠠᠰᠠᠬᠤ ᠶᠢ ᠴᠢᠩᠭᠠᠳᠬᠠᠵᠤ᠂ ᠤᠰᠤᠨ ᠤ ᠣᠷᠴᠢᠨ ᠲᠣᠭᠤᠷᠢᠨ᠂ ᠬᠥᠷᠥᠰᠥ ᠰᠢᠷᠣᠢ ᠪᠣᠯᠤᠨ ᠠᠭᠠᠷ | ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠮᠢ ᠠᠬᠤᠢ ᠶᠢᠨ | ᠬᠠᠮᠠᠭᠠᠯᠠᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ᠂ ᠠᠮᠢ ᠠᠬᠤᠢ ᠶᠢᠨ | ᠣᠷᠴᠢᠨ ᠲᠣᠭᠤᠷᠢᠨ ᠤ ᠵᠠᠰᠠᠯᠲᠠ ᠪᠣᠯᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠦᠨᠵᠡᠭᠡᠢ ᠠᠭᠤᠰᠤᠯᠴᠠᠯ ᠢ | ᠠᠬᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ | ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠪᠡ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ | |