ᠸᠠᠩ ᠳ᠋ᠠ ᠾᠧ ᠤᠰᠤ ᠠᠷᠪᠢᠯᠠᠬᠤ ᠠᠵᠢᠯᠯᠠᠭ᠎ᠠ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/3/20
    3 ᠰᠠᠷ᠎ᠠ ᠶᠢᠨ 17 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ᠂ ᠵᠦᠸᠧᠽᠢ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠳ᠋ᠠ ᠾᠧ ᠬᠡᠰᠡᠭ ᠰᠢᠶᠠᠩ ᠪᠠᠯᠭᠠᠰᠤ᠂ ᠨᠡᠶᠢᠭᠡᠮ ᠲᠣᠭᠤᠷᠢᠭ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ᠂ ᠠᠵᠤ ᠠᠬᠤᠶᠢᠯᠠᠯ ᠳᠤ ᠭᠦᠨᠵᠡᠭᠡᠶᠢᠷᠡᠨ ᠮᠠᠨ ᠤ ᠰᠢᠶᠠᠨ ᠤ ᠤᠰᠤ ᠠᠷᠪᠢᠯᠠᠬᠤ ᠠᠵᠢᠯᠯᠠᠭ᠎ᠠ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠳᠤ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠭᠤᠤ ᠰᠢᠤᠸᠠᠢ ᠹᠧᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    ᠸᠠᠩ ᠳ᠋ᠠ ᠾᠧ ᠵᠦᠸᠧᠽᠢ ᠱᠠᠨ ᠪᠠᠯᠭᠠᠰᠤᠨ ᠤ ᠵᠢᠷᠭᠤᠳᠤᠭᠠᠷ ᠰᠤᠮᠤ ᠲᠣᠰᠬᠤᠨ ᠳᠤ ᠭᠦᠨᠵᠡᠭᠡᠶᠢᠷᠡᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠤᠰ ᠲᠣᠰᠬᠤᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ᠂ ᠤᠰᠤ ᠠᠷᠪᠢᠯᠠᠵᠤ ᠤᠰᠤ ᠬᠢᠵᠠᠭᠠᠷᠯᠠᠬᠤ ᠵᠡᠷᠭᠡ ᠠᠵᠢᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠵᠢᠯᠣᠭᠤᠳᠬᠤ ᠴᠢᠨᠠᠷᠲᠠᠢ ᠰᠠᠨᠠᠯ ᠪᠠ ᠰᠠᠨᠠᠭᠤᠯᠭ᠎ᠠ ᠳᠤᠷᠠᠳᠪᠠ᠃ ᠲᠡᠷᠡ᠂ ︽ᠤᠰᠤ ᠠᠷᠪᠢᠯᠠᠬᠤ ᠠᠵᠢᠯᠯᠠᠭ᠎ᠠ︾ ᠶᠢ ᠯᠠᠪᠳᠠᠭᠤᠨ ᠪᠠᠲᠤᠲᠠᠢ ᠥᠷᠨᠢᠭᠦᠯᠵᠦ᠂ ︽ᠤᠰᠤ ᠪᠠᠷ ᠲᠦᠷᠪᠡ ᠶᠢ ᠲᠣᠭᠲᠠᠭᠠᠬᠤ︾ ᠵᠠᠷᠴᠢᠮ ᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠨᠵᠢᠯᠡᠬᠦ ᠤᠬᠠᠭᠠᠨᠴᠢ ᠪᠠᠷ ᠰᠢᠯᠢᠳᠡᠭᠵᠢᠭᠦᠯᠵᠦ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠠᠷᠢᠶᠠᠯᠠᠩ ᠤᠨ ᠤᠰᠤ ᠠᠷᠪᠢᠯᠠᠬᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠰᠤ ᠠᠷᠪᠢᠯᠠᠬᠤ ᠠᠵᠢᠯ ᠤᠨ ᠡᠮᠦᠨ᠎ᠡ ᠨᠢ ᠶᠠᠪᠤᠵᠤ᠂ ᠵᠢᠱᠢᠶ᠎ᠡ ᠦᠵᠡᠭᠦᠯᠬᠦ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠠᠵᠢᠯ ᠣᠯᠭᠤᠯᠲᠠ ᠶᠢᠨ ᠦᠢᠯᠡᠴᠢᠯᠡᠭᠡᠨ ᠤ ᠶᠡᠭᠡ ᠲᠢᠩᠬᠢᠮ ᠤᠨ ᠰᠤᠯᠠ ᠠᠵᠢᠯᠲᠠᠨ ᠤ ᠵᠠᠬ᠎ᠠ ᠳᠡᠯᠭᠡᠭᠦᠷ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ᠂ ᠵᠡᠭᠦᠨ ᠵᠡᠭᠡᠯᠢ ᠶᠢᠨ ᠨᠡᠶᠢᠭᠡᠮ ᠲᠣᠭᠤᠷᠢᠭ ᠤᠨ ︽ᠬᠡᠷ ᠤᠨ ᠡᠭᠦᠳᠡ︾ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠥᠷᠲᠡᠭᠡ ᠳᠤ᠂ ᠸᠠᠩ ᠳ᠋ᠠ ᠾᠧ ᠬᠠᠮᠢᠶ᠎ᠠ ᠪᠥᠬᠦᠶ ᠠᠵᠢᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠴᠤ᠂ ᠵᠣᠬᠢᠬᠤ ᠨᠠᠰᠤᠨ ᠤ ᠬᠥᠮᠦᠰ ᠤᠨ ᠠᠵᠢᠯ ᠣᠯᠭᠤᠯᠲᠠ ᠶᠢ ᠳᠠᠩᠰᠠᠯᠠᠬᠤ᠂ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠤᠨ ᠠᠷᠭ᠎ᠠ ᠮᠠᠶ᠋ᠢᠭ᠂ ᠴᠠᠯᠢᠩ ᠬᠥᠯᠥᠰᠥ ᠶᠢᠨ ᠪᠠᠲᠤᠯᠠᠭ᠎ᠠ ᠶᠢᠨ ᠵᠠᠭᠪᠤᠷ ᠵᠢᠴᠢ ᠠᠷᠠᠳ ᠲᠤ ᠲᠥᠬᠦᠮ ᠦᠵᠡᠭᠦᠯᠬᠦ ᠴᠣᠩᠬᠤ ᠳᠣᠭᠢᠷᠠᠭᠤᠯᠬᠤ᠂ ᠬᠡᠷᠡᠭ ᠶᠠᠪᠤᠳᠠᠯ ᠤᠨ ᠣᠷᠣᠵᠤ ᠰᠠᠭᠤᠬᠤ᠂ ᠡᠯ᠎ᠡ ᠴᠢᠳᠠᠮᠵᠢᠳᠤ ᠣᠷᠣᠨ ᠤ ᠬᠠᠮᠢᠶᠠᠷᠤᠯᠲᠠ ᠠᠵᠢᠯᠯᠠᠭᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠸᠠᠩ ᠳ᠋ᠠ ᠾᠧ ᠠᠴᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠠᠨ ᠲᠦᠮᠡᠨ ᠳᠤ ᠦᠢᠯᠡᠴᠢᠯᠡᠬᠦ᠂ ᠠᠵᠤ ᠠᠬᠤᠶᠢᠯᠠᠯ ᠳᠤ ᠦᠢᠯᠡᠴᠢᠯᠡᠬᠦ ᠪᠠᠷ ᠦᠨᠳᠦᠰᠦᠨ ᠵᠣᠭᠰᠣᠴᠠ ᠪᠣᠯᠭᠠᠬᠤ ᠶᠢ ᠪᠠᠷᠢᠮᠲᠠᠯᠠᠵᠤ᠂ ᠠᠵᠢᠯ ᠶᠠᠪᠤᠳᠠᠯ ᠭᠦᠢᠴᠡᠳᠬᠡᠬᠦ ᠶᠠᠪᠤᠴᠠ ᠶᠢ ᠬᠦᠴᠦᠯᠡᠨ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ︽ᠵᠣᠬᠢᠶᠠᠮᠠᠯ ᠤᠶᠤᠨ ᠴᠢᠳᠠᠪᠤᠷᠢ︾᠂ ︽ᠲᠣᠭᠠᠴᠢᠯᠠᠭᠰᠠᠨ ᠴᠢᠳᠠᠪᠤᠷᠢ ᠣᠯᠭᠤᠬᠤ︾ ᠵᠡᠷᠭᠡ ᠤᠶᠤᠨᠴᠢᠯᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠠᠷᠭ᠎ᠠ ᠵᠠᠮ᠂ ᠰᠢᠨ᠎ᠡ ᠠᠷᠭ᠎ᠠ ᠬᠡᠯᠪᠡᠷᠢ ᠶᠢ ᠢᠳᠡᠪᠬᠢᠲᠡᠢ ᠰᠦᠪᠡᠭᠴᠢᠯᠡᠵᠦ᠂ ᠳᠥᠭᠦᠮ ᠲᠦᠷᠭᠡᠨ᠂ ᠡᠷᠬᠡ ᠲᠡᠭᠰᠢ ᠲᠦᠭᠡᠮᠡᠯ ᠬᠠᠷᠠᠭᠠᠯᠵᠠᠯ ᠲᠠᠢ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠢ ᠲᠠᠬᠢᠨ ᠰᠢᠯᠢᠳᠡᠭᠵᠢᠭᠦᠯᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠢᠯᠡᠴᠢᠯᠡᠭᠡᠨ ᠤ ᠴᠢᠳᠠᠪᠬᠢ ᠶᠢ ᠦᠷᠭᠦᠯᠵᠢᠯᠡᠨ ᠥᠷᠭᠡᠳᠬᠡᠵᠦ᠂ ᠱᠠᠳᠤᠴᠢ ᠴᠢᠨᠠᠷᠲᠠᠢ ᠣᠨᠴᠠᠯᠢᠭ ᠪᠣᠯᠤᠨ ᠠᠵᠢᠯ ᠣᠯᠭᠤᠯᠲᠠ ᠶᠢᠨ ᠬᠤᠪᠢᠷᠠᠯᠲᠠ ᠶᠢᠨ ᠬᠠᠨᠳᠤᠰᠢ ᠶᠢ ᠣᠨᠣᠪᠴᠢᠲᠠᠢ ᠡᠵᠡᠮᠳᠡᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠠᠨ ᠳᠡᠭᠡᠭᠰᠢᠯᠡᠭᠦᠯᠬᠦ ᠪᠣᠯᠪᠠᠰᠤᠷᠠᠯ ᠢ ᠴᠢᠩᠭᠠᠳᠬᠠᠵᠤ᠂ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢᠨ ᠡᠷᠴᠢᠮ ᠪᠣᠯᠤᠨ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠬᠥᠳᠡᠯᠮᠦᠷᠢᠴᠢᠳ ᠪᠣᠯᠤᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢᠨ ᠲᠤᠬᠢᠷᠠᠭᠤᠯᠭ᠎ᠠ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠠᠵᠢᠯ ᠣᠯᠭᠤᠯᠲᠠ ᠶᠢᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ᠂ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠬᠤ ᠬᠡᠷᠡᠭᠲᠡᠢ᠃    ᠥᠪᠥᠷ ᠮᠣᠩᠭᠤᠯ ᠤᠨ ᠬᠤᠸᠠ ᠢ ᠵᠦᠸᠧᠽᠢ ᠢᠯᠴᠢ ᠴᠠᠬᠢᠯᠭᠠᠨ ᠤ ᠬᠢᠵᠠᠭᠠᠷᠲᠤ ᠺᠣᠮᠫᠠᠨᠢ ᠳᠤ᠂ ᠸᠠᠩ ᠳ᠋ᠠ ᠾᠧ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠳᠡᠭᠡᠷ᠎ᠡ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠵᠤ ᠠᠬᠤᠶᠢᠯᠠᠯ ᠤᠨ ᠣᠳᠣᠬᠠᠨ ᠤ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠪᠣᠯᠤᠨ ᠰᠢᠨ᠎ᠡ ᠡᠨᠧᠷᠭᠢ ᠪᠠᠷ ᠢᠯᠴᠢ ᠬᠠᠩᠭᠠᠬᠤ ᠰᠢᠨ᠎ᠡ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠬᠠᠷᠢᠭᠤ ᠮᠡᠳᠡᠭᠦᠯᠵᠡᠢ᠃ ᠬᠤᠶᠠᠷ ᠲᠠᠯ᠎ᠠ ᠪᠠᠷ ᠢᠶᠠᠨ ᠲᠤᠰ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠬᠠᠮᠵᠢᠯᠴᠠᠨ ᠠᠬᠢᠭᠤᠯᠬᠤ ᠵᠡᠷᠭᠡ ᠠᠵᠢᠯ ᠤᠨ ᠲᠤᠬᠠᠢ ᠰᠠᠨᠠᠯ ᠢᠶᠠᠨ ᠰᠣᠯᠢᠯᠴᠠᠨ ᠶᠠᠷᠢᠯᠴᠠᠪᠠ᠃ ᠸᠠᠩ ᠳ᠋ᠠ ᠾᠧ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠵᠢᠯ ᠤᠨ ᠬᠠᠷᠠᠯᠲᠠ ᠪᠠᠨ ᠲᠣᠳᠣᠷᠬᠠᠶᠢᠯᠠᠵᠤ᠂ ᠢᠲᠡᠭᠡᠯ ᠵᠣᠷᠢᠭ ᠢᠶᠠᠨ ᠬᠥᠪᠴᠢᠯᠡᠵᠦ᠂ ᠪᠦᠬᠦ ᠬᠦᠴᠦᠨ ᠢᠶᠠᠷ ᠢᠶᠠᠨ ᠰᠢᠨ᠎ᠡ ᠡᠨᠧᠷᠭᠢ ᠪᠠᠷ ᠢᠯᠴᠢ ᠬᠠᠩᠭᠠᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠳᠡᠮᠵᠢᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠳᠤ ᠰᠠᠶᠢᠨ ᠰᠠᠶᠢᠬᠠᠨ ᠨᠥᠬᠦᠴᠡᠯ ᠡᠭᠦᠳᠴᠦ᠂ ᠲᠦᠷᠦᠯ ᠵᠦᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠤᠨ ᠪᠠᠶᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠰᠢᠶᠠᠨ ᠤ ᠤᠰᠤᠨ ᠠᠰᠢᠭᠯᠠᠯᠲᠠ᠂ ᠠᠵᠢᠯ ᠣᠯᠭᠤᠯᠲᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠪᠤᠶᠤ ᠶᠠᠷᠢᠯᠴᠠᠬᠤ ᠬᠤᠷᠠᠯ ᠳᠤ ᠣᠷᠣᠯᠴᠠᠪᠠ᠃        ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ    
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2